3 ᠳ᠋ᠤᠭᠠᠷ ᠰᠠᠷ᠎ᠠ ᠶᠢᠨ 28 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ | ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ | ᠵᠠᠩ ᠰᠢᠶᠤᠤ ᠹᠸᠢ ᠨᠠᠷ ᠤᠷᠢᠳ ᠬᠤᠵᠢᠳ ᠠᠲᠠ ᠭᠤᠤ ᠳᠠᠭᠠᠤ ᠶᠢᠨ ᠠᠭᠤᠷᠬᠠᠢ ᠶᠢᠨ ᠵᠢᠷᠤᠭ ᠲᠣᠯᠪᠤ ᠶᠢ | ᠵᠠᠰᠠᠬᠤ ᠲᠣᠭᠤᠷᠢᠭ᠂ ᠭᠠᠭ᠋ᠠᠢ ᠲᠡᠵᠢᠭᠡᠬᠦ ᠲᠠᠯᠠᠪᠠᠢ᠂ ᠬᠤᠸᠠ ᠢ ᠲᠠᠢ ᠳᠠᠬᠢᠯᠲᠠ ᠤᠰᠤᠨ ᠬᠥᠭᠡᠷᠭᠡ ᠶᠢᠨ | ᠦᠷᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯ᠎ᠡ ᠲᠦᠷᠦᠯ ᠤᠨ ᠣᠷᠴᠢᠨ | ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠠᠬᠢᠴᠠ ᠵᠢᠴᠢ ᠦᠷ᠎ᠡ ᠪᠦᠲᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ | ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠠᠵᠢᠯ ᠤᠨ | ᠱᠠᠭᠠᠷᠳᠠᠯᠭ᠎ᠠ ᠶᠢ ᠲᠣᠳᠣᠷᠬᠠᠢ ᠳᠤᠷᠠᠳᠴᠠᠢ᠃ | ᠵᠠᠩ ᠰᠢᠶᠤᠤ ᠹᠸᠢ᠂ ᠭᠤᠤᠯ ᠤᠨ ᠵᠠᠮ ᠤᠨ ︽ᠳᠥᠷᠪᠡᠨ ᠰᠠᠮᠠᠭᠤᠨ︾ ᠢ ᠴᠡᠭᠴᠡᠯᠡᠨ ᠵᠠᠰᠠᠬᠤ ᠶᠡᠷᠦᠩᠬᠡᠶ | ᠬᠠᠷᠠᠯᠲᠠ ᠶᠢᠨ ᠲᠣᠭᠤᠷᠢᠨ ᠳᠤ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠦᠨᠳᠦᠰᠦᠯᠡᠯ ᠢ ᠲᠣᠳᠣᠷᠬᠠᠶ ᠡᠮᠬᠢᠯᠡᠨ | ᠲᠣᠳᠣᠷᠬᠠᠶᠢᠯᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠢ ᠬᠠᠤᠯᠢ ᠶᠣᠰᠣᠭᠠᠷ ᠰᠢᠮᠳᠠᠭᠤᠯᠵᠤ | ᠪᠠᠶᠢᠭᠠᠳ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠣᠭᠤᠮᠲᠠ | ᠰᠢᠪᠲᠤᠯᠬᠤ ᠡᠭᠦᠷᠭᠡ ᠬᠠᠷᠠᠯᠲᠠ ᠶᠢ ᠲᠣᠳᠣᠷᠬᠠᠶᠢᠯᠠᠵᠤ᠂ ᠰᠡᠷᠭᠦᠭᠡᠨ ᠵᠠᠰᠠᠵᠤ ᠬᠡᠷᠡᠭᠵᠢᠭᠦᠯᠬᠦ ᠲᠥᠰᠦᠯ ᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ | ᠠᠭᠤᠷᠬᠠᠢ ᠶᠢ ᠵᠠᠰᠠᠬᠤ ᠡᠯ᠎ᠡ ᠵᠦᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ᠃ ᠤᠯᠠᠨ ᠲᠦᠮᠡᠨ ᠤ ᠲᠤᠰᠬᠠᠯ ᠲᠥᠪᠯᠡᠷᠡᠭᠰᠡᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ | ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ | ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠳᠠᠬᠢᠯᠲᠠ | ᠤᠰᠤ ᠶᠢ ᠶᠡᠷᠦᠩᠬᠡᠶᠢᠯᠡᠨ ᠠᠰᠢᠭᠯᠠᠬᠤ ᠬᠤᠭᠤᠯᠠᠢ ᠭᠤᠤᠷᠰᠤ ᠶᠢᠨ ᠲᠣᠣᠷ ᠤᠨ ᠢᠨᠵᠧᠨᠧᠷᠢᠩ ᠢ ᠰᠠᠶᠢᠲᠤᠷ | ᠬᠡᠷᠡᠭᠵᠢᠭᠦᠯᠵᠦ᠂ ᠬᠤᠸᠠ ᠢ ᠲᠠᠢ ᠤᠰᠤᠨ ᠴᠥᠭᠦᠷᠥᠮ ᠠᠴᠠ ᠰᠢᠨ᠎ᠡ ᠲᠣᠭᠤᠷᠢᠭ ᠤᠨ ᠳᠤᠮᠳᠠ ᠤᠰᠤᠨ ᠤ | ᠬᠤᠭᠤᠯᠠᠢ ᠭᠤᠤᠷᠰᠤ ᠶᠢᠨ ᠲᠣᠣᠷ ᠤᠨ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠤᠭᠰᠠᠨ | ᠴᠠᠬᠢᠯᠭᠠᠨ ᠤ ᠦᠢᠯᠡᠳᠪᠦᠷᠢ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠵᠤ᠂ ᠤᠰᠤᠨ ᠤ ᠡᠬᠢ ᠪᠠᠶᠠᠯᠢᠭ | ᠳᠤᠲᠠᠭᠳᠠᠵᠤ ᠪᠠᠶᠢᠭ᠎ᠠ ᠳᠠᠷᠤᠯᠲᠠ ᠶᠢ ᠴᠢᠷᠮᠠᠶᠢᠨ ᠨᠠᠮᠳᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ | ᠳᠦᠷᠢᠮ ᠳᠤ ᠨᠡᠶᠢᠴᠡᠭᠰᠡᠨ ᠬᠠᠮᠢᠶᠠᠷᠤᠯᠲᠠ ᠶᠢ ᠴᠢᠩᠭᠠᠳᠬᠠᠵᠤ᠂ ᠯᠠᠪᠳᠠᠭᠤᠨ ᠪᠠᠲᠤᠲᠠᠢ ᠠᠵᠢᠯ ᠤᠨ ᠦᠷ᠎ᠡ | ᠪᠦᠲᠦᠮᠵᠢ ᠪᠠᠷ ᠪᠦᠬᠦ ᠲᠣᠭᠤᠷᠢᠭ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ | ᠬᠡᠷᠡᠭᠲᠡᠢ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠯᠢ ᠴᠢᠩ ᠵᠦᠩ᠂ ᠶᠠᠨ ᠵᠢᠶᠠ ᠸᠧᠢ ᠵᠢᠴᠢ ᠬᠠᠮᠢᠶ᠎ᠠ | ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠣᠷᠣᠯᠴᠠᠪᠠ᠃ | |