ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠦᠨᠳᠦᠰᠦᠲᠡᠨ ᠤ | ᠪᠦᠯᠬᠦᠮᠳᠡᠯ ᠤᠨ ᠦᠨᠳᠦᠰᠦ ᠮᠥᠨ᠃ 5 ᠳ᠋ᠤᠭᠠᠷ ᠰᠠᠷ᠎ᠠ ᠶᠢᠨ 8 ᠤ ᠡᠳᠦᠷ᠂ ᠰᠢᠭᠤᠶᠢᠲᠤ ᠲᠣᠭᠤᠷᠢᠭ ᠤᠨ 2025 | ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ᠶᠢᠨ ᠲᠥᠪᠯᠡᠷᠡᠭᠦᠯᠦᠨ | ᠤᠬᠠᠭᠤᠯᠬᠤ ᠠᠵᠢᠯᠯᠠᠭ᠎ᠠ ᠰᠢᠭᠤᠶᠢᠲᠤ ᠰᠢᠨ᠎ᠡ ᠲᠣᠭᠤᠷᠢᠭ ᠤᠨ ᠬᠤᠳᠠᠯᠳᠤᠭᠠᠨ ᠤ ᠲᠥᠪ ᠲᠤ ᠶᠠᠪᠤᠭᠳᠠᠪᠠ᠃ ᠬᠠᠷᠢᠶ᠎ᠠ | ᠲᠣᠭᠤᠷᠢᠭ ᠤᠨ ᠡᠯ᠎ᠡ ᠦᠨᠳᠦᠰᠦᠲᠡᠨ ᠤ ᠣᠯᠠᠨ ᠲᠦᠮᠡᠨ ᠤ ᠬᠠᠷᠢᠯᠴᠠᠨ ᠳᠣᠲᠣᠨᠣᠴᠢᠯᠠᠬᠤ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠯ ᠲᠠᠢ ᠬᠠᠮᠲᠤ ᠣᠷᠣᠰᠢᠬᠤ ᠶᠢ ᠠᠬᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠪᠠ᠃ | ᠦᠳᠡ ᠶᠢᠨ ᠡᠮᠦᠨᠡᠬᠢ 9 ᠴᠠᠭ ᠬᠠᠭᠠᠰ ᠲᠤ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ | ᠤᠬᠠᠭᠤᠯᠭ᠎ᠠ ᠶᠢᠨ ᠲᠠᠪᠴᠠᠩ ᠪᠠᠶᠢᠭᠤᠯᠵᠤ᠂ ᠤᠬᠠᠭᠤᠯᠭ᠎ᠠ ᠶᠢᠨ ᠤᠷᠢᠶ᠎ᠠ ᠶᠢ ᠰᠠᠶᠢᠲᠤᠷ ᠡᠯᠭᠦᠵᠦ᠂ ᠡᠯᠧᠺᠲᠷᠤᠨ ᠶᠡᠭᠡ | ᠳᠡᠯᠭᠡᠴᠡ ᠳᠡᠭᠡᠷ᠎ᠡ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠬᠤᠯᠪᠣᠭᠳᠠᠯ ᠪᠦᠬᠦᠢ ᠠᠭᠤᠯᠭ᠎ᠠ ᠶᠢ | ᠨᠡᠪᠲᠡᠷᠡᠭᠦᠯᠪᠡ ᠃ ᠰᠠᠭᠤᠭᠠᠯᠢ ᠠᠷᠠᠳ ᠤᠬᠠᠮᠰᠠᠷ ᠠᠴᠠ ᠪᠠᠨ ᠬᠡᠳᠦᠨ ᠮᠥᠷ ᠪᠣᠯᠵᠤ᠂ ᠨᠢᠭᠡ ᠲᠠᠯ᠎ᠠ ᠪᠠᠷ | ᠤᠬᠠᠭᠤᠯᠭ᠎ᠠ ᠶᠢᠨ ᠭᠠᠷ ᠳᠡᠪᠲᠡᠷ ᠢ ᠡᠮᠬᠢ ᠵᠢᠷᠤᠮ ᠲᠠᠢ ᠪᠠᠷ ᠠᠪᠴᠤ᠂ ᠨᠥᠭᠦᠭᠡ ᠲᠠᠯ᠎ᠠ ᠪᠠᠷ ᠠᠵᠢᠯᠲᠠᠳ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ | ᠰᠣᠨᠣᠰᠴᠤ ᠪᠠᠶᠢᠯ᠎ᠠ᠃ ᠬᠡᠳᠦᠨ ᠰᠠᠭᠤᠭᠠᠯᠢ ᠠᠷᠠᠳ ︽ᠳᠤᠮᠳᠠᠳᠤ ᠶᠢᠨ ᠦᠨᠳᠦᠰᠦᠲᠡᠨ ᠨᠢᠭᠡ ᠭᠡᠷ ᠪᠦᠯᠢ ᠮᠡᠲᠦ | ᠳᠣᠲᠣᠨᠣ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠭᠤᠣᠯ ᠰᠡᠳᠦᠪᠲᠦ | ᠶᠡᠭᠡ ᠵᠠᠷᠯᠠᠯ ᠣᠯᠵᠤ᠂ ᠡᠷᠬᠢᠨ ᠲᠣᠭᠤᠷᠢᠨ ᠤ ᠬᠥᠮᠦᠰ ᠲᠤ ᠪᠠᠨ ᠪᠠᠶᠠᠷᠲᠠᠢ ᠪᠠᠷ ᠭᠠᠶᠢᠬᠠᠭᠤᠯᠵᠤ ᠄ ︽ᠬᠡᠳᠦᠢ ᠰᠠᠶᠢᠨ | ᠪᠣᠢ᠂ ᠪᠢ ᠡᠭᠦᠨ ᠢ ᠮᠠᠨ ᠤ ᠭᠡᠷ ᠤᠨ ᠵᠣᠴᠢᠨ ᠤ ᠦᠷᠦᠭᠡᠨ ᠳᠤ ᠪᠠᠨ ᠨᠠᠭᠠᠵᠤ ᠲᠠᠯᠪᠢᠨ᠎ᠠ ︾ ᠭᠡᠪᠡ᠃ | | ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠯᠠᠭ᠎ᠠ ᠶᠢ ᠲᠣᠭᠤᠷᠢᠭ ᠤᠨ ᠨᠠᠮ ᠤᠨ ᠬᠤᠷᠢᠶᠠᠨ ᠤ | ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︵ᠲᠣᠭᠤᠷᠢᠭ ᠤᠨ | ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ | ᠲᠠᠯ᠎ᠠ ᠪᠠᠷ ᠠᠬᠢᠭᠤᠯᠬᠤ︾ ᠪᠠᠷ ᠭᠤᠤᠯ ᠰᠡᠳᠦᠪ ᠪᠣᠯᠭᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ | ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠣᠷᠣᠨ ᠪᠦᠰᠡ ᠶᠢᠨ | ᠪᠦᠲᠦᠭᠡᠨ ᠪᠠᠶᠢᠭᠤᠯᠤᠯᠲᠠ ᠶᠢᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠲᠦᠷᠢᠮ︾᠂ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ︾ | ᠤᠬᠠᠭᠤᠯᠭ᠎ᠠ ᠶᠢᠨ ᠡᠳ᠋ ᠪᠣᠳᠠᠰ ᠢ ᠨᠡᠶᠢᠲᠡ 3000 ᠭᠠᠷᠤᠶ ᠬᠤᠪᠢ ᠲᠠᠷᠬᠠᠭᠠᠵᠤ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ | ᠲᠣᠭᠲᠠᠭᠠᠯ ᠤᠨ ᠲᠤᠬᠠᠶ ᠣᠶᠢᠯᠠᠭᠠᠯᠲᠠ ᠪᠠ ᠮᠡᠳᠡᠷᠡᠮᠵᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠣᠶᠢᠯᠠᠭᠠᠭᠳᠠᠬᠤᠨ ᠢ ᠣᠯᠠᠨ ᠲᠦᠮᠡᠨ ᠤ ᠳᠤᠮᠳᠠ ᠤᠯᠠᠮᠵᠢᠯᠠᠨ ᠲᠦᠭᠡᠮᠡᠯᠵᠢᠭᠦᠯᠬᠦ ᠶᠢ | ᠦᠷᠭᠦᠯᠵᠢᠯᠡᠨ ᠭᠦᠨᠵᠡᠭᠡᠶᠢᠷᠡᠭᠦᠯᠪᠡ᠃ | ︽ᠪᠢ ᠵᠠᠮ ᠦᠩᠭᠡᠷᠡᠬᠦ ᠳᠤ ᠠᠳᠡ ᠦᠨᠳᠦᠰᠦᠲᠡᠨ ᠤ ᠲᠦᠷᠦ ᠶᠢᠨ ᠪᠤᠳᠤᠯᠭ᠎ᠠ ᠶᠢ ᠤᠬᠠᠭᠤᠯᠵᠤ ᠠᠭᠤᠷ | ᠠᠮᠢᠰᠬᠤᠯ ᠮᠠᠰᠢ ᠰᠠᠶᠢᠨ ᠪᠠᠶᠢᠬᠤ ᠶᠢ ᠬᠠᠷᠠᠭᠠᠳ ᠂ ᠦᠵᠡᠬᠦ ᠪᠠᠷ ᠢᠷᠡᠭᠰᠡᠨ ᠃ ᠠᠵᠢᠯᠲᠠᠳ ᠲᠠᠶᠢᠯᠪᠤᠷᠢᠯᠠᠬᠤ ᠳᠠᠭᠠᠨ | ᠨᠠᠳᠠ ᠳᠤ ᠤᠬᠠᠭᠤᠯᠭ᠎ᠠ ᠶᠢᠨ ᠳᠡᠪᠲᠡᠷ᠂ ᠵᠠᠷᠯᠠᠯ᠂ ᠴᠣᠩᠬᠤᠨ ᠬᠤᠸᠠᠷ ᠵᠡᠷᠭᠡ ᠡᠳ᠋ ᠪᠣᠳᠠᠰ ᠲᠠᠷᠬᠠᠭᠠᠵᠠᠢ᠂ | ᠳᠡᠭᠡᠷ᠎ᠡ ᠨᠢ ᠴᠥᠮ ︿ᠠᠨᠠᠷ ᠤᠨ ᠴᠡᠴᠡᠭ ᠳᠡᠯᠭᠡᠷᠡᠵᠦ᠂ ᠦᠷ᠎ᠡ ᠨᠢᠭᠡᠪᠦᠷᠢ ᠰᠡᠳᠬᠢᠯ ᠨᠢᠭᠡᠲᠡᠢ﹀ ᠡᠳᠡᠭᠡᠷ | ᠤᠬᠠᠭᠤᠯᠭ᠎ᠠ ᠶᠢᠨ ᠦᠭᠡ ᠶᠢ ᠳᠠᠷᠤᠮᠠᠯᠯᠠᠵᠤ᠂ ᠮᠠᠰᠢ ᠤᠳᠬ᠎ᠠ ᠠᠭᠤᠯᠭ᠎ᠠ ᠲᠠᠢ ᠰᠠᠨᠠᠭᠳᠠᠨ᠎ᠠ᠂ ᠪᠢᠳᠡᠨ ᠤ ᠲᠠᠪᠢᠨ | ᠵᠢᠷᠭᠤᠭᠠᠨ ᠦᠨᠳᠦᠰᠦᠲᠡᠨ ᠥᠨᠢ ᠡᠭᠦᠷᠢᠳᠡ ᠨᠢᠭᠡ ᠭᠡᠷ ᠤᠨ ᠬᠥᠮᠦᠨ︾ ᠭᠡᠵᠦ ᠰᠠᠭᠤᠭᠠᠯᠢ ᠠᠷᠠᠳ ᠵᠠᠩ ᠶᠢᠩ | ᠬᠡᠯᠡᠪᠡ᠃ | | ᠤᠢᠢᠷ᠎ᠠ ᠶᠢᠨ ᠵᠢᠯ ᠠᠴᠠ᠂ ᠰᠢᠭᠤᠶᠢᠲᠤ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠠᠬᠢᠭᠤᠯᠪᠠ᠃ ᠤᠬᠠᠭᠤᠯᠭ᠎ᠠ ᠶᠢᠨ ᠵᠢᠭᠰᠠᠭᠠᠯ ᠢ ᠪᠠᠶᠢᠭᠤᠯᠬᠤ᠂ | ᠭᠤᠤᠯ ᠰᠡᠳᠦᠪᠲᠦ ᠴᠡᠴᠡᠷᠯᠢᠭ ᠢ ᠪᠠᠶᠢᠭᠤᠯᠬᠤ᠂ ᠰᠤᠷᠭᠠᠨ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠬᠤ᠂ | ᠣᠨᠣᠯ ᠤᠨ ᠪᠣᠯᠪᠠᠰᠤᠷᠠᠯ ᠢ ᠥᠷᠨᠢᠭᠦᠯᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠦᠨᠳᠦᠰᠦᠲᠡᠨ ᠤ ᠠᠵᠢᠯ ᠤᠨ ᠲᠥᠪᠯᠡᠩᠭᠦᠶ ᠬᠦᠴᠦᠨ᠂ ᠳᠠᠶᠢᠴᠢᠨ ᠬᠦᠴᠦᠨ᠂ ᠨᠢᠭᠲᠠᠷᠠᠯ ᠤᠨ ᠬᠦᠴᠦᠨ ᠢ | ᠲᠠᠰᠤᠷᠠᠯᠲᠠ ᠥᠬᠡᠶ ᠴᠢᠩᠭᠠᠷᠠᠭᠤᠯᠵᠤ᠂ ᠢᠯᠡᠳᠲᠡ ᠦᠷ᠎ᠡ ᠪᠦᠲᠦᠮᠵᠢ ᠤᠯᠪᠠ᠃ | ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠨᠠᠮ ᠤᠨ ᠦᠨᠳᠦᠰᠦᠲᠡᠨ ᠤ ᠣᠨᠣᠯ | ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠪᠠᠶᠢᠭᠤᠯᠭ᠎ᠠ᠂ ᠠᠵᠤ ᠠᠬᠤᠶᠢᠯᠠᠯ᠂ ᠭᠠᠴᠠᠭ᠎ᠠ | ︵ᠲᠣᠰᠬᠤᠨ︶᠂ ᠨᠡᠶᠢᠭᠡᠮ ᠲᠣᠭᠤᠷᠢᠭ᠂ ᠰᠤᠷᠭᠠᠭᠤᠯᠢ᠂ ᠴᠡᠷᠢᠭ ᠠᠩᠭᠢ᠂ ᠱᠠᠰᠢᠨ ᠰᠤᠷᠲᠠᠬᠤᠨ ᠤ ᠠᠵᠢᠯᠯᠠᠭᠠᠨ ᠤ | ᠲᠠᠯᠠᠪᠤᠷ᠂ ᠰᠣᠶᠣᠯ ᠵᠢᠭᠤᠯᠴᠢᠯᠠᠯ ᠤᠨ ᠲᠠᠯᠠᠪᠤᠷ ᠭᠠᠵᠠᠷ᠂ ᠰᠦᠯᠵᠢᠶ᠎ᠡ ᠵᠡᠷᠭᠡ ᠡᠯ᠎ᠡ ᠬᠦᠷᠢᠶᠡᠨ ᠳᠤ ᠣᠷᠣᠭᠤᠯᠬᠤ ᠶᠢ | ᠦᠷᠭᠦᠯᠵᠢᠯᠡᠨ ᠠᠬᠢᠭᠤᠯᠵᠤ᠂ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠪᠠ ᠭᠦᠨᠵᠡᠭᠡᠶ | ᠠᠬᠢᠭᠤᠯᠬᠤ ᠶᠢ ᠪᠡᠶᠡᠯᠡᠭᠦᠯᠦᠨ᠎ᠡ᠃ ᠨᠡᠩ ᠰᠢᠭᠤᠳ᠂ ᠨᠡᠩ ᠠᠮᠢᠳᠤᠯᠢᠭ᠂ ᠨᠡᠩ ᠣᠯᠠᠨ ᠲᠦᠮᠡᠨ ᠲᠠᠢ | ᠣᠶᠢᠷᠠᠲᠤᠭᠰᠠᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ | ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠦᠨᠳᠦᠰᠦᠲᠡᠨ ᠨᠦᠭᠦᠳ ᠤᠨ | ᠣᠯᠠᠨ ᠲᠦᠮᠡᠨ ᠤ ᠪᠦᠯᠬᠦᠮᠳᠡᠨ ᠲᠡᠮᠡᠴᠡᠭᠰᠡᠨ ᠠᠮᠢᠳᠤᠯᠢᠭ ᠦᠯᠢᠭᠡᠷ ᠢ ᠭᠦᠨᠵᠡᠭᠡᠶ ᠠᠭᠤᠳᠠᠯᠤᠨ ᠤᠬᠠᠭᠤᠯᠵᠤ᠂ ᠪᠦᠬᠦ | ᠨᠡᠶᠢᠭᠡᠮ ᠢᠶᠠᠷ ᠢᠶᠠᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠲᠤ ᠬᠠᠮᠲᠤᠪᠠᠷ ᠣᠷᠣᠯᠴᠠᠬᠤ | ᠬᠦᠴᠦᠷᠬᠡᠭ ᠶᠡᠭᠡ ᠨᠡᠶᠢᠯᠡᠮᠡᠯ ᠬᠦᠴᠦᠨ ᠢ ᠤᠯᠠᠮ ᠨᠢᠭᠡ ᠠᠯᠬᠤᠮ ᠨᠢᠭᠲᠠᠷᠠᠭᠤᠯᠵᠤ᠂ ᠪᠦᠬᠦ ᠤᠯᠤᠰ ᠤᠨ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠢᠳᠡᠪᠬᠢᠲᠡᠢ ᠴᠢᠷᠮᠠᠶᠢᠨ | ᠡᠭᠦᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ | ᠰᠢᠭᠤᠶᠢᠲᠤ ᠲᠣᠭᠤᠷᠢᠭ ᠤᠨ ᠬᠦᠴᠦᠨ ᠴᠢᠳᠠᠯ ᠢᠶᠠᠨ ᠡᠷᠭᠦᠨ᠎ᠡ᠃ | |