5 ᠳ᠋ᠤᠭᠠᠷ ᠰᠠᠷ᠎ᠠ ᠶᠢᠨ 2 ᠤᠨ ᠡᠳᠦᠷ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭᠠᠨ ᠤ | ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠦᠪᠰᠢᠨ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ | ᠵᠤᠭᠠᠴᠠᠭᠰᠠᠳ ᠲᠤ ᠰᠢᠯᠢᠳᠡᠭ ᠣᠶᠢᠯᠠᠭᠠᠯᠲᠠ ᠬᠠᠩᠭᠠᠬᠤ ᠶᠢᠨ ᠲᠥᠯᠥᠭᠡ᠂ ᠲᠣᠭᠤᠷᠢᠭ ᠤᠨ ᠨᠠᠮ ᠤᠨ ᠬᠤᠷᠢᠶᠠᠨ ᠤ | ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠬᠠᠷᠢᠶᠠᠲᠤ ᠲᠣᠭᠤᠷᠢᠭ ᠤᠨ ᠡᠯ᠎ᠡ ᠦᠵᠡᠮᠵᠢ ᠶᠢᠨ | ᠣᠷᠣᠨ ᠳᠤ ᠬᠦᠷᠴᠦ᠂ ᠠᠶᠤᠯ ᠦᠭᠡᠢ ᠦᠢᠯᠡᠳᠪᠦᠷᠢᠯᠡᠯ ᠵᠢᠴᠢ ᠵᠤᠭᠠᠴᠠᠭᠰᠠᠳ ᠲᠤ ᠦᠢᠯᠡᠴᠢᠯᠡᠬᠦ ᠵᠡᠷᠭᠡ ᠠᠵᠢᠯ ᠳᠤ | ᠪᠠᠶᠢᠴᠠᠭᠠᠨ ᠰᠤᠳᠤᠯᠤᠯᠲᠠ ᠬᠢᠵᠡᠢ᠃ | ᠵᠠᠩ ᠰᠢᠶᠤᠤ ᠹᠸᠢ ᠤᠷᠢᠳ ᠬᠤᠵᠢᠳ ᠬᠤᠸᠠᠷ ᠤᠨ ᠪᠥᠵᠢᠭ ᠤᠨ ᠬᠥᠮᠦᠨ ᠤ ᠶᠢᠷᠲᠢᠨᠴᠦ ᠵᠡᠷᠭᠡ | ᠭᠠᠵᠠᠷ ᠲᠤ ᠬᠦᠷᠴᠦ᠂ ᠦᠵᠡᠮᠵᠢ ᠶᠢᠨ ᠣᠷᠣᠨ ᠤ ᠲᠥᠬᠦᠭᠡᠷᠦᠮᠵᠢ ᠶᠢᠨ ᠠᠵᠢᠯᠯᠠᠭᠠᠨ᠂ ᠭᠠᠯ ᠤᠨᠲᠠᠷᠠᠭᠠᠬᠤ | ᠲᠥᠬᠦᠭᠡᠷᠦᠮᠵᠢ ᠶᠢᠨ ᠲᠣᠬᠢᠷᠠᠭᠤᠯᠤᠯᠲᠠ ᠵᠢᠴᠢ ᠵᠤᠭᠠᠴᠠᠭᠰᠠᠳ ᠢ ᠭᠥᠯᠢᠶᠡᠨ ᠠᠪᠴᠤ ᠵᠣᠴᠢᠯᠠᠭᠰᠠᠨ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠦᠵᠡᠮᠵᠢ ᠶᠢᠨ ᠣᠷᠣᠨ ᠤ ᠠᠮᠠᠷᠠᠯᠲᠠ ᠶᠢᠨ ᠬᠤᠭᠤᠴᠠᠭᠠᠨ ᠤ | ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠭᠰᠠᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ | ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠲᠠᠯ᠎ᠠ ᠶᠢᠨ ᠬᠢᠨ ᠡᠷᠬᠡᠪᠰᠢ ᠵᠤᠭᠠᠴᠠᠭᠰᠠᠳ ᠤᠨ ᠠᠮᠤᠷ ᠲᠦᠪᠰᠢᠨ ᠢ | ᠲᠡᠷᠢᠭᠦᠨ ᠪᠠᠶᠢᠷᠢᠨ ᠳᠤ ᠲᠠᠯᠪᠢᠵᠤ᠂ ᠵᠤᠭ᠎ᠠ ᠴᠡᠩᠭᠡᠯ ᠤᠨ ᠲᠥᠬᠦᠭᠡᠷᠦᠮᠵᠢ ᠶᠢᠨ ᠡᠳᠦᠷ ᠲᠤᠲᠤᠮ ᠤᠨ ᠪᠠᠶᠢᠴᠠᠭᠠᠯᠲᠠ | ᠪᠠ ᠬᠠᠮᠠᠭᠠᠯᠠᠯᠲᠠ ᠶᠢ ᠴᠢᠩᠭᠠᠳᠬᠠᠵᠤ᠂ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠪᠠᠲᠤᠯᠠᠬᠤ | ᠬᠡᠷᠡᠭᠲᠡᠶ ᠭᠡᠵᠦ ᠱᠠᠭᠠᠷᠳᠠᠪᠠ᠃ | ᠵᠤᠭᠠᠴᠠᠭᠰᠠᠳ ᠤᠨ ᠰᠡᠯᠡᠭᠦᠴᠡᠯ ᠤᠨ ᠦᠢᠯᠡᠴᠢᠯᠡᠭᠡᠨ ᠤ ᠲᠥᠪ ᠲᠤ᠂ ᠵᠠᠩ ᠰᠢᠶᠤᠤ ᠹᠸᠢ ᠠᠵᠢᠯᠲᠠᠨ᠂ | ᠵᠤᠭᠠᠴᠠᠭᠰᠠᠳ ᠲᠠᠢ ᠳᠣᠲᠣᠨᠣ ᠪᠠᠷ ᠶᠠᠷᠢᠯᠴᠠᠵᠤ᠂ ᠵᠤᠭᠠᠴᠠᠭᠰᠠᠳ ᠤᠨ ᠤᠷᠤᠰᠬᠠᠯ ᠤᠨ ᠬᠤᠪᠢᠷᠠᠯᠲᠠ᠂ ᠢᠳᠡᠭᠡᠨ | ᠤᠮᠳᠠᠭᠠᠨ ᠵᠢᠴᠢ ᠦᠢᠯᠡᠴᠢᠯᠡᠭᠡᠨ ᠤ ᠪᠠᠲᠤᠯᠠᠭ᠎ᠠ ᠶᠢ ᠣᠶᠢᠯᠠᠭᠠᠪᠠ᠃ ᠲᠡᠷᠡ᠂ ᠦᠢᠯᠡᠴᠢᠯᠡᠭᠡᠨ ᠤ ᠶᠠᠰᠤ ᠴᠢᠨᠠᠷ ᠢᠶᠠᠨ | ᠳᠡᠭᠡᠭᠰᠢᠯᠡᠭᠦᠯᠵᠦ᠂ ᠵᠠᠮᠴᠢᠯᠠᠬᠤ ᠲᠡᠮᠳᠡᠭ ᠢ ᠲᠡᠭᠦᠯᠳᠡᠷᠵᠢᠭᠦᠯᠵᠦ᠂ ᠰᠠᠶᠢᠨ ᠳᠤᠷ᠎ᠠ ᠶᠢᠨ ᠠᠵᠢᠯᠯᠠᠭᠴᠢ ᠶᠢ ᠨᠡᠮᠡᠨ | ᠲᠣᠮᠢᠯᠠᠵᠤ᠂ ᠴᠠᠭ ᠲᠤᠬᠠᠢ ᠳᠤᠨᠢ ᠵᠤᠭᠠᠴᠠᠭᠰᠠᠳ ᠤᠨ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠭᠡᠨᠡᠳᠲᠡ ᠶᠢᠨ | ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠡᠭᠦᠨ ᠤ ᠬᠠᠮᠲᠤ᠂ ᠢᠳᠡᠭᠡᠨ ᠤᠮᠳᠠᠭᠠᠨ ᠤ ᠶᠠᠰᠤ ᠴᠢᠨᠠᠷ ᠢ ᠪᠠᠲᠤᠯᠠᠵᠤ᠂ | ᠵᠤᠭᠠᠴᠠᠭᠰᠠᠳ ᠤᠨ ᠬᠠᠷᠢᠭᠤ ᠲᠤᠰᠬᠠᠯ ᠢ ᠠᠩᠬᠠᠷᠴᠤ᠂ ᠵᠢᠭᠤᠯᠴᠢᠯᠠᠯ ᠤᠨ ᠣᠷᠭᠢᠯ ᠳᠤ ᠴᠢᠭᠯᠡᠭᠦᠯᠦᠨ ᠠᠶᠠᠨᠴᠢᠳ ᠤᠨ | ᠤᠷᠤᠰᠬᠠᠯ ᠢ ᠵᠦᠶ ᠵᠣᠬᠢᠰᠲᠠᠶ ᠬᠥᠲᠥᠯᠥᠨ ᠵᠢᠯᠣᠭᠤᠳᠴᠤ᠂ ᠲᠦᠭᠵᠢᠷᠡᠬᠦ ᠠᠴᠠ ᠵᠠᠶᠢᠯᠠᠰᠬᠢᠬᠦ ᠬᠡᠷᠡᠭᠲᠡᠶ ᠭᠡᠵᠦ | ᠴᠢᠬᠤᠯᠠᠴᠢᠯᠠᠪᠠ ᠃ | ᠵᠠᠩ ᠰᠢᠶᠤᠤ ᠹᠸᠢ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ ᠶᠢᠨ ᠬᠤᠭᠤᠴᠠᠭ᠎ᠠ ᠪᠣᠯ ᠰᠣᠶᠣᠯ | ᠵᠢᠭᠤᠯᠴᠢᠯᠠᠯ ᠤᠨ ᠬᠡᠷᠡᠭᠯᠡᠭᠡ ᠶᠢᠨ ᠰᠢᠵᠢᠷ ᠠᠯᠳᠠᠨ ᠬᠤᠭᠤᠴᠠᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ | ᠨᠢᠭᠡᠴᠢ ᠶᠢᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠪᠠᠲᠤᠯᠠᠵᠤ᠂ ᠶᠠᠪᠤᠵᠤ ᠰᠠᠭᠤᠬᠤ ᠵᠠᠮ ᠱᠤᠭᠤᠮ ᠢ | ᠰᠢᠯᠢᠳᠡᠭᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠦᠢᠯᠡᠴᠢᠯᠡᠭᠡᠨ ᠤ | ᠲᠦᠪᠰᠢᠨ ᠢᠶᠠᠨ ᠳᠡᠭᠡᠭᠰᠢᠯᠡᠭᠦᠯᠵᠦ᠂ ᠵᠤᠭᠠᠴᠠᠭᠰᠠᠳ ᠢ ᠠᠮᠤᠷ ᠲᠦᠪᠰᠢᠨ᠂ ᠪᠠᠶᠠᠷ ᠪᠠᠶᠠᠰᠬᠤᠯᠠᠩ ᠲᠠᠢ | ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | |