ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠶᠠᠪᠤᠳᠠᠯ ᠨᠢ ᠠᠵᠤ | ᠠᠬᠤᠶᠢᠯᠠᠯ ᠤᠳ ᠤᠨ ᠲᠤᠰ ᠪᠡᠶ᠎ᠡ ᠶᠢᠨ ᠬᠢᠨᠢ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠂ ᠠᠵᠤ ᠠᠬᠤᠶᠢᠯᠠᠯ | ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ | ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠣᠶᠢᠷ᠎ᠠ ᠳᠤ᠂ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ | ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠪᠠ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ | ᠬᠤᠶᠢᠨ᠎ᠠ ᠲᠤᠰᠬᠠᠢ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ | ᠳᠥᠷᠪᠡᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ | ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠬᠦ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠂ ᠬᠠᠮᠲᠤ ᠪᠠᠷ ᠣᠶᠢᠯᠠᠭᠠᠵᠠᠭᠠᠶ᠎ᠠ︕ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ | ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠲᠤᠬᠠᠢ ᠵᠢᠯᠤᠭᠤᠳᠬᠤ ᠰᠠᠨᠠᠯ︾ ᠳᠤ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ | ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠪᠡ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠄ ᠲᠣᠭᠲᠠᠭᠠᠯ ᠠᠴᠠ | ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶᠢᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠢᠯᠡᠷᠡᠭᠦᠯᠪᠡᠯ ᠬᠦᠴᠦᠨ ᠦᠭᠡᠢ ᠪᠣᠯᠭᠠᠪᠠᠰᠤ ᠵᠣᠬᠢᠬᠤ ᠰᠦᠢᠳᠬᠡᠯ ᠬᠤᠷᠢᠶᠠᠬᠤ ᠲᠥᠷᠥᠯ ᠵᠦᠢᠯ ᠢ ᠨᠢ ᠡᠷᠡᠰ | ᠰᠢᠭᠤᠷᠬᠠᠢ ᠪᠠᠷ ᠬᠦᠴᠦᠨ ᠦᠭᠡᠢ ᠪᠣᠯᠭᠠᠵᠤ᠂ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤᠨ ᠳᠤ | ᠣᠷᠣᠭᠤᠯᠪᠠᠰᠤ ᠵᠣᠬᠢᠬᠤ ᠶᠢ ᠨᠢ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠯ ᠠᠴᠠ | ᠵᠥᠷᠢᠴᠡᠨ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠵᠤ᠂ ᠡᠭᠦᠰᠦᠮᠡᠯ ᠴᠢᠨᠠᠷᠲᠠᠢ ᠵᠠᠭᠤᠴᠢ ᠦᠢᠯᠡᠴᠢᠯᠡᠭᠡᠨ ᠤ | ᠰᠦᠢᠳᠬᠡᠯ ᠬᠤᠷᠢᠶᠠᠬᠤ᠂ ᠡᠯᠧᠺᠲᠷᠤᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠬᠡᠯ ᠬᠤᠷᠢᠶᠠᠬᠤ ᠵᠡᠷᠭᠡ | ᠠᠰᠠᠭᠤᠳᠠᠯ ᠭᠠᠷᠬᠤ ᠶᠢ ᠴᠢᠩᠭ᠎ᠠ ᠰᠡᠷᠭᠡᠶᠢᠯᠡᠨ᠎ᠡ | ᠥᠨᠥ ᠵᠢᠯ᠂ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠰᠡᠳ ᠢᠶᠠᠨ ᠲᠣᠭᠲᠠᠭᠠᠬᠤ᠂ ᠪᠠᠷᠢᠮᠵᠢᠶ᠎ᠠ ᠠᠴᠠ | ᠬᠡᠲᠦᠷᠡᠭᠦᠯᠦᠨ ᠰᠦᠢᠳᠬᠡᠯ ᠬᠤᠷᠢᠶᠠᠬᠤ᠂ ᠪᠤᠰᠤᠳ ᠢᠶᠠᠷ ᠲᠤᠰᠢᠶᠠᠯᠭᠠᠬᠤ ᠰᠦᠢᠳᠬᠡᠯ ᠵᠡᠷᠭᠡ ᠠᠰᠠᠭᠤᠳᠠᠯ ᠢ | ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ | ᠡᠳ᠋ ᠤᠨ ᠵᠠᠰᠠᠭ ᠤᠨ ᠶᠠᠮᠤᠨ᠄ | 2013 ᠣᠨ ᠠᠴᠠ ᠨᠠᠭᠠᠰᠢ᠂ ᠲᠥᠪ ᠤᠨ ᠲᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ | ᠴᠢᠨᠠᠷᠲᠠᠢ ᠬᠤᠷᠢᠶᠠᠵᠤ ᠪᠠᠶᠢᠭᠰᠠᠨ 185 ᠵᠦᠢᠯ ᠤᠨ ᠰᠦᠢᠳᠬᠡᠯ ᠢ ᠴᠥᠭᠡᠳᠬᠡᠭᠡᠳ 50 ᠵᠦᠢᠯ ᠪᠣᠯᠭᠠᠨ ᠬᠠᠰᠤᠵᠤ᠂ | 73% ᠪᠠᠷ ᠪᠠᠭᠠᠰᠬᠠᠪᠠ ᠃ ᠫᠣᠷᠲ᠋ᠠᠯ ᠰᠦᠯᠵᠢᠶ᠎ᠡ ᠳᠤ ᠨᠡᠶᠢᠲᠡᠯᠡᠭᠰᠡᠨ ᠢᠶᠠᠷ ᠪᠣᠯ ᠪᠦᠬᠦ ᠤᠯᠤᠰ ᠤᠨ ᠵᠠᠰᠠᠭ ᠤᠨ | ᠣᠷᠳᠣᠨ ᠤ ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ | ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠬᠡᠯ ᠰᠦᠯᠵᠢᠶ᠎ᠡ ᠪᠠᠷ ᠨᠡᠶᠢᠲᠡᠯᠡᠨ᠎ᠡ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠶᠢᠨ ᠭᠠᠷᠴᠠᠭ ᠤᠨ ᠲᠣᠳᠣᠷᠬᠠᠢ | ᠬᠠᠭᠤᠳᠠᠰᠤ ᠶᠢᠨ ᠠᠭᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠪᠡᠯᠡᠨ ᠵᠣᠭᠤᠰ ᠢᠶᠠᠷ ᠪᠠᠲᠤᠯᠠᠬᠤ ᠶᠢ | ᠪᠠᠲᠤᠯᠠᠭ᠎ᠠ ᠶᠢᠨ ᠪᠢᠴᠢᠭ ︵ᠳᠠᠭᠠᠳᠬᠠᠯ︶ ᠢᠶᠠᠷ ᠣᠷᠣᠯᠠᠭᠤᠯᠬᠤ ᠬᠡᠪᠴᠢᠶ᠎ᠡ ᠪᠠᠨ ᠥᠷᠭᠡᠳᠬᠡᠨ᠎ᠡ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠶᠢ ᠨᠢ | ᠵᠢᠷᠤᠮᠵᠢᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ 2025 ᠣᠨ ᠤ ᠪᠥᠬᠦ ᠤᠯᠤᠰ ᠲᠠᠬᠢ ᠠᠵᠤ ᠠᠬᠤᠶᠢᠯᠠᠯ ᠤᠨ | ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠨᠡᠶᠢᠲᠡᠯᠡᠨ᠎ᠡ |