3 ᠳ᠋ᠤᠭᠠᠷ ᠰᠠᠷ᠎ᠠ ᠶᠢᠨ 28 ᠤ ᠡᠳᠦᠷ ᠠᠴᠠ 29 ᠤ ᠡᠳᠦᠷ ᠪᠣᠯᠲᠠᠯ᠎ᠠ ᠰᠢᠭᠤᠶᠢᠲᠤ ᠲᠣᠭᠤᠷᠢᠭ ᠤᠨ | ᠨᠠᠮ ᠤᠨ ᠬᠤᠷᠢᠶ᠎ᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠬᠢᠯᠡᠵᠦ᠂ ᠶᠡᠷᠦᠩᠬᠡᠢ ᠱᠦᠵᠢ ᠱᠢ ᠶᠢᠨ ᠫᠢᠩ ᠤᠨ | ᠨᠠᠮ ᠤᠨ ᠰᠤᠷᠲᠠᠯ ᠤᠨ ᠪᠠᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠰᠤᠷᠤᠯᠴᠠᠨ ᠨᠠᠷᠢᠨ ᠣᠢᠯᠠᠭᠠᠵᠤ᠂ ᠤᠳᠤᠷᠢᠳᠬᠤ ᠺᠠᠲᠷ ᠤᠨ ᠤᠷᠢᠳᠠᠪᠡᠷ ᠬᠢᠵᠦ ᠤᠷᠢᠳᠠᠪᠡᠷ ᠰᠤᠷᠤᠯᠴᠠᠬᠤ ᠂ ᠵᠢᠱᠢᠶ᠎ᠡ | ᠦᠵᠡᠭᠦᠯᠬᠦ ᠪᠠᠷ ᠪᠦᠬᠦ ᠲᠣᠭᠤᠷᠢᠭ ᠤᠨ ᠨᠠᠮ ᠤᠨ ᠵᠣᠬᠢᠶᠠᠨ ᠪᠠᠢᠭᠤᠯᠤᠯᠲᠠ ᠪᠠ ᠨᠠᠮ ᠤᠨ ᠭᠡᠰᠢᠭᠦᠨ ᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠶᠢ ᠳᠠᠶᠢᠴᠢᠯᠠᠪᠠ ᠃ ᠲᠣᠭᠤᠷᠢᠭ ᠤᠨ ᠨᠠᠮ ᠤᠨ ᠬᠤᠷᠢᠶᠠᠨ ᠤ ᠱᠦᠵᠢ | ᠭᠠᠢ ᠯᠢᠶᠠᠨ ᠢᠦᠢ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ᠂ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ | ᠵᠠᠩ ᠬᠠᠢ᠂ ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠢ ᠰᠢᠶᠠᠩ ᠬᠦᠩ ᠵᠡᠷᠭᠡ ᠪᠦᠬᠦ | ᠲᠣᠭᠤᠷᠢᠭ ᠤᠨ ᠰᠢᠶᠠᠨ ᠤ ᠱᠠᠲᠤᠨ ᠤ ᠺᠠᠳ᠋ᠷ ᠣᠷᠣᠯᠴᠠᠪᠠ᠃ | ᠨᠣᠮ ᠤᠩᠰᠢᠬᠤ ᠠᠩᠭᠢ ᠨᠢ ᠲᠥᠪᠯᠡᠷᠡᠭᠦᠯᠦᠨ ᠥᠪᠡᠰᠦᠪᠡᠨ ᠰᠤᠷᠤᠯᠴᠠᠬᠤ᠂ ᠲᠤᠰᠬᠠᠶ ᠰᠡᠳᠦᠪ ᠢᠶᠠᠷ | ᠬᠠᠪᠰᠤᠷᠤᠨ ᠵᠢᠯᠣᠭᠤᠳᠬᠤ ᠪᠠ ᠲᠥᠪᠯᠡᠷᠡᠭᠦᠯᠦᠨ ᠰᠤᠳᠤᠯᠤᠨ ᠶᠠᠷᠢᠯᠴᠠᠬᠤ ᠬᠡᠯᠪᠡᠷᠢ ᠪᠠᠷ ᠶᠠᠪᠤᠭᠳᠠᠪᠠ᠃ ᠬᠤᠳᠠ ᠶᠢᠨ | ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠲᠡᠦᠬᠡ ᠨᠠᠮ ᠤᠨ ᠪᠠᠶᠢᠭᠤᠯᠤᠯᠲᠠ ᠶᠢᠨ ᠵᠢᠭᠠᠨ | ᠰᠤᠳᠤᠯᠬᠤ ᠲᠠᠰᠤᠭ ᠤᠨ ᠯᠧᠺᠲ᠋ᠣᠷ ᠵᠠᠩ ᠱᠦ ᠵᠢᠶᠦ᠋ᠨ ︽ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ | ᠦᠭᠡᠢ — ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ︾ ᠲᠤᠬᠠᠢ | ᠲᠤᠰᠬᠠᠢ ᠰᠡᠳᠦᠪᠲᠦ ᠬᠠᠪᠰᠤᠷᠤᠨ ᠵᠢᠯᠤᠭᠤᠳᠤᠯᠭ᠎ᠠ ᠬᠢᠵᠡᠢ᠃ | ᠭᠠᠢ ᠯᠢᠶᠠᠨ ᠢᠦᠢ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠭᠤᠣᠯ ᠰᠡᠳᠦᠪᠲᠦ ᠬᠥᠮᠦᠵᠢᠯ ᠪᠣᠯᠤᠨ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠨᠠᠮ ᠤᠯᠠᠨ ᠲᠦᠮᠡᠨ ᠺᠠᠳ᠋ᠷ | ᠤᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠬᠤ᠂ ᠨᠠᠮ ᠤᠨ ᠲᠦᠷᠦ ᠪᠠᠷᠢᠬᠤ ᠰᠠᠭᠤᠷᠢ ᠶᠢ ᠪᠠᠬᠢᠵᠢᠭᠦᠯᠬᠦ ᠶᠢᠨ | ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠬᠦᠴᠦᠲᠡᠢ ᠪᠠᠲᠤᠯᠠᠭ᠎ᠠ ᠮᠥᠨ᠃ ᠪᠦᠬᠦ ᠲᠣᠭᠤᠷᠢᠭ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ︽ᠰᠤᠷᠤᠯᠴᠠᠨ ᠪᠠᠶᠢᠴᠠᠭᠠᠵᠤ ᠥᠭᠡᠷᠡᠴᠢᠯᠡᠬᠦ︾ ᠶᠢ | ᠠᠬᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠳᠤ | ᠨᠠᠶᠢᠳᠠᠪᠤᠷᠢᠵᠢᠭᠤᠯᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠲᠠᠬᠢᠨ ᠭᠦᠨᠵᠡᠭᠡᠶᠢᠷᠡᠭᠦᠯᠵᠦ᠂ ᠰᠤᠷᠤᠯᠴᠠᠯᠭ᠎ᠠ | ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠥᠪ ᠤᠨ ᠨᠠᠢᠮᠠᠨ ᠲᠣᠭᠲᠠᠭᠠᠯ ᠪᠣᠯ | ᠠᠯᠤᠰ ᠬᠡᠳᠦ ᠶᠢ ᠬᠠᠮᠢᠶᠠᠷᠬᠤ ᠲᠡᠮᠦᠷ ᠶᠣᠰᠤ ᠂ ᠬᠠᠲᠠᠭᠤ ᠪᠠᠷᠢᠮᠵᠢᠶ᠎ᠠ ᠪᠣᠯᠬᠤ ᠶᠢ ᠭᠦᠨᠵᠡᠭᠡᠢ ᠡᠵᠡᠮᠳᠡᠬᠦ ᠬᠡᠷᠡᠭᠲᠡᠢ᠃ | ᠠᠵᠢᠯ ᠤᠨ ᠡᠭᠦᠷᠭᠡ ᠪᠠᠨ ᠳᠠᠬᠢᠨ ᠨᠠᠷᠢᠯᠢᠬᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ᠂ ᠪᠣᠳᠠᠲᠠᠶ | ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ᠂ ᠥᠪᠡᠷ ᠢ ᠪᠠᠨ ᠪᠠᠶᠢᠴᠠᠭᠠᠵᠤ ᠲᠣᠪᠤᠶᠢᠮ᠎ᠠ ᠠᠰᠠᠭᠤᠳᠠᠯ ᠢ ᠭᠦᠨᠵᠡᠭᠡᠶ | ᠪᠠᠶᠢᠴᠠᠭᠠᠬᠤ ᠶᠢᠨ ᠬᠠᠮᠲᠤ ᠴᠢᠩᠭ᠎ᠠ ᠴᠡᠭᠴᠡᠯᠡᠨ ᠰᠠᠶᠢᠵᠢᠷᠠᠭᠤᠯᠵᠤ᠂ ᠰᠤᠷᠤᠯᠴᠠᠯᠭ᠎ᠠ ᠬᠥᠮᠦᠵᠢᠯ ᠢ ᠬᠤᠳᠠᠯᠳᠤᠭᠠᠴᠢᠨ | ᠤᠷᠢᠵᠤ ᠪᠠᠯᠠ ᠣᠷᠣᠭᠤᠯᠬᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ︽ᠳᠠᠷᠤᠭᠠᠰᠤ ᠶᠢ ᠬᠥᠩᠭᠡᠷᠡᠭᠦᠯᠬᠦ᠂ | ᠴᠢᠳᠠᠪᠤᠷᠢ ᠣᠯᠭᠤᠬᠤ᠂ ᠬᠦᠴᠢᠷᠳᠡᠯ ᠢ ᠰᠢᠢᠳᠪᠦᠷᠢᠯᠡᠬᠦ᠂ ᠴᠡᠭᠴᠡᠯᠡᠨ ᠰᠠᠶᠢᠵᠢᠷᠠᠭᠤᠯᠬᠤ᠂ ᠰᠢᠮᠳᠠᠭᠤᠯᠬᠤ︾ ᠵᠡᠷᠭᠡ | ᠭᠤᠤᠯᠳᠠᠯᠭ᠎ᠠ ᠪᠣᠯᠬᠤ ᠡᠭᠦᠷᠭᠡ ᠲᠠᠢ ᠤᠶᠠᠯᠳᠤᠭᠤᠯᠵᠤ᠂ ᠠᠵᠢᠯ ᠤᠨ ᠦᠷ᠎ᠡ ᠪᠦᠲᠦᠭᠡᠯ ᠢᠶᠠᠷ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠬᠤ ᠬᠡᠷᠡᠭᠲᠡᠶ᠃ ᠱᠠᠯᠠᠪᠳᠠᠭᠤᠯᠤᠨ ᠵᠢᠯᠣᠭᠤᠳᠬᠤ ᠶᠢ ᠲᠠᠬᠢᠨ | ᠪᠣᠳᠠᠲᠠᠶᠢᠵᠢᠭᠤᠯᠵᠤ᠂ ᠰᠢᠶᠠᠨ ᠤ ᠱᠠᠲᠤᠨ ᠤ ᠤᠳᠤᠷᠢᠳᠬᠤ ᠺᠠᠳ᠋ᠷ ᠵᠢᠱᠢᠶ᠎ᠡ ᠦᠵᠡᠭᠦᠯᠵᠦ ᠳᠠᠭᠠᠭᠤᠯᠬᠤ | ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠭᠤᠣᠯ ᠬᠠᠷᠢᠭᠤᠴᠠᠯᠭᠠᠲᠠᠨ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠡᠭᠦᠷᠭᠡᠯᠡᠵᠦ᠂ | ᠪᠠᠭ ᠤᠨ ᠭᠡᠰᠢᠭᠦᠨ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠰᠠᠶᠢᠲᠤᠷ | ᠭᠦᠢᠴᠡᠳᠬᠡᠬᠦ ᠬᠡᠷᠡᠭᠲᠡᠢ ᠭᠡᠪᠡ ᠃ | ᠬᠤᠶᠠᠷ ᠡᠳᠦᠷ ᠤᠨ ᠲᠤᠷᠰᠢ᠂ ᠪᠦᠬᠦ ᠲᠣᠭᠤᠷᠢᠭ ᠤᠨ ᠰᠢᠶᠠᠨ ᠤ ᠱᠠᠲᠤᠨ ᠤ ᠤᠳᠤᠷᠢᠳᠬᠤ ᠺᠠᠳ᠋ᠷᠴᠤᠳ | ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠵᠢᠭᠠᠨ ᠲᠣᠭᠲᠠᠭᠠᠭᠰᠠᠨ ᠨᠣᠮ ᠪᠢᠴᠢᠭ ᠪᠣᠯᠤᠨ ᠪᠢᠴᠢᠭ ᠮᠠᠲ᠋ᠧᠷᠢᠶᠠᠯ ᠢ | ᠬᠢᠨᠠᠮᠠᠭᠠᠶ ᠰᠤᠳᠤᠯᠤᠨ ᠤᠩᠰᠢᠪᠠ᠃ ᠲᠥᠪᠯᠡᠷᠡᠭᠦᠯᠦᠨ ᠰᠤᠷᠤᠯᠴᠠᠬᠤ ᠪᠠᠷ ᠲᠠᠮᠵᠢᠨ᠂ ᠤᠯᠠᠨ ᠢᠶᠠᠷ ᠢᠶᠠᠨ ᠲᠥᠪ ᠤᠨ | ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠡᠩ ᠪᠦᠬᠦ ᠲᠠᠯ᠎ᠠ ᠪᠠᠷ᠂ | ᠭᠦᠨᠵᠡᠭᠡᠢ ᠤᠢᠢᠯᠠᠭᠠᠨ ᠡᠵᠡᠮᠰᠢᠵᠦ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ᠂ | ᠤᠯᠤᠰ ᠲᠦᠷᠦ ᠶᠢᠨ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠨ ᠤᠯᠠᠮ ᠴᠢᠨᠠᠭᠰᠢᠳᠠ ᠴᠢᠩᠭᠠᠳᠬᠠᠪᠠ᠃ | ᠡᠯ᠎ᠡ ᠭᠠᠵᠠᠷ ᠣᠷᠣᠨ ᠰᠠᠯᠠᠭ᠎ᠠ ᠮᠥᠴᠢᠷ ᠨᠢᠭᠡᠴᠢ ᠶᠢᠨ ᠳᠡᠳ᠋ ᠰᠠᠯᠠᠭᠠᠨ ᠲᠡᠰ ᠠᠴᠠ ᠳᠡᠭᠡᠭᠰᠢᠬᠢ | ᠤᠳᠤᠷᠢᠳᠬᠤ ᠺᠠᠳ᠋ᠷ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠮᠵᠢ ᠳᠤ ᠣᠷᠣᠯᠴᠠᠪᠠ᠃ | |