ᠵᠠᠩ ᠰᠢᠶᠤᠤ ᠹᠸᠢ ᠳ᠋ᠠ ᠳ᠋ᠧ ᠾᠧᠩ ᠵᠡᠭᠡᠯᠢ ᠭᠤᠳᠤᠮᠵᠢ ᠶᠢᠨ ᠳ᠋ᠠ ᠮᠢᠶᠣᠣ ᠲᠣᠰᠬᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/12
        4 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠳ᠋ᠠ ᠳ᠋ᠧ ᠾᠧᠩ ᠵᠡᠭᠡᠯᠢ ᠭᠤᠳᠤᠮᠵᠢ ᠶᠢᠨ ᠳ᠋ᠠ ᠮᠢᠶᠣᠣ ᠲᠣᠰᠬᠤᠨ ᠳᠤ ᠬᠦᠷᠴᠦ᠂ ᠰᠢ ᠱᠧᠩ ᠳ᠋ᠢᠶᠠᠨ᠂ ᠪᠢᠶᠠᠨ ᠴᠢᠶᠠᠩ ᠬᠤᠤ᠂ ᠢᠦᠢ ᠱᠤ᠋ ᠸᠠᠨ᠂ ᠳ᠋ᠠ ᠮᠢᠶᠤᠤ ᠪᠣᠯᠤᠨ ᠰᠠᠨ ᠶᠤᠸᠠᠨ ᠭᠸᠤ ᠵᠡᠷᠭᠡ ᠲᠣᠰᠬᠤᠨ ᠳᠤ ᠳᠤᠭᠤᠶᠢᠯᠠᠩ ᠪᠦᠬᠦᠨ ᠢ ᠪᠦᠷᠬᠦᠬᠦᠯᠬᠦ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠤ ᠬᠠᠮᠲᠤ ᠶᠢᠨ ᠠᠵᠤ ᠦᠢᠯᠡᠰ ᠤᠨ ᠬᠥᠭᠵᠢᠯᠲᠡ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠪᠣᠯᠤᠨ ᠨᠤᠲᠤᠭ ᠤᠨ ᠵᠠᠩ ᠰᠤᠷᠲᠠᠯ ᠤᠨ ᠪᠣᠯᠪᠠᠰᠤᠨ ᠢ ᠨᠠᠷᠢᠨ ᠣᠶᠢᠯᠠᠭᠠᠬᠤ ᠶᠢᠨ ᠬᠠᠮᠲᠤ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠣᠰᠬᠤᠨ ᠤ ᠠᠷᠠᠳ ᠤᠨ ᠰᠡᠳᠬᠢᠯ ᠤᠨ ᠦᠭᠡ ᠶᠢ ᠰᠣᠨᠣᠰᠪᠠ᠃
图片12.png
        ᠪᠠᠶᠢᠴᠠᠭᠠᠨ ᠰᠤᠳᠤᠯᠬᠤ ᠶᠠᠪᠤᠴᠠ ᠳᠤ ᠵᠠᠩ ᠰᠢᠶᠤᠤ ᠹᠸᠢ ᠲᠣᠰᠬᠤᠨ ᠤ ᠠᠷᠠᠳ ᠤᠨ ᠬᠡᠷ ᠲᠤ ᠬᠦᠷᠴᠦ᠂ ᠲᠣᠰᠬᠤᠨ ᠤ ᠠᠷᠠᠳ ᠲᠠᠢ ᠳᠣᠲᠣᠨᠣ ᠪᠠᠷ ᠶᠠᠷᠢᠯᠴᠠᠵᠤ᠂ ᠬᠡᠷ ᠪᠦᠯᠢ ᠶᠢᠨ ᠣᠷᠣᠯᠭ᠎ᠠ᠂ ᠡᠮ ᠡᠮᠨᠡᠯᠭᠡ ᠶᠢᠨᠪᠠᠲᠤᠯᠠᠭ᠎ᠠ᠂ ᠦᠷ᠎ᠡ ᠬᠡᠤᠬᠡᠳ ᠤᠨ ᠰᠤᠷᠭᠠᠨ ᠬᠥᠮᠦᠵᠢᠯ ᠵᠡᠷᠭᠡ ᠪᠠᠶᠢᠳᠠᠯ ᠢ ᠨᠠᠷᠢᠨ ᠠᠰᠠᠭᠤᠵᠤ᠂ ᠦᠢᠯᠡᠳᠪᠦᠷᠢᠯᠡᠯ ᠠᠮᠢᠳᠤᠷᠠᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠪᠠ᠃ ᠲᠡᠷᠡ᠂ ᠡᠯ᠎ᠡ ᠰᠠᠯᠠᠭ᠎ᠠ ᠮᠥᠴᠢᠷ ᠨᠢᠭᠡᠴᠢ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠡᠯ᠎ᠡ ᠲᠦᠷᠦᠯ ᠤᠨ ᠡᠬᠢ ᠪᠠᠶᠠᠯᠢᠭ ᠢ ᠲᠠᠷᠢᠶᠠᠯᠠᠬᠤ ᠣᠷᠣᠨ᠂  ᠬᠠᠭᠤᠴᠢᠨ ᠲᠣᠭᠤᠷᠢᠭ ᠲᠡᠶᠢᠰᠢ ᠢᠯᠡᠭᠦᠬᠡᠨ ᠬᠡᠯᠪᠠᠶᠢᠯᠭᠡᠵᠦ᠂ ᠪᠠᠭᠤᠷᠠᠶᠢᠴᠤᠤᠯ ᠢ ᠬᠠᠯᠠᠮᠵᠢᠯᠠᠨ ᠬᠠᠶᠢᠷᠠᠯᠠᠬᠤ ᠪᠠᠨ ᠴᠢᠩᠭᠠᠳᠬᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠦᠭᠦᠴᠡᠯ ᠢ ᠰᠠᠶᠢᠵᠢᠷᠠᠭᠤᠯᠵᠤ᠂ ᠥᠷᠭᠡᠨ ᠤᠯᠠᠨ ᠲᠠᠷᠢᠶᠠᠴᠢᠳ ᠲᠤ ᠪᠦᠬᠦ ᠲᠤᠭᠤᠷᠢᠭ ᠤᠨ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃        ᠳᠠᠷᠠᠭ᠎ᠠ ᠨᠢ᠂ ᠵᠠᠩ ᠰᠢᠶᠤᠤ ᠹᠸᠢ ᠳ᠋ᠠ ᠮᠢᠶᠤᠤ ᠲᠣᠰᠬᠤᠨ ᠤ ᠠᠷᠠᠳ ᠤᠨ ᠵᠥᠪᠯᠡᠯ ᠳᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠲᠣᠰᠬᠤᠨ ᠤ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠭᠡᠰᠢᠭᠦᠨ ᠂ ᠲᠣᠰᠬᠤᠨ ᠤ ᠠᠷᠠᠳ ᠤᠨ ᠲᠥᠯᠥᠭᠡᠯᠡᠭᠴᠢ᠂ ᠵᠡᠭᠡᠯᠢ ᠭᠤᠳᠤᠮᠵᠢ ᠶᠢᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠪᠠ᠃ ᠲᠡᠷᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ᠂ ᠲᠣᠰᠬᠤᠨ ᠤ ︽ᠬᠤᠶᠠᠷ ᠵᠥᠪᠯᠡᠯ︾ ᠪᠣᠯᠤᠨ ᠵᠡᠭᠡᠯᠢ ᠭᠤᠳᠤᠮᠵᠢ ᠶᠢᠨ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠲᠣᠰᠬᠤᠨ ᠤ ᠬᠠᠮᠲᠤ ᠶᠢᠨ ᠪᠦᠳᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠬᠤᠳᠠ ᠶᠢᠨ ᠲᠣᠭᠤᠷᠢᠭ ᠲᠠᠢ ᠵᠠᠬ᠎ᠠ ᠨᠡᠶᠢᠯᠡᠬᠦ᠂ ᠵᠠᠮ ᠬᠠᠷᠢᠯᠴᠠᠭ᠎ᠠ ᠳᠥᠭᠦᠮ ᠵᠡᠷᠭᠡ ᠭᠠᠵᠠᠷ ᠤᠨ ᠨᠥᠬᠦᠴᠡᠯ ᠲᠠᠢ ᠤᠶᠠᠯᠳᠤᠭᠤᠯᠵᠤ᠂ ᠬᠥᠭᠵᠢᠯᠲᠡ ᠶᠢᠨ ᠰᠡᠳᠬᠢᠴᠡ ᠪᠠᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠰᠣᠩᠭᠢᠨ᠎ᠠ ᠵᠡᠷᠭᠡ ᠤᠨᠴᠠᠯᠢᠬᠳᠤ ᠲᠠᠷᠢᠮᠠᠯ ᠤᠨ ᠦᠢᠯᠡᠰ ᠢ ᠲᠦᠷᠭᠡᠨ ᠪᠤᠶᠢᠵᠢᠭᠤᠯᠵᠤ᠂ ᠭᠠᠭ᠋ᠠᠢ᠂ ᠠᠯᠠᠰᠢᠨ ᠬᠤᠨᠢ ᠵᠡᠷᠭᠡ ᠰᠣᠳᠣᠨ ᠲᠡᠵᠢᠭᠡᠨ ᠦᠷᠡᠵᠢᠭᠦᠯᠬᠦ ᠦᠢᠯᠡᠰ ᠢ ᠲᠦᠷᠭᠡᠨ ᠪᠣᠶᠢᠵᠢᠭᠤᠯᠵᠤ᠂ ᠵᠠᠬᠢᠶᠠᠯᠠᠭ᠎ᠠ ᠶᠢᠨ  ᠲᠠᠷᠢᠶᠠᠯᠠᠩ ᠢ ᠬᠦᠭᠵᠢᠭᠦᠯᠬᠦ ᠶᠢᠨ ᠬᠠᠮᠲᠤ ᠳ᠋ᠧ ᠺᠠᠩ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠴᠢᠳᠠᠪᠤᠷᠢᠲᠠᠨ ᠢ ᠪᠤᠶᠢᠵᠢᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ︽ᠴᠢᠰᠤ ᠪᠦᠲᠦᠭᠡᠬᠦ︾ ᠴᠢᠳᠠᠪᠬᠢ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠬᠠᠰᠢᠯᠭ᠎ᠠ ᠶᠢ ᠬᠠᠮᠠᠭᠠᠯᠠᠬᠤ᠂ ᠵᠠᠮ᠂ ᠵᠣᠭᠤᠷᠢ ᠬᠠᠳᠠᠭᠠᠯᠠᠬᠤ ᠵᠡᠷᠭᠡ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠠᠯᠬᠤᠮ ᠠᠯᠬᠤᠮ ᠢᠶᠠᠷ ᠬᠡᠷᠡᠭᠵᠢᠭᠦᠯᠵᠦ᠂ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠳᠥᠭᠦᠮ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠶ᠃ ᠬᠥᠳᠡᠭᠡ ᠲᠣᠰᠬᠤᠨ ᠤ ᠬᠡᠪ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠥᠷᠭᠡᠨ ᠤᠯᠠᠨ ᠲᠣᠰᠬᠤᠨ ᠤ ᠠᠷᠠᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠵᠤ ᠂ ᠨᠤᠲᠤᠭ ᠤᠰᠤ ᠪᠠᠨ ᠬᠠᠶᠢᠷᠠᠯᠠᠵᠤ᠂ ᠨᠤᠲᠤᠭ ᠤᠰᠤ ᠪᠠᠨ ᠪᠦᠳᠦᠭᠡᠨ ᠪᠠᠶᠢᠭᠤᠯᠬᠤ ᠬᠡᠷᠡᠭᠲᠡᠢ᠃ ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠰᠠᠨᠠᠯ ᠢ ᠥᠷᠭᠡᠨ ᠢᠶᠠᠷ ᠰᠣᠨᠣᠰᠴᠤ᠂ ᠤᠯᠤᠰ ᠲᠥᠷᠥ ᠶᠢᠨ ᠬᠡᠪ ᠴᠢᠨᠠᠷ ᠢᠶᠠᠷ ᠴᠢᠩᠭ᠎ᠠ᠂ ᠠᠵᠢᠯ ᠬᠢᠵᠦ ᠳᠡᠶᠢᠯᠬᠦ᠂ ᠠᠵᠢᠯ ᠪᠦᠲᠦᠭᠡᠵᠦ ᠳᠡᠶᠢᠯᠬᠦ ᠮᠥᠷᠲᠡᠭᠡᠨ ᠪᠢᠰᠢᠷᠡᠭᠦᠯᠬᠦ ᠰᠢᠯᠢᠳᠡᠭ ᠴᠢᠳᠠᠪᠤᠷᠢᠲᠠᠨ ᠢ ᠦᠨᠡᠨ ᠬᠦ ᠰᠢᠯᠢᠨ ᠰᠣᠩᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠰ ᠲᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号