3 ᠳ᠋ᠤᠭᠠᠷ ᠰᠠᠷ᠎ᠠ ᠶᠢᠨ 31 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ | ᠭᠤᠣᠯ ᠳᠤᠭᠤᠶᠢᠯᠠᠩ 2025 ᠣᠨ ᠤ 4 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠢᠵᠦ᠂ | ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠣᠯᠤᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠬᠤ ᠶᠢᠨ ᠬᠠᠮᠲᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠭᠠᠢ ᠯᠢᠶᠠᠨ ᠢᠦᠢ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠬᠤᠷᠠᠯ ᠳᠡᠭᠡᠷ᠎ᠡ᠂ ᠵᠠᠩ ᠰᠢᠶᠤᠤ ᠹᠸᠢ᠂ ᠯᠢ ᠰᠢᠶᠠᠩ᠂ ᠵᠠᠩ ᠰᠢᠶᠦ᠋ᠩ᠂ ᠴᠧᠨ ᠵᠢᠶᠠ ᠵᠢᠶᠦ᠋ᠨ᠂ ᠯᠢᠦ | ᡁᠢ ᠴᠢᠶᠠᠩ᠂ ᠱᠠᠩ ᠶᠦᠩ ᠵᠧᠨ᠂ ᠰᠦᠩ ᠵᠤᠤ ᠬᠤᠸᠠ᠂ ᠨᠠᠷᠠᠨᠨᠠ ᠲᠤᠰ ᠲᠤᠰ ᠤᠨ ᠪᠣᠳᠣᠯᠬᠢᠯᠠᠯ ᠪᠠ ᠠᠵᠢᠯ ᠤᠨ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠪᠤᠰᠤᠳ ᠭᠤᠣᠯ | ᠳᠤᠭᠤᠶᠢᠯᠠᠩ ᠤᠨ ᠭᠡᠰᠢᠭᠦᠳ ᠪᠢᠴᠢᠭ ᠤᠨ ᠮᠠᠲ᠋ᠧᠷᠢᠶᠠᠯ ᠲᠤᠰᠢᠶᠠᠪᠠ᠃ | ᠬᠤᠷᠠᠯ ᠠᠴᠠ᠂ ᠪᠦᠬᠦ ᠲᠤᠭᠤᠷᠢᠭ ᠳᠠᠶᠠᠭᠠᠷ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠴᠢᠬᠤᠯᠠ ᠤᠯᠤᠰ ᠲᠦᠷᠦ ᠶᠢᠨ ᠡᠭᠦᠷᠭᠡ | ᠪᠣᠯᠭᠠᠵᠤ᠂ ᠬᠤᠶᠠᠷ ᠬᠤᠷᠠᠯ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ | ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ | ᠠᠵᠤ ᠦᠢᠯᠡᠰ ᠤᠨ ᠰᠢᠨ᠎ᠡ ᠶᠢ ᠡᠭᠦᠳᠦᠨ ᠠᠭᠤᠰᠤᠯᠴᠠᠨ ᠬᠥᠭᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ | ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠪᠣᠯᠣᠳ ᠲᠡᠮᠦᠷ᠂ | ᠨᠡᠭᠦᠷᠡᠰᠦ ᠵᠡᠷᠭᠡ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠲᠠᠰ ᠳᠡᠪᠰᠢᠬᠦ ᠶᠢ | ᠨᠢᠭᠡᠳᠦᠯᠲᠡᠶ ᠲᠦᠯᠦᠪᠯᠡᠨ ᠠᠬᠢᠭᠤᠯᠬᠤ ᠬᠡᠷᠡᠭᠲᠡᠶ᠃ ︽ᠭᠤᠷᠪᠠ ᠠᠴᠠ ᠬᠤᠶᠠᠷ ᠢ ᠡᠷᠢᠬᠦ︾ ᠶᠢ ᠪᠣᠳᠠᠲᠠᠶ ᠪᠥᠭᠡᠳ | ᠨᠠᠷᠢᠯᠢᠭ ᠬᠢᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠠᠵᠤ | ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠬᠤᠳᠠ ᠬᠥᠳᠡᠭᠡ ᠶᠢ ᠠᠭᠤᠰᠤᠯᠴᠠᠭᠤᠯᠤᠨ | ᠬᠥᠭᠵᠢᠭᠦᠯᠬᠦ ᠶᠢ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠠᠬᠢᠭᠤᠯᠬᠤ ᠬᠡᠷᠡᠭᠲᠡᠢ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠶᠢᠨ ᠬᠠᠮᠲᠤ | ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠦᠬᠦ ᠲᠤᠭᠤᠷᠢᠭ ᠤᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ | ᠴᠢᠩᠭᠠᠳᠬᠠᠵᠤ᠂ ︽ᠡᠴᠦᠰ ᠲᠤᠨᠢ ᠲᠤᠯᠲᠠᠯ᠎ᠠ ᠬᠢᠬᠦ︾ ᠰᠤᠷᠲᠠᠯ ᠢᠶᠠᠷ ᠺᠠᠳ᠋ᠷ ᠤᠨ ᠡᠩᠨᠡᠭᠡᠨ ᠤ ᠴᠢᠳᠠᠪᠤᠷᠢ ᠶᠢ | ᠳᠠᠪᠲᠠᠨ ᠪᠣᠯᠪᠠᠰᠤᠷᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠵᠦ᠂ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠰᠢᠭᠤᠶᠢᠲᠤ ᠲᠣᠭᠤᠷᠢᠭ ᠤᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ | ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠢ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠬᠤᠰᠢᠭᠤᠴᠢ ᠣᠷᠣᠨ | ᠪᠣᠯᠭᠠᠨ ᠬᠤᠪᠢᠷᠠᠭᠤᠯᠬᠤ ᠲᠡᠦᠬᠡᠲᠦ ᠴᠢᠨᠠᠷᠲᠠᠢ ᠳᠠᠪᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠦᠴᠦᠷᠬᠡᠭ ᠶᠡᠭᠡ | ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | |