ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠬᠤᠲᠠ ᠶᠢᠨ ᠡᠮ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠯᠠᠮᠵᠢᠯᠠᠪᠠ
ᠨᠡᠶᠢᠲᠡᠯᠡᠭᠰᠡᠨ ᠴᠠᠭ᠄
2025/5/14
        2025 ᠣᠨ ᠤ 4 ᠳ᠋ᠦ᠋ᠭᠡᠷ ᠰᠠᠷ᠎ᠠ  ᠶᠢᠨ 21 ᠤ ᠡᠳᠦᠷ ᠤᠨ ᠦᠳᠡ ᠶᠢᠨ ᠡᠮᠦᠨ᠎ᠡ ᠂ ᠰᠢᠭᠤᠶᠢᠲᠤ ᠣᠷᠣᠨ ᠤ ᠬᠥᠮᠦᠨ  ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠶᠢᠨ ᠳᠡᠳ᠋ ᠳᠠᠷᠤᠭ᠎ᠠ ᠦ᠋ ᠲᠢᠩ ᠬᠤᠲᠠ  ᠶᠢᠨ ᠡᠮ ᠡᠮᠨᠡᠯᠭᠡ  ᠶᠢᠨ ᠳᠠᠭᠠᠳᠬᠠᠯ  ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠬᠤ ᠶᠢᠨ ᠬᠠᠮᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ  ᠢ ᠲᠣᠬᠢᠷᠠᠭᠤᠯᠤᠨ ᠪᠠᠶᠢᠷᠢᠯᠠᠭᠤᠯᠵᠤ ᠂ ᠡᠮ ᠡᠮᠨᠡᠯᠭᠡ ᠶᠢᠨ ᠳᠠᠭᠠᠳᠬᠠᠯ ᠤᠨ ᠳᠤᠭᠤᠶᠢᠯᠠᠩ ᠤᠨ ᠪᠥᠬᠦ ᠠᠵᠢᠯᠲᠠᠨ ᠬᠤᠷᠠᠯ ᠳᠤ ᠣᠷᠣᠯᠴᠠᠪᠠ ᠃        ᠬᠤᠷᠠᠯ ᠠᠴᠠ ᠂ ᠨᠢᠭᠡ ᠳᠤ ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ ᠃ ᠪᠥᠬᠦ ᠺᠠᠳ᠋ᠷ ᠠᠵᠢᠯᠲᠠᠨ ᠠᠵᠢᠯᠴᠢᠨ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠪᠣᠯ ᠠᠷᠠᠳ ᠣᠯᠠᠨ ᠤ ᠡᠷᠡᠭᠦᠯ ᠮᠡᠨᠳᠦ ᠶᠢᠨ ᠡᠷᠬᠡ ᠠᠰᠢᠭ ᠢ ᠬᠠᠮᠠᠭᠠᠯᠠᠬᠤ ᠴᠢᠬᠤᠯᠠ ᠪᠠᠲᠤᠯᠠᠭ᠎ᠠ ᠮᠥᠨ ᠂ ᠡᠷᠡᠰ ᠪᠠᠲᠤ ᠵᠣᠷᠢᠭ ᠂ ᠬᠦᠴᠦᠲᠡᠶ ᠠᠷᠭ᠎ᠠ ᠬᠡᠮᠵᠢᠶ᠎ᠡ ᠪᠠᠷ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ ᠃ ᠬᠤᠶᠠᠷ ᠲᠤ ᠂ ᠭᠤᠤᠯᠳᠠᠯᠭ᠎ᠠ ᠲᠠᠢ ᠡᠭᠦᠷᠭᠡ  ᠳᠤ ᠠᠩᠬᠠᠷᠤᠯ  ᠢᠶᠠᠨ ᠲᠥᠪᠯᠡᠷᠡᠭᠦᠯᠵᠦ ᠂ ᠬᠤᠲᠠ  ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠣᠪᠴᠢᠶ᠎ᠠ  ᠶᠢᠨ ᠳᠣᠲᠣᠭᠠᠳᠤ ᠶᠢ ᠬᠠᠮᠠᠭᠠᠯᠠᠬᠤ ᠂ ᠡᠷᠡᠭᠦᠯ ᠬᠠᠮᠠᠭᠠᠯᠠᠯ ᠡᠷᠡᠭᠦᠯ ᠮᠡᠨᠳᠦ ᠵᠡᠷᠭᠡ ᠶᠢᠰᠦᠨ ᠰᠠᠯᠠᠭ᠎ᠠ ᠮᠥᠴᠢᠷ ᠲᠠᠢ ᠬᠠᠮᠲᠤᠷᠠᠨ ︽2025 ᠣᠨ ᠤ ᠪᠤᠭᠤᠲᠤ ᠬᠤᠲᠠ ᠶᠢᠨ ᠡᠮᠴᠢᠯᠡᠭᠡᠨ  ᠤ ᠪᠠᠲᠤᠯᠠᠭ᠎ᠠ ᠶᠢᠨ ᠰᠠᠭᠤᠷᠢ ᠮᠥᠩᠭᠦ  ᠶᠢᠨ ᠬᠠᠮᠢᠶᠠᠷᠤᠯᠲᠠ ᠶᠢᠨ ᠲᠣᠪᠤᠶᠢᠮ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ ︾ ᠪᠠ ᠬᠤᠯᠪᠣᠭᠳᠠᠯ ᠪᠥᠬᠦᠶ ᠠᠵᠢᠯ ᠤᠨ ᠲᠣᠭᠲᠠᠴᠠ ᠶᠢ ᠲᠤᠭᠤᠷᠪᠢᠨ ᠲᠣᠭᠲᠠᠭᠠᠵᠤ ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠪᠠᠶᠢᠴᠠᠭᠠᠯᠲᠠ ᠂ ᠲᠤᠰᠬᠠᠶ ᠴᠡᠭᠴᠡᠯᠡᠨ ᠵᠠᠰᠠᠯᠲᠠ ᠂ ᠰᠤᠭᠤᠴᠢᠨ ᠪᠠᠶᠢᠴᠠᠭᠠᠯᠲᠠ ᠬᠢᠬᠦ ᠂ ᠲᠣᠮᠣ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ ᠣᠷᠣᠨ ᠪᠦᠰᠡ ᠶᠢᠨ ᠡᠮᠴᠢᠯᠡᠭᠡᠨ ᠤ ᠳᠠᠭᠠᠳᠬᠠᠯ  ᠤᠨ ᠴᠡᠭ ᠲᠣᠭᠲᠠᠭᠠᠭᠰᠠᠨ ᠡᠬᠢ ᠪᠠᠶᠠᠯᠢᠭ ᠢ ᠵᠦᠶ ᠵᠣᠬᠢᠰᠲᠠᠶ ᠲᠥᠯᠥᠪᠵᠢᠭᠦᠯᠦᠨ ᠳᠣᠭᠢᠷᠠᠭᠤᠯᠵᠤ ᠂ ᠤᠬᠠᠭᠤᠯᠭ᠎ᠠ ᠬᠥᠮᠦᠵᠢᠯ ᠥᠷᠨᠢᠭᠦᠯᠬᠦ ᠵᠡᠷᠭᠡ ᠲᠤᠰᠬᠠᠶ ᠴᠡᠭᠴᠡᠯᠡᠨ ᠵᠠᠰᠠᠯᠲᠠ ᠶᠢ ᠪᠣᠳᠠᠲᠠᠶ  ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ  ᠶᠢ ᠦᠨᠡᠨ ᠬᠦ ᠪᠠᠲᠤᠯᠠᠨ᠎ᠠ᠃ ᠭᠤᠷᠪᠠ  ᠳᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ ᠂ ᠬᠠᠮᠵᠢᠯᠴᠠᠬᠤ ᠲᠣᠭᠲᠠᠴᠠ ᠶᠢᠨ ᠦᠢᠯᠡᠳᠦᠯ  ᠢ ᠭᠦᠢᠴᠡᠳ ᠪᠠᠳᠠᠷᠠᠭᠤᠯᠵᠤ ᠂ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ ᠂ ᠲᠤᠭ᠎ᠠ ᠪᠠᠷᠢᠮᠲᠠ  ᠶᠢᠨ ᠮᠡᠳᠡᠭᠡ ᠵᠠᠩᠭᠢ ᠶᠢ ᠬᠠᠮᠲᠦ ᠪᠠᠷ ᠡᠳ᠋ᠯᠡᠵᠦ ᠂ ᠲᠤᠰᠬᠠᠢ ᠴᠡᠭᠴᠡᠯᠡᠨ ᠵᠠᠰᠠᠬᠤ ᠠᠵᠢᠯ ᠢ ᠳᠡᠭᠡᠳᠦ ᠲᠤᠤᠷᠠᠳᠤ ᠱᠠᠳᠤ ᠪᠠᠷ ᠢᠶᠠᠨ ᠨᠡᠪᠲᠡᠷᠡᠯᠴᠡᠭᠦᠯᠬᠦ ᠂ ᠵᠡᠭᠦᠨ ᠪᠠᠷᠠᠭᠤᠨ ᠲᠠᠯ᠎ᠠ  ᠪᠠᠷ  ᠢᠶᠠᠨ ᠬᠠᠮᠵᠢᠯᠴᠠᠬᠤ ᠶᠢ ᠪᠠᠲᠤᠯᠠᠵᠤ ᠂ ᠠᠷᠠᠳ ᠤᠯᠠᠨ ᠤ ︽ ᠠᠮᠢ ᠠᠪᠤᠷᠠᠬᠤ ᠮᠥᠩᠭᠦ ︾ ᠶᠢ ᠦᠨᠡᠨ ᠬᠦ ᠰᠠᠶᠢᠲᠤᠷ ᠰᠠᠬᠢᠬᠤ ᠬᠡᠷᠡᠭᠲᠡᠢ ᠃ ᠳᠥᠷᠪᠡ ᠳᠤ ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠢᠶᠠᠷ ᠥᠪᠡᠷ  ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠮᠡᠳᠡᠭᠦᠯᠦᠯᠲᠡ ᠶᠢ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ ᠂ ᠦᠨᠡᠮᠯᠡᠯ ᠤᠨ ᠲᠦᠰᠢᠯᠭᠡ ᠶᠢ ᠴᠠᠭᠠᠵᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃        ᠬᠤᠷᠠᠯ  ᠠᠴᠠ ᠄ ᠡᠮᠴᠢᠯᠡᠭᠡᠨ ᠤ ᠪᠠᠲᠤᠯᠠᠭ᠎ᠠ ᠶᠢᠨ ᠠᠵᠢᠯ ᠳᠤ ᠰᠠᠭᠤᠷᠢᠯᠠᠵᠤ ᠂ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠬᠤ ᠬᠡᠷᠡᠭᠲᠡᠢ ᠃ ᠲᠤᠰᠬᠠᠢ ᠴᠡᠭᠴᠡᠯᠡᠨ ᠵᠠᠰᠠᠬᠤ ᠠᠵᠢᠯ ᠪᠣᠯ ᠨᠢᠭᠡ ᠵᠦᠢᠯ  ᠤᠨ ᠲᠥᠪ ᠴᠢᠩᠭ᠎ᠠ ᠤᠯᠤᠰ ᠲᠦᠷᠦ  ᠶᠢᠨ ᠡᠭᠦᠷᠭᠡ ᠪᠣᠯᠤᠨ᠎ᠠ ᠂ ᠲᠥᠪ  ᠤᠨ ᠨᠠᠢᠮᠠᠨ ᠲᠣᠭᠲᠠᠭᠠᠯ  ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠠ ᠲᠣᠬᠢᠶᠠᠯ ᠢᠶᠠᠷ ᠰᠠᠬᠢᠯᠭ᠎ᠠ ᠪᠠᠲᠤ ᠶᠣᠰᠣ ᠲᠦᠷᠢᠮ ᠢ ᠲᠡᠷᠢᠭᠦᠨ ᠳᠤ ᠲᠠᠯᠪᠢᠵᠤ ᠂ ᠲᠤᠰᠬᠠᠢ ᠴᠡᠭᠴᠡᠯᠡᠨ ᠵᠠᠰᠠᠬᠤ ᠠᠵᠢᠯ ᠤᠨ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠵᠤ ᠂ ᠵᠢᠷᠤᠮᠵᠢᠯ ᠲᠠᠢ ᠡᠮᠬᠢ ᠳᠢᠭᠯᠢᠮ  ᠲᠠᠢ ᠪᠠᠶᠢᠬᠤ  ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号