ᠵᠠᠩ ᠰᠢᠶᠤᠤ ᠹᠸᠢ ᠠᠶᠤᠯ ᠦᠭᠡᠢ ᠦᠢᠯᠡᠳᠪᠦᠷᠢᠯᠡᠯ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/14
        ᠣᠶᠢᠷ᠎ᠠ ᠳᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠠᠩ ᠰᠢᠶᠤᠤ ᠹᠸᠢ ᠪᠦᠯᠬᠦᠮ ᠳᠠᠭᠠᠭᠤᠯᠤᠨ ᠲᠦᠸᠧ ᠬᠤᠩ ᠭᠤᠤ ᠴᠠᠬᠢᠭᠤᠷ ᠲᠡᠮᠦᠷ᠂ ᠶᠦᠩ ᠢ ᠪᠣᠯᠣᠳ ᠪᠦᠲᠦᠴᠡ᠂ ᠪᠦᠦ ᠵᠢᠶᠠᠨ ᠬᠡᠷᠡᠯ ᠴᠡᠨᠡᠭ ᠤᠨ ᠲᠤᠯᠭᠠᠭᠤᠷᠢ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠭᠰᠠᠨ ᠪᠥᠭᠡᠳ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠳᠤ ᠪᠥᠬᠦ ᠲᠠᠯ᠎ᠠ ᠶᠢᠨ ᠪᠠᠶᠢᠴᠠᠭᠠᠨ ᠰᠤᠳᠤᠯᠤᠯᠲᠠ ᠬᠢᠪᠠ᠃        ᠵᠠᠩ ᠰᠢᠶᠤᠤ ᠹᠸᠢ᠂ ᠡᠯ᠎ᠡ ᠰᠠᠯᠠᠭ᠎ᠠ ᠮᠥᠴᠢᠷ ᠤᠨ ᠬᠢᠨ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠲᠦᠢᠯ ᠤᠨ ᠨᠠᠷᠢᠨ ᠬᠢᠨᠠᠮᠠᠭᠠᠢ ᠬᠠᠷᠢᠭᠤᠴᠠᠨ ᠰᠠᠶᠢᠲᠤᠷ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠨᠠᠯᠲᠠ ᠬᠠᠮᠢᠶᠠᠷᠤᠯᠲᠠ ᠲᠣᠭᠤᠷᠢᠨ ᠪᠠᠶᠢᠴᠠᠭᠠᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠳᠤᠲᠠᠭᠳᠠᠯ ᠢ ᠡᠷᠡᠰ ᠬᠤᠷᠢᠭᠯᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠤᠳ ᠠᠮᠤᠷ ᠲᠦᠪᠰᠢᠨ ᠤ ᠳᠠᠯᠳᠠ ᠭᠡᠮ ᠢ ᠲᠣᠭᠲᠠᠮᠠᠯ ᠬᠤᠭᠤᠴᠠᠭ᠎ᠠ ᠲᠠᠢ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠪᠣᠯᠪᠠᠰᠤᠷᠠᠭᠤᠯᠤᠯ ᠢ ᠴᠢᠩᠭᠠᠷᠠᠭᠤᠯᠤᠨ᠂ ᠪᠠᠷᠢᠯᠭ᠎ᠠ ᠪᠠᠷᠢᠬᠤ ᠴᠤᠪᠤᠷᠠᠯ᠂ ᠲᠤᠬᠠᠶ ᠶᠢᠨ ᠲᠠᠯᠠᠪᠤᠷ ᠤᠨ ᠬᠠᠮᠢᠶᠠᠷᠤᠯᠲᠠ ᠶᠢ ᠵᠢᠷᠤᠮᠵᠢᠭᠤᠯᠵᠤ᠂ ᠡᠯ᠎ᠡ ᠲᠥᠷᠥᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃        ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠵᠠᠩ ᠰᠢᠶᠤᠤ ᠹᠸᠢ᠂ ᠴᠢᠬᠤᠯᠠ ᠶᠡᠭᠡ ᠲᠦᠷᠦᠯ ᠵᠦᠢᠯ ᠪᠣᠯ ᠰᠢᠭᠤᠶᠢᠲᠤ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠂ ᠡᠯ᠎ᠡ ᠲᠦᠷᠦᠯ ᠵᠦᠢᠯ ᠤᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭᠠᠲᠠᠨ ᠨᠠᠷᠢᠨ ᠬᠢᠨᠠᠮᠠᠭᠠᠢ ᠰᠤᠳᠤᠯᠵᠤ ᠴᠠᠭ ᠲᠤᠬᠠᠢ ᠳᠤᠨᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠠᠵᠤ ᠠᠬᠤᠶᠢᠯᠠᠯ ᠤᠨ ᠡᠷᠡᠭᠡᠯᠵᠡᠯ ᠦᠭᠡᠢ᠂ ᠰᠠᠨᠠᠭ᠎ᠠ ᠠᠮᠤᠷ ᠬᠥᠭᠵᠢᠬᠦ ᠶᠢ ᠪᠠᠲᠤᠯᠠᠵᠤ᠂ ᠲᠦᠷᠦᠯ ᠵᠦᠢᠯ ᠢ ᠡᠷᠲᠡ ᠪᠦᠳᠦᠭᠡᠨ ᠪᠠᠶᠢᠭᠤᠯᠬᠤ᠂ ᠡᠷᠲᠡ ᠠᠰᠢᠭᠯᠠᠯᠲᠠ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃        ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠪᠥᠬᠦ ᠲᠤᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢᠨ ᠠᠵᠢᠯ ᠳᠤ ᠴᠢᠭᠯᠡᠭᠦᠯᠦᠨ᠂ ᠵᠠᠩ ᠰᠢᠶᠤᠤ ᠹᠸᠢ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢᠶᠠᠷ ᠭᠠᠷᠳᠠᠴᠠ ᠪᠣᠯᠭᠠᠵᠤ᠂ ᠪᠥᠬᠦ ᠲᠤᠭᠤᠷᠢᠭ ᠤᠨ ᠺᠠᠳ᠋ᠷ ᠣᠯᠠᠨ ᠲᠦᠮᠡᠨ ᠢ ᠥᠷᠭᠡᠨ ᠢᠶᠠᠷ ᠳᠠᠶᠢᠴᠢᠯᠠᠨ᠂ ᠡᠷᠡᠭᠦᠯ ᠬᠠᠮᠠᠭᠠᠯᠠᠯ ᠤᠨ ᠥᠯᠥ ᠣᠨᠣᠭᠳᠠᠬᠤ ᠭᠠᠵᠠᠷ ᠢ ᠲᠥᠪᠯᠡᠷᠡᠭᠦᠯᠦᠨ ᠴᠡᠪᠡᠷᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠠᠷᠢᠭᠤᠨ ᠴᠡᠪᠡᠷ ᠤᠨ ᠲᠣᠭᠲᠠᠴᠠ ᠶᠢ ᠪᠦᠷᠢᠨᠰᠢᠬᠦᠯᠦᠨ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠬᠠᠯᠠᠭᠤᠨ ᠥᠷᠨᠢᠯᠲᠡ ᠶᠢ ᠪᠣᠶ ᠪᠣᠯᠭᠠᠵᠤ᠂ ᠴᠡᠪᠡᠷ ᠲᠡᠭᠰᠢ᠂ ᠡᠷᠡᠭᠦᠯ ᠰᠠᠷᠠᠭᠤᠯ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠲᠠ ᠬᠥᠳᠡᠭᠡ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ ᠃        ᠲᠣᠭᠤᠷᠢᠭ ᠤᠨ ᠤᠳᠤᠷᠢᠳᠤᠯᠭ᠎ᠠ ᠯᠢ ᠰᠢᠶᠠᠩ᠂ ᠮᠠ ᠪᠢᠨ᠂ ᠰᠦᠨ ᠶᠤᠸᠠᠢ᠂ ᠴᠧᠨ ᠶᠦᠩ ᠫᠢᠩ᠂ ᠵᠠᠩ ᠵᠢᠶᠠᠨ ᠴᠦᠨ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠶᠢᠨ ᠬᠠᠷᠢᠭᠤᠴᠠᠯᠭᠠᠲᠠᠨ ᠪᠣᠯᠣᠨ ︽ᠭᠤᠷᠪᠠ ᠠᠴᠠ ᠬᠤᠶᠠᠷ ᠢ ᠡᠷᠢᠬᠦ︾ ᠳᠠᠭᠠᠭᠠᠴᠢᠯᠠᠨ ᠬᠤᠯᠪᠣᠭᠠᠯᠠᠬᠤ ᠺᠠᠳ᠋ᠷ ᠣᠷᠣᠯᠴᠠᠵᠠᠢ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号