ᠬᠠᠩᠰᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠬᠡᠪ ᠵᠠᠩᠰᠢᠯ ᠢ ᠦᠭᠡᠷᠡᠴᠢᠯᠡᠬᠦ ᠶᠢ | ᠰᠠᠨᠠᠭᠠᠴᠢᠯᠠᠵᠤ ᠂ ᠠᠭᠤᠯᠠᠨ ᠣᠢ ᠶᠢᠨ ᠭᠠᠯ ᠤᠨ ᠠᠶᠤᠯ ᠢ ᠰᠡᠷᠭᠡᠶᠢᠯᠡᠬᠦ ᠶᠢᠨ ᠲᠥᠯᠥᠭᠡ᠂ ᠰᠢᠭᠤᠶᠢᠲᠤ ᠵᠡᠭᠡᠯᠢ | ᠭᠤᠳᠤᠮᠵᠢ ᠶᠢᠨ ᠬᠢᠨ ᠦᠨᠳᠦᠰᠦᠨ ᠱᠠᠲᠤᠨ ᠤ ᠲᠣᠣᠷᠴᠢᠯᠠᠭᠰᠠᠨ ᠵᠠᠰᠠᠯᠲᠠ ᠶᠢᠨ ᠲᠣᠭᠲᠠᠯᠴᠠᠭ᠎ᠠ ᠳᠤ ᠲᠦᠰᠢᠭᠯᠡᠨ ᠂ | ᠲᠣᠣᠷᠵᠢᠯ ᠤᠨ ᠬᠦᠴᠦᠨ ᠢ ᠳᠠᠶᠢᠴᠢᠯᠠᠨ ᠪᠣᠯᠪᠠᠰᠤᠨ ᠲᠠᠬᠢᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ | ᠦᠨᠳᠦᠰᠦᠨ ᠱᠠᠲᠤᠨ ᠤ ᠵᠠᠰᠠᠯᠲᠠ ᠶᠢᠨ ︽ ᠪᠠᠲᠤ ᠭᠤᠷᠪᠠᠯᠵᠢᠨ ︾ ᠤ ᠤᠬᠠᠭᠤᠯᠤᠨ ᠲᠠᠶᠢᠯᠪᠤᠷᠢᠯᠠᠬᠤ ᠂ | ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠂ ᠬᠠᠷᠢᠶᠠᠲᠤ ᠲᠣᠭᠤᠷᠢᠭ ᠤᠨ ᠷᠠᠳᠢᠤ᠋ ᠨᠡᠪᠲᠡᠷᠡᠭᠦᠯᠭᠡ ᠪᠠᠷ ᠤᠬᠠᠭᠤᠯᠤᠨ | ᠲᠠᠢᠯᠪᠤᠷᠢᠯᠠᠯᠲᠠ ᠬᠢᠬᠦ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ | ᠮᠠᠶᠢᠭ ᠢᠶᠠᠷ ᠳᠠᠮᠵᠢᠭᠤᠯᠤᠨ᠂ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠤᠬᠠᠮᠰᠠᠷ ᠢ | ᠴᠢᠩᠭᠠᠳᠬᠠᠵᠤ ᠂ ᠬᠤᠲᠠ ᠬᠥᠳᠡᠭᠡ ᠶᠢᠨ ᠠᠭᠤᠯᠵᠠᠷ ᠭᠠᠵᠠᠷ ᠤᠨ ᠠᠭᠤᠯᠠᠨ ᠣᠢ ᠶᠢᠨ ᠠᠮᠤᠷ ᠲᠦᠪᠰᠢᠨ ᠢ | ᠬᠠᠮᠲᠤ ᠪᠠᠷ ᠰᠠᠬᠢᠨ ᠬᠠᠮᠠᠭᠠᠯᠠᠪᠠ᠃ | | ᠠᠵᠢᠯᠯᠠᠭ᠎ᠠ ᠶᠢᠨ ᠳᠤᠮᠳᠠ᠂ ᠠᠵᠢᠯᠲᠠᠳ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ᠂ ᠭᠤᠤᠯ ᠪᠣᠯᠬᠤ | ᠵᠠᠮ ᠤᠨ ᠠᠭᠤᠯᠵᠠᠷ ᠵᠡᠷᠭᠡ ᠬᠥᠮᠦᠨ ᠤ ᠤᠷᠤᠰᠬᠠᠯ ᠨᠡᠯᠢᠶᠡᠳ ᠠᠷᠪᠢᠨ ᠭᠠᠵᠠᠷ ᠲᠤ ᠭᠦᠨᠵᠡᠭᠡᠶᠢᠷᠡᠵᠦ᠂ ᠰᠠᠭᠤᠭᠠᠯᠢ | ᠠᠷᠠᠳ ᠣᠯᠠᠨ ᠳᠤ ᠣᠶ ᠰᠢᠭᠤᠶ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ ᠭᠠᠷ ᠳᠡᠪᠲᠡᠷ᠂ ᠰᠠᠨᠠᠭᠠᠴᠢᠯᠠᠭ᠎ᠠ ᠶᠢᠨ | ᠪᠢᠴᠢᠭ ᠵᠡᠷᠭᠡ ᠮᠠᠲ᠋ᠧᠷᠢᠶᠠᠯ ᠢ ᠲᠠᠷᠬᠠᠭᠠᠵᠤ᠂ ᠣᠶ ᠰᠢᠭᠤᠶ ᠶᠢᠨ ᠭᠠᠯ ᠤᠨ ᠠᠶᠤᠯ ᠤᠨ ᠬᠤᠤᠷ ᠬᠥᠨᠥᠭᠡᠯ᠂ ᠣᠶ | ᠰᠢᠭᠤᠶ ᠶᠢᠨ ᠭᠠᠯ ᠤᠨ ᠠᠶᠤᠯ ᠢ ᠪᠣᠢ ᠪᠣᠯᠭᠠᠭᠰᠠᠨ ᠪᠠᠶᠢᠩᠭᠤ ᠲᠣᠬᠢᠶᠠᠯᠳᠤᠬᠤ ᠰᠢᠯᠲᠠᠭᠠᠨ ᠵᠢᠴᠢ ᠣᠶ ᠰᠢᠭᠤᠶ ᠶᠢᠨ | ᠭᠠᠯ ᠰᠡᠷᠭᠡᠶᠢᠯᠡᠬᠦ ᠶᠢᠨ ᠴᠢᠬᠤᠯᠠ ᠴᠢᠨᠠᠷ ᠢ ᠨᠠᠷᠢᠨ ᠲᠠᠶᠢᠯᠪᠤᠷᠢᠯᠠᠵᠠᠢ᠃ ᠡᠭᠦᠨ ᠤ ᠬᠠᠮᠲᠤ᠂ ᠠᠵᠢᠯᠲᠠᠳ ᠪᠠᠰᠠ | ᠪᠣᠳᠠᠲᠤ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠰᠠᠭᠤᠭᠠᠯᠢ ᠠᠷᠠᠳ ᠲᠤ ᠡᠳᠦᠷ ᠲᠤᠲᠤᠮ ᠤᠨ ᠠᠮᠢᠳᠤᠷᠠᠯ ᠤᠨ | ᠳᠤᠮᠳᠠ ᠣᠶ ᠰᠢᠭᠤᠶ ᠶᠢᠨ ᠭᠠᠯ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠡᠷᠬᠢᠨ ᠰᠠᠶᠢᠲᠤᠷ ᠬᠢᠬᠦ ᠲᠤᠬᠠᠶ | ᠲᠦᠭᠡᠮᠡᠯᠵᠢᠭᠦᠯᠪᠡ ᠂ ᠵᠢᠱᠢᠶᠡᠯᠡᠪᠡᠯ ᠪᠣᠯᠪᠠᠰᠤᠨ ᠲᠠᠬᠢᠯᠭ᠎ᠠ ᠬᠢᠬᠦ ᠂ ᠰᠢᠭᠤᠢ ᠶᠢᠨ ᠣᠷᠣᠨ ᠳᠤ ᠲᠠᠮᠠᠬᠢ ᠲᠠᠲᠠᠬᠤ ᠥᠬᠡᠶ | ᠵᠡᠷᠭᠡ ᠃ | ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠠᠵᠢᠯᠲᠠᠳ ᠪᠠᠰᠠ | ᠤᠬᠠᠭᠤᠯᠭ᠎ᠠ ᠶᠢᠨ ᠪᠦᠷᠢᠶ᠎ᠡ ᠶᠢ ᠠᠰᠢᠭᠯᠠᠨ᠂ ᠡᠯ᠎ᠡ ᠭᠤᠳᠤᠮᠵᠢ ᠪᠠᠷ ᠣᠶ ᠰᠢᠭᠤᠶ ᠶᠢᠨ ᠭᠠᠯ ᠰᠡᠷᠭᠡᠶᠢᠯᠡᠬᠦ ᠬᠠᠮᠢᠶ᠎ᠠ | ᠪᠥᠬᠦᠶ ᠮᠡᠳᠡᠯᠭᠡ ᠪᠠ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠡᠷᠭᠢᠯᠳᠦᠭᠦᠯᠦᠨ ᠨᠡᠪᠲᠡᠷᠡᠭᠦᠯᠵᠦ᠂ ᠣᠶ | ᠰᠢᠭᠤᠶ ᠶᠢᠨ ᠭᠠᠯ ᠰᠡᠷᠭᠡᠶᠢᠯᠡᠬᠦ ᠲᠠᠭᠤᠨ ᠢ ᠨᠡᠶᠢᠭᠡᠮ ᠲᠣᠭᠤᠷᠢᠭ ᠤᠨ ᠥᠨᠴᠥᠭ ᠪᠤᠯᠤᠩ ᠨᠢᠭᠡᠪᠦᠷᠢ ᠳᠤ ᠳᠠᠮᠵᠢᠭᠤᠯᠪᠠ᠃ | ᠡᠭᠦᠨ ᠠᠴᠠ ᠭᠠᠳᠠᠨ᠎ᠠ᠂ ᠠᠵᠢᠯᠲᠠᠳ ᠪᠠᠰᠠ ᠰᠠᠭᠤᠭᠠᠯᠢ ᠠᠷᠠᠳ ᠤᠨ ᠬᠡᠷ ᠲᠤ ᠭᠦᠨᠵᠡᠭᠡᠶᠢᠷᠡᠵᠦ᠂ ᠨᠢᠭᠤᠷᠲᠠᠨ | ᠤᠬᠠᠭᠤᠯᠪᠠ ᠂ ᠣᠨᠴᠠᠭᠠᠶᠢᠯᠠᠨ ᠨᠠᠰᠤᠲᠠᠶᠢᠴᠤᠳ᠂ ᠬᠡᠤᠬᠡᠳ ᠵᠡᠷᠭᠡ ᠭᠤᠤᠯᠳᠠᠯᠭ᠎ᠠ ᠪᠣᠯᠬᠤ ᠬᠥᠮᠦᠰ ᠲᠤ ᠣᠶ | ᠰᠢᠭᠤᠶ ᠶᠢᠨ ᠭᠠᠯ ᠰᠡᠷᠭᠡᠶᠢᠯᠡᠯᠲᠡ ᠶᠢᠨ ᠠᠩᠬᠠᠷᠬᠤ ᠵᠦᠢᠯᠡᠰ ᠢ ᠬᠦᠯᠢᠴᠡᠩᠭᠦᠶ ᠪᠠᠷ ᠲᠠᠶᠢᠯᠪᠤᠷᠢᠯᠠᠨ ᠥᠭᠴᠦ᠂ ᠭᠠᠯ | ᠬᠡᠷᠡᠭᠯᠡᠬᠦ ᠠᠮᠤᠷ ᠲᠦᠪᠰᠢᠨ ᠢ ᠴᠠᠭ ᠢᠮᠠᠭᠲᠠ ᠠᠩᠬᠠᠷᠬᠤ ᠬᠡᠷᠡᠭᠲᠡᠶ ᠭᠡᠵᠦ ᠲᠡᠳᠡᠨ ᠳᠤ ᠰᠠᠨᠠᠭᠤᠯᠪᠠ᠃ | ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠳᠤ ᠨᠡᠶᠢᠲᠡ 300 ᠭᠠᠷᠤᠶ ᠬᠤᠪᠢ ᠤᠬᠠᠭᠤᠯᠭ᠎ᠠ ᠶᠢᠨ | ᠮᠠᠲ᠋ᠧᠷᠢᠶᠠᠯ᠂ 200 ᠭᠠᠷᠤᠶ ᠬᠤᠪᠢ ᠤᠬᠠᠭᠤᠯᠭ᠎ᠠ ᠶᠢᠨ ᠡᠳ᠋ ᠲᠠᠷᠬᠠᠭᠠᠵᠤ᠂ ᠬᠠᠷᠢᠶᠠᠲᠤ ᠲᠣᠭᠤᠷᠢᠭ ᠤᠨ ᠰᠠᠭᠤᠭᠠᠯᠢ | ᠠᠷᠠᠳ ᠤᠨ ᠣᠶ ᠰᠢᠭᠤᠶ ᠶᠢᠨ ᠭᠠᠯ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠣᠶ | ᠰᠢᠭᠤᠶ ᠶᠢᠨ ᠭᠠᠯ ᠰᠡᠷᠭᠡᠶᠢᠯᠡᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ | ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠤᠢ ᠰᠢᠭᠤᠢ ᠶᠢᠨ ᠭᠠᠯ ᠰᠡᠷᠭᠡᠶᠢᠯᠡᠬᠦ ᠤᠬᠠᠭᠤᠯᠭ᠎ᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ | ᠤᠢ ᠰᠢᠭᠤᠢ ᠶᠢᠨ ᠭᠠᠯ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ | ᠬᠠᠩᠰᠢ ᠶᠢᠨ ᠬᠤᠭᠤᠴᠠᠭᠠᠨ ᠳᠤ ᠬᠠᠷᠢᠶ᠎ᠠ ᠲᠣᠭᠤᠷᠢᠭ ᠤᠨ ᠤᠢ ᠰᠢᠭᠤᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ | ᠪᠠᠲᠤᠯᠠᠨ᠎ᠠ᠃ | |