ᠵᠠᠩ ᠰᠢᠶᠤᠤ ᠹᠸᠢ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/10
        4 ᠳ᠋ᠦ᠋ᠭᠡᠷ ᠰᠠᠷ᠎ᠠ ᠶᠢᠨ 18 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠮᠧᠩ ᠨᠧᠩ ᠪᠤᠭᠤᠲᠤ ᠶᠢᠨ ᠨᠡᠭᠦᠷᠡᠰᠦ ᠴᠠᠬᠢᠯᠭᠠᠨ ᠤ ᠲᠥᠷᠥᠯ ᠵᠦᠢᠯ᠂ ᠬᠤᠩ ᠲᠦ᠋ ᠶᠡᠭᠡ ᠵᠠᠮ ᠤᠨ ᠪᠠᠷᠢᠯᠭ᠎ᠠ ᠶᠢᠨ ᠲᠤᠬᠠᠶ ᠶᠢᠨ ᠲᠠᠯᠠᠪᠠᠶ᠂ ᠥᠪᠥᠷ ᠮᠣᠩᠭᠤᠯ ᠤᠨ ᠶᠦᠩ ᠢ ᠤᠭᠰᠠᠷᠠᠮᠠᠯ ᠮᠠᠶ᠋ᠢᠭ ᠤᠨ ᠪᠠᠷᠢᠯᠭ᠎ᠠ ᠶᠢᠨ ᠪᠣᠯᠣᠳ ᠪᠦᠲᠦᠴᠡ ᠶᠢᠨ ᠲᠥᠷᠥᠯ ᠵᠦᠢᠯ ᠵᠢᠴᠢ ᠥᠪᠥᠷ ᠮᠣᠩᠭᠤᠯ ᠤᠨ ᠪᠣᠤ ᠵᠢᠶᠠᠨ ᠬᠡᠷᠡᠯ ᠴᠡᠨᠡᠭ ᠤᠨ ᠲᠤᠯᠭᠠᠭᠤᠷᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ  ᠠᠶᠤᠯ  ᠦᠭᠡᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠵᠤ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃        ᠵᠠᠩ ᠰᠢᠶᠤᠤ ᠹᠸᠢ᠂ ᠤᠢᠢᠷ᠎ᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠴᠠᠭ ᠢᠮᠠᠭᠲᠠ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠬᠠᠭᠠᠰ ᠵᠢᠯ ᠤᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢᠨ ᠠᠵᠢᠯᠯᠠᠭ᠎ᠠ ᠶᠢ ᠴᠢᠩᠭ᠎ᠠ ᠠᠳᠬᠤᠨ ᠪᠣᠳᠠᠲᠠᠢ ᠠᠳᠬᠤᠬᠤ ᠬᠡᠷᠡᠭᠲᠡᠢ᠃ ᠣᠨᠴᠠᠭᠠᠶᠢᠯᠠᠨ ᠣᠳᠣᠬᠠᠨ ᠳᠤ ᠶᠠᠭ ᠰᠠᠶᠢᠬᠠᠨ ᠶᠡᠭᠡ ᠰᠠᠯᠬᠢᠨ ᠤ ᠠᠭᠤᠷ ᠠᠮᠢᠰᠬᠤᠯ ᠪᠠᠶᠢᠨ ᠳᠠᠬᠢᠨ ᠭᠠᠷᠴᠤ ᠪᠠᠶᠢᠭ᠎ᠠ ᠬᠤᠭᠤᠴᠠᠭᠠᠨ ᠳᠤ ᠪᠠᠶᠢᠨ᠎ᠠ ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠴᠢᠭᠯᠡᠭᠦᠯᠦᠨ ᠬᠡᠷ ᠤᠨ ᠭᠠᠳᠠᠨᠠᠬᠢ ᠲᠥᠬᠦᠭᠡᠷᠦᠮᠵᠢ ᠶᠢ ᠪᠠᠬᠢᠵᠢᠭᠦᠯᠬᠦ᠂ ᠲᠦᠷ ᠴᠠᠭ ᠤᠨ ᠪᠠᠷᠢᠯᠭ᠎ᠠ ᠶᠢᠨ ᠲᠣᠭᠲᠠᠪᠤᠷᠢᠲᠤ ᠴᠢᠨᠠᠷ᠂ ᠥᠨᠳᠥᠷ ᠣᠭᠲᠠᠷᠭᠤᠶ ᠳᠤ ᠠᠵᠢᠯᠯᠠᠬᠤ ᠵᠡᠷᠭᠡ ᠬᠡᠮ ᠰᠣᠭᠤᠭ ᠢ ᠭᠤᠤᠯᠳᠠᠯᠭ᠎ᠠ ᠲᠠᠢ ᠵᠢᠭᠰᠠᠭᠠᠨᠪᠠᠶᠢᠴᠠᠭᠠᠵᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠪᠣᠳᠠᠲᠠᠶᠢᠵᠢᠭᠤᠯᠵᠤ᠂ ᠠᠵᠢᠯᠲᠠᠨ ᠤ ᠠᠮᠤᠷ ᠲᠦᠪᠰᠢᠨ ᠤ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ ᠃        ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠵᠠᠩ ᠰᠢᠶᠤᠤ ᠹᠸᠢ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠢ ︽ᠭᠤᠷᠪᠠ ᠠᠴᠠ ᠬᠤᠶᠠᠷ ᠢ ᠡᠷᠢᠬᠦ︾ ᠠᠵᠢᠯ ᠢ ᠭᠦᠨᠵᠡᠭᠡᠢᠠᠬᠢᠭᠤᠯᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ︽ᠠᠰᠠᠭᠤᠳᠠᠯ ᠢ ᠨᠢᠭᠡᠳᠦᠭᠡᠷ ᠹᠷᠣᠨᠲ ᠲᠤ ᠢᠯᠡᠷᠡᠭᠦᠯᠵᠦ᠂ ᠲᠦᠷᠦ ᠶᠢᠨ ᠪᠤᠳᠤᠯᠭ᠎ᠠ ᠶᠢ ᠨᠢᠭᠡᠳᠦᠭᠡᠷ ᠹᠷᠣᠨᠲ ᠲᠤ ᠬᠡᠷᠡᠭᠵᠢᠭᠦᠯᠵᠦ᠂ ᠠᠵᠢᠯ ᠢ ᠨᠢᠭᠡᠳᠦᠭᠡᠷ ᠹᠷᠣᠨᠲ ᠲᠤ ᠠᠬᠢᠭᠤᠯᠬᠤ︾ ᠶᠢ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ︽ᠵᠥᠷᠢᠶ᠎ᠡ ᠪᠠᠨ ᠡᠷᠢᠵᠦ᠂ ᠬᠦᠷᠦᠯᠴᠡᠬᠦ ᠦᠭᠡᠢ ᠲᠠᠯ᠎ᠠ ᠪᠠᠨ ᠡᠷᠢᠬᠦ︾ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠬᠥᠭᠵᠢᠯᠲᠡ ᠪᠣᠯᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠲᠦᠭᠵᠢᠷᠡᠯ᠂ ᠬᠦᠴᠢᠷ ᠠᠰᠠᠭᠤᠳᠠᠯ ᠳᠤ ᠠᠩᠬᠠᠷᠤᠯ ᠢᠶᠠᠨᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠠᠮᠤᠷ ᠲᠦᠪᠰᠢᠨ ᠪᠣᠯᠤᠨ ᠶᠠᠰᠤ ᠴᠢᠨᠠᠷ ᠤᠨ ᠬᠤᠷᠢᠭ᠎ᠠ ᠱᠤᠭᠤᠮ ᠢ ᠴᠢᠩᠭ᠎ᠠ ᠰᠠᠬᠢᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠱᠠᠭᠠᠷᠳᠠᠪᠠ᠃        ᠲᠣᠭᠤᠷᠢᠭ ᠤᠨ ᠤᠳᠤᠷᠢᠳᠤᠯᠭ᠎ᠠ ᠯᠢ ᠴᠢᠩ ᠵᠦᠩ᠂ ᠮᠠ ᠪᠢᠨ᠂ ᠵᠠᠩ ᠵᠢᠶᠠᠨ ᠴᠦᠨ᠂ ᠶᠤᠸᠠᠢ ᠵᠢᠶᠠᠨ ᠪᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号