ᠵᠠᠩ ᠰᠢᠶᠤᠤ ᠹᠸᠢ ︽5.1︾ ᠤ ᠠᠮᠠᠷᠠᠯᠲᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡᠳᠬᠡᠯ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/12
        4 ᠳ᠋ᠦ᠋ᠭᠡᠷ ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ︽ᠳ᠋ᠠ ᠹᠠ 1913︾᠂ ᠪᠠᠳᠺᠠᠷ ᠰᠦᠮ᠎ᠡ ᠂ ᠬᠤᠸᠠᠷ ᠤᠨ ᠪᠥᠵᠢᠭ ᠤᠨ ᠬᠥᠮᠦᠨ ᠤ ᠶᠢᠷᠲᠢᠨᠴᠦ᠂ 985 ᠪᠣᠭᠤᠳᠠᠢ ᠶᠢᠨ ᠲᠠᠷᠢᠶᠠᠨ ᠲᠠᠷᠢᠶᠠᠯᠠᠩ ᠤᠨ ᠲᠠᠯᠠᠪᠠᠶ᠂ ᠪᠤᠭᠤᠲᠤ ᠶᠢᠨ ᠡᠷᠲᠡᠨ ᠤ ᠬᠤᠲᠠ ᠵᠡᠷᠭᠡ ᠬᠠᠷᠢᠶ᠎ᠠ ᠲᠣᠭᠤᠷᠢᠭ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠦᠷᠴᠦ᠂ ︽5.1︾ ᠤ ᠠᠮᠠᠷᠠᠯᠲᠠ ᠶᠢᠨ ᠬᠤᠭᠤᠴᠠᠭᠠᠨ ᠤ ᠠᠶᠤᠯ ᠦᠭᠡᠢ ᠦᠢᠯᠡᠳᠪᠦᠷᠢᠯᠡᠯ ᠪᠠ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢᠨ ᠪᠡᠯᠡᠳᠬᠡᠯ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃        ᠡᠯ᠎ᠡ ᠦᠵᠡᠮᠵᠢ ᠶᠢᠨ ᠣᠷᠣᠨ ᠦᠵᠡᠮᠵᠢ ᠶᠢᠨ ᠭᠠᠵᠠᠷ ᠲᠤ ᠂ ᠲᠡᠷᠡ ᠭᠤᠣᠯ ᠰᠡᠳᠦᠪᠲᠦ ᠠᠵᠢᠯᠯᠠᠭ᠎ᠠ ᠶᠢᠨ ᠲᠥᠰᠦᠪᠯᠡᠯ᠂ ᠵᠠᠮ ᠬᠠᠷᠢᠯᠴᠠᠭᠠᠨ ᠤ ᠵᠢᠯᠣᠭᠤᠳᠬᠤ ᠲᠥᠰᠦᠯ᠂ ᠦᠢᠯᠡᠴᠢᠯᠡᠭᠡᠨ ᠤ ᠪᠠᠲᠤᠯᠠᠭ᠎ᠠ ᠵᠡᠷᠭᠡ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠵᠤ᠂ ᠢᠳᠡᠭᠡᠨ ᠤᠮᠳᠠᠭᠠᠨ ᠤ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠠᠮᠤᠷ ᠲᠦᠪᠰᠢᠨ ᠤ ᠨᠠᠷᠢᠨ ᠵᠦᠢᠯᠡᠰ ᠢ ᠨᠢᠭᠡᠳ ᠨᠢᠭᠡ ᠪᠠᠷ ᠪᠠᠶᠢᠴᠠᠭᠠᠪᠠ᠃ ᠵᠠᠩ ᠰᠢᠶᠤᠤ ᠹᠸᠢ ᠂ ︽5.1︾ ᠤ ᠠᠮᠠᠷᠠᠯᠲᠠ ᠶᠢᠨ ᠬᠤᠭᠤᠴᠠᠭ᠎ᠠ ᠪᠣᠯ ᠵᠢᠭᠤᠯᠴᠢᠯᠠᠯ ᠤᠨ ᠬᠡᠷᠡᠭᠯᠡᠭᠡ ᠶᠢᠨ ︽ᠰᠢᠵᠢᠷ ᠠᠯᠲᠠᠨ ᠤᠯᠠᠷᠢᠯ︾ ᠮᠥᠨ᠂ ᠣᠯᠠᠨ ᠲᠦᠮᠡᠨ ᠤ ᠭᠠᠳᠠᠭᠰᠢ ᠭᠠᠷᠬᠤ ᠬᠦᠰᠡᠯ ᠡᠷᠡᠮᠡᠯᠵᠡᠯ ᠴᠢᠩᠭ᠎ᠠ᠂ ᠵᠢᠭᠤᠯᠴᠢᠯᠠᠯ ᠤᠨ ᠵᠠᠬ᠎ᠠ ᠳᠡᠯᠭᠡᠭᠦᠷ ᠬᠥᠭᠵᠢᠶᠡᠨᠲᠡᠶ ᠪᠠᠶᠢᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠪᠠ ᠠᠶᠤᠯ ᠦᠭᠡᠢ ᠦᠢᠯᠡᠳᠪᠦᠷᠢᠯᠡᠯ ᠤᠨ ᠳᠠᠷᠤᠯᠲᠠ ᠨᠡᠮᠡᠭᠳᠡᠨ᠎ᠡ ᠂ ᠡᠯ᠎ᠡ ᠰᠠᠯᠠᠭ᠎ᠠ ᠮᠥᠴᠢᠷ ᠨᠢᠭᠡᠴᠢ ᠵᠢᠴᠢ ᠬᠠᠷᠢᠶ᠎ᠠ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠵᠤᠭ᠎ᠠ ᠴᠡᠩᠭᠡᠯ ᠤᠨ ᠲᠥᠬᠦᠭᠡᠷᠦᠮᠵᠢ᠂ ᠭᠠᠯ ᠤᠨᠲᠠᠷᠠᠭᠠᠬᠤ᠂ ᠢᠳᠡᠭᠡᠨ ᠵᠡᠷᠭᠡ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠦᠵᠡᠮᠵᠢ ᠶᠢᠨ ᠣᠷᠣᠨ ᠤ ᠬᠠᠮᠢᠶᠠᠷᠤᠯᠲᠠ ᠶᠢ ᠴᠢᠩᠭᠠᠳᠬᠠᠵᠤ᠂ ᠵᠠᠮ ᠬᠠᠷᠢᠯᠴᠠᠭ᠎ᠠ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠦᠵᠡᠮᠵᠢ ᠶᠢᠨ ᠣᠷᠣᠨ ᠤ ᠲᠡᠮᠳᠡᠭ ᠤᠨ ᠵᠢᠯᠣᠭᠤᠳᠣᠯᠭ᠎ᠠ ᠪᠠ ᠵᠤᠭᠠᠴᠠᠭᠰᠠᠳ ᠤᠨ ᠦᠢᠯᠡᠴᠢᠯᠡᠭᠡᠨ ᠤ ᠲᠥᠪ ᠤᠨ ᠴᠢᠳᠠᠮᠵᠢ ᠶᠢᠨ ᠲᠣᠬᠢᠷᠠᠭᠤᠯᠤᠯᠲᠠ ᠵᠡᠷᠭᠡ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠪᠥᠬᠦ ᠬᠦᠴᠦᠨ ᠢᠶᠠᠷ ᠢᠶᠠᠨ ᠵᠤᠭᠠᠴᠠᠭᠰᠠᠳ ᠲᠤ ᠠᠮᠤᠷ ᠲᠦᠪᠰᠢᠨ᠂ ᠡᠮᠬᠢ ᠵᠢᠷᠤᠮ ᠲᠠᠢ᠂ ᠭᠤᠶᠢᠳᠠ ᠰᠠᠶᠢᠬᠠᠨ ᠠᠮᠠᠷᠠᠯᠲᠠ ᠶᠢᠨ ᠬᠤᠭᠤᠴᠠᠭᠠᠨ ᠤ ᠥᠩᠭᠡᠷᠡᠯᠲᠡ ᠶᠢ ᠬᠠᠩᠭᠠᠬᠤ ᠬᠡᠷᠡᠭᠲᠡᠶ᠃ ᠲᠣᠭᠤᠷᠢᠨ ᠦᠵᠡᠬᠦ᠂ ᠰᠡᠯᠡᠭᠦᠴᠡᠬᠦ᠂ ᠡᠷᠡᠭᠦᠯᠵᠢᠯ ᠰᠤᠪᠢᠯᠠᠯᠲᠠ᠂ ᠰᠤᠳᠤᠯᠤᠨ ᠰᠤᠷᠤᠯᠴᠠᠬᠤ ᠵᠡᠷᠭᠡ ᠴᠢᠭᠯᠡᠯ ᠤᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠬᠠᠩᠭᠠᠯᠭ᠎ᠠ ᠶᠢ ᠤᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢᠶᠠᠷ ᠪᠠᠶᠠᠯᠢᠭᠵᠢᠭᠤᠯᠵᠤ᠂ ᠡᠯ᠎ᠡ ᠦᠵᠡᠮᠵᠢ ᠶᠢᠨ ᠣᠷᠣᠨ ᠤ ᠣᠨᠴᠠᠯᠢᠭ ᠲᠠᠢ ᠤᠶᠠᠯᠳᠤᠭᠤᠯᠤᠨ ᠤᠯᠠᠨ ᠡᠰᠢᠲᠦ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠲᠥᠰᠦᠪᠯᠡᠵᠦ᠂ ᠨᠡᠩ ᠤᠯᠠᠨ ᠲᠠᠲᠠᠬᠤ ᠴᠡᠭ ᠢ ᠦᠢᠯᠡᠳᠴᠦ᠂ ᠰᠣᠶᠣᠯ ᠵᠢᠭᠤᠯᠴᠢᠯᠠᠯ ᠤᠨ ᠬᠡᠷᠡᠭᠯᠡᠭᠡ ᠶᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ᠂ ᠰᠢᠨ᠎ᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠠ ᠠᠮᠠᠷᠠᠯᠲᠠ ᠶᠢᠨ ᠬᠤᠭᠤᠴᠠᠭᠠᠨ ᠤ ᠠᠵᠢᠯᠯᠠᠭ᠎ᠠ ᠶᠢ ᠥᠨᠳᠥᠷ ᠳᠠᠪᠲᠠᠮᠵᠢ ᠪᠠᠷ ᠰᠣᠩᠭᠤᠨ ᠬᠦᠷᠭᠡᠵᠦ᠂ ︽ᠰᠢᠭᠤᠶᠢᠲᠤ ᠳᠤ ᠨᠠᠭᠠᠳᠬᠤ︾ ᠶᠢᠨ ᠠᠯᠳᠠᠷᠰᠢᠯ᠂ ᠨᠡᠷ᠎ᠡ ᠠᠯᠳᠠᠷ ᠤᠨ ᠬᠡᠮᠵᠢᠶ᠎ᠡ ᠶᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ ᠃        ᠵᠠᠩ ᠰᠢᠶᠤᠤ ᠹᠸᠢ᠂ ᠰᠢᠰᠲ᠋ᠧᠮ ᠲᠠᠢ ᠰᠡᠳᠬᠢᠬᠦᠢ ᠪᠠᠷ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠦᠬᠦ ᠲᠠᠯ᠎ᠠ ᠶᠢ ᠲᠥᠯᠥᠪᠵᠢᠭᠦᠯᠵᠦ᠂ ᠡᠯ᠎ᠡ ᠦᠵᠡᠮᠵᠢ ᠶᠢᠨ ᠣᠷᠣᠨ ᠤ ᠤᠨᠴᠠᠯᠢᠬᠳᠤ ᠡᠬᠢ ᠪᠠᠶᠠᠯᠢᠭ ᠢ ᠬᠤᠯᠪᠣᠯᠳᠤᠭᠤᠯᠬᠤ ᠪᠠᠷ ᠳᠠᠮᠵᠢᠭᠤᠯᠵᠤ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠵᠣᠴᠢᠳ ᠤᠨ ᠢᠷᠡᠯᠳᠡ ᠶᠢ ᠬᠠᠷᠢᠯᠴᠠᠨ ᠬᠦᠷᠭᠡᠬᠦ᠂ ᠲᠦᠷᠦᠯ ᠲᠡᠮᠳᠡᠭ ᠢ ᠬᠠᠮᠲᠤᠪᠠᠷ ᠱᠤᠭᠤᠬᠤ ᠶᠢᠨ ᠬᠠᠷᠢᠯᠴᠠᠨ ᠨᠥᠬᠦᠪᠥᠷᠢᠯᠡᠬᠦ ᠬᠠᠮᠲᠤᠷᠠᠭᠰᠠᠨ ᠠᠵᠤ ᠦᠢᠯᠡᠰ ᠤᠨ ᠠᠮᠢ ᠠᠬᠤᠢ ᠶᠢᠨ ᠬᠡᠯᠬᠢᠶ᠎ᠡ ᠶᠢ ᠪᠦᠷᠢᠯᠳᠦᠭᠦᠯᠵᠦ᠂ ᠵᠢᠯ ᠢᠶᠠᠷ ᠰᠠᠭᠤᠷᠢᠲᠠᠯᠪᠢᠵᠤ᠂ ᠬᠡᠳᠦᠨ ᠵᠢᠯ ᠳᠤ ᠦᠷ᠎ᠡ ᠪᠦᠲᠦᠮᠵᠢ ᠣᠯᠵᠤ᠂ ᠨᠡᠩ ᠤᠯᠠᠨ ᠵᠤᠭᠠᠴᠠᠭᠰᠠᠳ ᠢ ᠲᠠᠲᠠᠵᠤ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠰᠦᠩ ᠵᠤᠤ ᠬᠤᠸᠠ᠂ ᠨᠠᠷᠠᠨᠨᠠ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃    
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号