ᠪᠤᠭᠤᠲᠤ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠶ᠎ᠠ  — ᠮᠠᠨ ᠤ ᠬᠤᠲᠠ ᠶᠢᠨ ᠤᠯᠤᠰ ᠤᠨ ᠲᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠭᠤᠶᠤᠴᠢᠯᠠᠨ ᠮᠡᠳᠡᠭᠦᠯᠦᠭᠰᠡᠨ ᠲᠤᠭ᠎ᠠ ᠬᠡᠮᠵᠢᠶ᠎ᠡ ᠳᠠᠬᠢᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2025/4/23
        ᠣᠶᠢᠷ᠎ᠠ ᠳᠤ᠂ ᠮᠠᠨ ᠤ ᠬᠤᠲᠠ 2025 ᠣᠨ ᠤ ᠤᠯᠤᠰ ᠤᠨ ᠲᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠠᠵᠢᠯ ᠳᠤᠮᠳᠠ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠭᠤᠶᠤᠴᠢᠯᠠᠨ ᠮᠡᠳᠡᠭᠦᠯᠦᠭᠰᠡᠨ ᠲᠤᠭ᠎ᠠ 14 ᠵᠦᠢᠯ ᠳᠤ ᠬᠦᠷᠴᠦ᠂ ᠥᠩᠭᠡᠷᠡᠭᠰᠡᠨ ᠤ ᠵᠢᠯ ᠤᠨ ᠬᠢ ᠠᠴᠠ ᠶᠡᠭᠡ ᠬᠡᠮᠵᠢᠶ᠎ᠡ ᠪᠠᠷ ᠨᠡᠮᠡᠭᠳᠡᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃        ᠭᠤᠶᠤᠴᠢᠯᠠᠨ ᠮᠡᠳᠡᠭᠦᠯᠬᠦ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠥᠷᠨᠢᠬᠦ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠲᠠᠩᠰᠠ ᠡᠪᠬᠡᠮᠡᠯ ᠤᠨ ᠲᠣᠪᠴᠢᠶ᠎ᠠ᠂ ᠲᠠᠩᠰᠠ ᠡᠪᠬᠡᠮᠡᠯ ᠤᠨ ᠣᠷᠳᠣᠨ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠢᠭᠡᠳᠦᠯᠲᠡᠶ ᠲᠥᠯᠥᠪᠯᠡᠨ ᠠᠷᠭ᠎ᠠ ᠰᠦᠪᠡᠭᠴᠢᠯᠡᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠭᠡᠨ ᠢᠶᠠᠷ ᠤᠬᠠᠭᠤᠯᠬᠤ ᠪᠠ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠡᠯ᠎ᠡ ᠱᠠᠲᠤᠨ ᠤ ᠲᠠᠩᠰᠠ ᠡᠪᠬᠡᠮᠡᠯ ᠤᠨ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠢᠳᠡᠪᠬᠢᠲᠡᠶ ᠳᠠᠶᠢᠴᠢᠯᠠᠨ ᠭᠤᠶᠤᠴᠢᠯᠠᠨ ᠮᠡᠳᠡᠭᠦᠯᠬᠦ ᠳᠤ ᠣᠷᠣᠯᠴᠠᠭᠤᠯᠵᠤ᠂ ᠬᠠᠮᠢᠶ᠎ᠠ ᠪᠥᠬᠦᠶ ᠨᠢᠭᠡᠴᠢ ᠳᠤ ᠪᠥᠬᠦ ᠲᠠᠯ᠎ᠠ ᠶᠢᠨ ᠦᠢᠯᠡᠴᠢᠯᠡᠭᠡ ᠪᠠ ᠳᠡᠮᠵᠢᠯᠭᠡ ᠬᠠᠩᠭᠠᠪᠠ ᠃ ᠲᠣᠰ ᠤᠳᠠᠭᠠᠨ ᠤ ᠭᠤᠶᠤᠴᠢᠯᠠᠨ ᠮᠡᠳᠡᠭᠦᠯᠬᠦ ᠠᠵᠢᠯ ᠨᠢ ᠪᠥᠬᠦ ᠬᠤᠲᠠ ᠶᠢᠨ ᠲᠠᠩᠰᠠ ᠡᠪᠬᠡᠮᠡᠯ ᠤᠨ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠢ ᠣᠯᠵᠤ ᠢᠳᠡᠪᠬᠢᠲᠡᠶ ᠣᠷᠣᠯᠴᠠᠵᠠᠶ᠃ ᠭᠤᠶᠤᠴᠢᠯᠠᠨ ᠮᠡᠳᠡᠭᠦᠯᠬᠦ ᠲᠥᠷᠥᠯ ᠵᠦᠢᠯ ᠨᠢ ᠲᠣᠭᠠᠴᠢᠯᠠᠭᠰᠠᠨ ᠲᠠᠩᠰᠠ ᠡᠪᠬᠡᠮᠡᠯ ᠤᠨ ᠡᠬᠢ ᠪᠠᠶᠠᠯᠢᠭ ᠢ ᠭᠦᠨᠵᠡᠭᠡᠶ ᠨᠡᠭᠡᠭᠡᠨ ᠠᠰᠢᠭᠯᠠᠬᠤ ᠪᠠ ᠠᠰᠢᠭᠯᠠᠬᠤ᠂ ᠲᠠᠩᠰᠠ ᠡᠪᠬᠡᠮᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠲᠠᠩᠰᠠ ᠡᠪᠬᠡᠮᠡᠯ ᠤᠨ ᠬᠠᠮᠠᠭᠠᠯᠠᠯᠲᠠ ᠶᠢᠨ ᠮᠡᠷᠭᠡᠵᠢᠯ ᠤᠨ ᠰᠢᠨ᠎ᠡ ᠶᠢ ᠡᠭᠦᠳᠬᠦ᠂ ᠲᠠᠩᠰᠠ ᠡᠪᠬᠡᠮᠡᠯ ᠤᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠵᠡᠷᠭᠡ ᠣᠯᠠᠨ ᠵᠠᠩᠭᠢᠯᠠᠭ᠎ᠠ ᠶᠢᠨ ᠬᠦᠷᠢᠶ᠎ᠡ ᠶᠢ ᠬᠠᠮᠤᠷᠴᠤ᠂ ᠲᠣᠭᠠᠴᠢᠯᠠᠭᠰᠠᠨ ᠬᠡᠯᠪᠡᠷᠢ ᠪᠠᠨ ᠬᠤᠪᠢᠷᠠᠭᠤᠯᠤᠭᠰᠠᠨ ᠠᠬᠤᠶ ᠪᠠᠶᠢᠳᠠᠯ ᠳᠣᠣᠷᠠᠬᠢ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠰᠢᠨ᠎ᠡ ᠵᠠᠭᠪᠤᠷ᠂ ᠰᠢᠨ᠎ᠡ ᠮᠡᠷᠭᠡᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠳᠠᠮᠵᠢᠭᠤᠯᠤᠨ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠵᠠᠩᠭᠢᠯᠠᠭ᠎ᠠ ᠶᠢᠨ ᠭᠤᠭᠴᠤᠭ᠎ᠠ ᠪᠠ ᠭᠤᠤᠯ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠨᠢᠭᠲᠠ ᠬᠠᠮᠵᠢᠯᠴᠠᠬᠤ ᠶᠢᠨ ᠲᠦᠯᠦᠭᠡ ᠪᠠᠶᠢᠵᠤ᠂ ᠮᠠᠰᠢ ᠴᠢᠩᠭ᠎ᠠ ᠰᠢᠨ᠎ᠡ ᠶᠢ ᠡᠭᠦᠳᠬᠦ ᠴᠢᠨᠠᠷ᠂ ᠬᠡᠷᠡᠭᠯᠡᠭᠡᠨ ᠤ ᠴᠢᠨᠠᠷ ᠪᠠ ᠪᠠᠷᠠᠭᠠᠯᠬᠢᠯᠠᠯᠳᠤ ᠴᠢᠨᠠᠷ ᠲᠠᠢ ᠶᠤᠮ᠃ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠢᠷᠡᠭᠡᠳᠦᠢ ᠶᠢ ᠬᠥᠲᠥᠯᠥᠨ ᠳᠠᠭᠠᠭᠤᠯᠤᠨ᠎ᠠ᠃ ᠲᠣᠰ ᠤᠳᠠᠭᠠᠨ ᠤ ᠤᠯᠤᠰ ᠤᠨ ᠲᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠦᠭᠰᠡᠨ ᠲᠤᠭ᠎ᠠ ᠬᠡᠮᠵᠢᠶ᠎ᠡ ᠳᠠᠬᠢᠨ ᠰᠢᠨ᠎ᠡ ᠲᠡᠮᠳᠡᠭᠯᠡᠯ ᠢ ᠡᠭᠦᠳᠦᠭᠰᠡᠨ ᠨᠢ ᠮᠠᠨ ᠤ ᠬᠤᠲᠠ ᠶᠢᠨ ᠲᠠᠩᠰᠠ ᠡᠪᠬᠡᠮᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠨ ᠳᠠᠬᠢ ᠭᠦᠨ ᠵᠤᠵᠠᠭᠠᠨ ᠰᠠᠭᠤᠷᠢ ᠪᠠ ᠬᠦᠴᠦᠷᠬᠡᠭ ᠶᠡᠭᠡ ᠪᠣᠳᠠᠲᠤ ᠬᠦᠴᠦᠨ ᠢ ᠭᠦᠢᠴᠡᠳ ᠢᠯᠡᠷᠡᠭᠦᠯᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号