ᠬᠤᠳᠠ ᠶᠢᠨ ᠰᠤᠳᠠᠰᠤ ᠳᠤ᠂ ᠵᠡᠭᠡᠯᠢ ᠭᠤᠳᠤᠮᠵᠢ ᠶᠠᠭ ᠰᠢᠷᠬᠡᠭ ᠤᠲᠠᠰᠤ ᠰᠢᠭ᠋ ᠠᠮᠢᠳᠤᠯᠢᠭ ᠰᠠᠶᠢᠬᠠᠨ ᠭᠡᠷ | ᠣᠷᠣᠨ ᠢ ᠬᠤᠯᠪᠤᠨ᠎ᠠ ᠂ ᠭᠡᠷ ᠣᠷᠣᠨ ᠪᠣᠯ ᠳᠠᠷᠤᠢ ᠠᠮᠢᠳᠤᠷᠠᠯ ᠤᠨ ᠬᠠᠯᠠᠭᠤᠨ ᠳᠤᠯᠠᠭᠠᠨ ᠭᠠᠷᠠᠮ ᠪᠤᠯᠤᠩ ᠪᠠᠶᠢᠵᠤ᠂ | ᠰᠠᠭᠤᠭᠠᠯᠢ ᠠᠷᠠᠳ ᠤᠨ ᠡᠳᠦᠷ ᠳᠤᠳᠤᠮ ᠤᠨ ᠬᠦᠰᠡᠯ ᠵᠡᠭᠦᠳᠦ ᠶᠢ ᠠᠴᠢᠶᠠᠯᠠᠵᠤ ᠪᠠᠶᠢᠳᠠᠭ᠃ 4 ᠳ᠋ᠦ᠋ᠭᠡᠷ ᠰᠠᠷ᠎ᠠ ᠶᠢᠨ | 23 ᠤ ᠡᠳᠦᠷ ᠪᠣᠯ 30 ᠳ᠋ᠤᠭᠠᠷ ᠳᠡᠯᠡᠬᠡᠶ ᠶᠢᠨ ᠨᠣᠮ ᠤᠩᠰᠢᠬᠤ ᠡᠳᠦᠷ ᠪᠣᠯᠤᠨ᠎ᠠ ᠂ ᠳᠡᠯᠡᠬᠡᠢ ᠶᠢᠨ ᠨᠣᠮ ᠤᠩᠰᠢᠬᠤ | ᠡᠳᠦᠷ ᠬᠦᠷᠴᠦ ᠢᠷᠡᠬᠦ ᠲᠠᠰᠢᠷᠠᠮ ᠢᠶᠠᠷ᠂ ᠬᠠᠯᠠᠭᠤᠨ ᠳᠤᠯᠠᠭᠠᠨ ᠭᠡᠷ ᠣᠷᠣᠨ ᠰᠢᠭᠤᠶᠢᠲᠤ ᠮᠢᠩ ᠳ᠋ᠧ ᠬᠡᠦᠬᠡᠳ ᠤᠨ | ᠴᠡᠴᠡᠷᠯᠢᠭ ᠲᠠᠢ ᠬᠠᠮᠲᠤᠷᠠᠨ ︽ᠤᠩᠰᠢᠯᠭ᠎ᠠ᠄ ᠢᠷᠡᠭᠡᠳᠦᠢ ᠳᠤ ᠨᠡᠪᠲᠡᠷᠡᠬᠦ ᠬᠦᠭᠦᠷᠭᠡ︾ ᠭᠡᠬᠦ ᠪᠠᠷ ᠭᠤᠣᠯ ᠰᠡᠳᠦᠪ | ᠪᠣᠯᠭᠠᠭᠰᠠᠨ ᠰᠢᠷᠢᠰ ᠠᠵᠢᠯᠯᠠᠭ᠎ᠠ ᠦᠷᠨᠢᠭᠦᠯᠪᠡ ᠃ | | ᠠᠵᠢᠯᠯᠠᠭ᠎ᠠ ᠨᠢ ᠬᠠᠯᠠᠭᠤᠨ ᠳᠤᠯᠠᠭᠠᠨ ᠭᠡᠷ ᠣᠷᠣᠨ ᠳᠤ ᠬᠥᠰᠢᠭᠡ ᠪᠠᠨ ᠰᠡᠬᠦᠵᠦ᠂ ᠬᠡᠦᠬᠡᠳ ᠤᠳ ᠴᠥᠮ | ᠬᠡᠦᠬᠡᠳ ᠤᠨ ᠰᠣᠨᠢᠷᠬᠠᠯ ᠢᠶᠠᠷ ᠪᠢᠯᠬᠠᠭᠰᠠᠨ ᠱᠤᠭ ᠵᠢᠷᠤᠭ᠂ ᠬᠡᠦᠬᠡᠳ ᠤᠨ ᠦᠯᠢᠭᠡᠷ᠂ ᠨᠡᠪᠲᠡᠷᠬᠡᠢ ᠮᠡᠳᠡᠯᠭᠡ ᠵᠡᠷᠭᠡ | ᠨᠣᠮ ᠪᠢᠴᠢᠭ ᠢ ᠰᠡᠬᠦᠵᠦ᠂ ᠵᠢᠵᠢᠭ ᠬᠤᠷᠤᠭᠤ ᠪᠠᠷ ᠢᠶᠠᠨ ᠨᠣᠮ ᠤᠨ ᠬᠠᠭᠤᠳᠠᠰᠤᠨ ᠳᠡᠭᠡᠷ᠎ᠡ ᠠᠯᠭᠤᠷᠬᠠᠨ ᠵᠢᠭᠠᠵᠤ ᠂ | ᠲᠣᠩᠭᠠᠯᠠᠭ ᠰᠠᠶᠢᠬᠠᠨ ᠨᠢᠳᠦᠨ ᠳᠤ ᠨᠢ ᠦᠯᠢᠭᠡᠷ ᠤᠨ ᠶᠢᠷᠲᠢᠨᠴᠦ ᠶᠢᠨ ᠲᠤᠬᠠᠢ ᠰᠣᠨᠢᠷᠬᠠᠯ ᠬᠢᠭᠡᠳ ᠬᠦᠰᠡᠯ | ᠡᠷᠡᠮᠡᠯᠵᠡᠯ ᠢᠶᠠᠷ ᠳᠦᠭᠦᠷᠡᠪᠡ ᠂ ︽ ᠪᠢ ᠲᠠᠨ ᠢ ᠬᠡᠳᠦᠢ ᠬᠠᠶᠢᠷᠠᠯᠠᠬᠤ ᠶᠢ ᠲᠠᠭᠠᠭᠠᠷᠠᠢ ︾ ᠭᠡᠬᠦ ᠦᠯᠢᠭᠡᠷ ᠲᠤ ᠲᠣᠮᠣ | ᠲᠠᠤᠯᠠᠢ ᠪᠣᠯᠣᠨ ᠪᠢᠴᠢᠬᠠᠨ ᠲᠠᠤᠯᠠᠢ ᠶᠢᠨ ᠬᠠᠯᠠᠭᠤᠨ ᠳᠤᠯᠠᠭᠠᠨ ᠶᠠᠷᠢᠯᠴᠠᠭ᠎ᠠ ᠨᠢ ᠬᠡᠦᠬᠡᠳ ᠤᠳ ᠲᠤ ᠬᠠᠶᠢᠷ᠎ᠠ ᠶᠢᠨ | ᠢᠯᠡᠳᠬᠡᠯ ᠢ ᠮᠡᠳᠡᠷᠡᠭᠦᠯᠪᠡ ᠂ ︽ᠭᠠᠶᠢᠬᠠᠮᠰᠢᠭᠲᠤ ᠰᠤᠷᠭᠠᠭᠤᠯᠢ ᠶᠢᠨ ᠲᠡᠷᠭᠡ︾ ᠭᠡᠬᠦ ᠰᠢᠷᠢᠰ ᠱᠤᠭ ᠵᠢᠷᠤᠭ ᠨᠢ | ᠬᠡᠦᠬᠡᠳ ᠢ ᠳᠠᠭᠠᠭᠤᠯᠤᠨ ᠬᠠᠴᠢᠨ ᠵᠢᠭᠲᠡᠢ ᠠᠶᠠᠨ ᠢ ᠨᠡᠬᠡᠭᠡᠵᠦ ᠂ ᠬᠥᠮᠥᠨ ᠤ ᠪᠡᠶ᠎ᠡ᠂ ᠣᠷᠴᠢᠯᠠᠩ ᠳᠡᠯᠡᠬᠡᠢ ᠵᠡᠷᠭᠡ | ᠰᠢᠨᠵᠢᠯᠡᠬᠦ ᠤᠬᠠᠭᠠᠨ ᠤ ᠨᠢᠭᠤᠴᠠ ᠶᠢ ᠬᠠᠶᠢᠵᠤ᠂ ᠬᠡᠦᠬᠡᠳ ᠤᠨ ᠰᠡᠳᠬᠢᠯ ᠳᠤ ᠮᠡᠳᠡᠯᠭᠡ ᠰᠤᠷᠬᠤ ᠦᠷ᠎ᠡ ᠶᠢ ᠲᠠᠷᠢᠵᠤ ᠂ | ᠬᠡᠦᠬᠡᠳ ᠤᠳ ᠤᠨ ᠬᠠᠯᠠᠭᠤᠨ ᠳᠤᠯᠠᠭᠠᠨ ᠢᠨᠢᠶᠡᠮᠰᠦᠭᠯᠡᠯ ᠨᠢ ᠨᠣᠮ ᠤᠨ ᠦᠨᠦᠷ ᠲᠠᠢ ᠬᠤᠯᠪᠣᠯᠳᠤᠵᠤ᠂ ᠭᠡᠷ | ᠣᠷᠣᠨ ᠤ ᠬᠠᠮᠤᠭ ᠤᠨ ᠭᠤᠶᠤ ᠦᠵᠡᠮᠵᠢ ᠪᠣᠯᠤᠭᠰᠠᠨ ᠪᠠᠶᠢᠨ᠎ᠠ᠃ | ᠠᠵᠢᠯᠯᠠᠭ᠎ᠠ ᠪᠠᠷ ᠲᠠᠮᠵᠢᠨ᠂ ᠨᠣᠮ ᠪᠢᠴᠢᠭ ᠥᠩᠭᠡᠷᠡᠭᠰᠡᠨ᠂ ᠤᠳᠤ ᠪᠣᠯᠤᠨ ᠢᠷᠡᠭᠡᠳᠦᠢ ᠶᠢᠨ ᠬᠤᠯᠪᠣᠭᠠᠰᠤ | ᠪᠣᠯᠵᠤ ᠂ ᠬᠡᠦᠬᠡᠳ ᠤᠨ ᠰᠡᠳᠬᠢᠯ ᠤᠨ ᠨᠡᠪᠲᠡᠷᠡᠯᠴᠡᠭᠡ ᠶᠢᠨ ᠬᠥᠭᠦᠷᠭᠡ ᠪᠣᠯᠪᠠ᠂ ᠤᠯᠠᠨ ᠢᠶᠠᠷ ᠢᠶᠠᠨ ᠮᠡᠳᠡᠯᠭᠡ ᠶᠢ | ᠰᠢᠩᠭᠡᠭᠡᠨ ᠠᠪᠴᠤ᠂ ᠬᠠᠶᠢᠷ᠎ᠠ ᠰᠡᠳᠬᠢᠯᠭᠡ ᠶᠢ ᠬᠤᠪᠢᠶᠠᠯᠴᠠᠵᠤ᠂ ᠤᠶᠤᠨ ᠤᠬᠠᠭᠠᠨ ᠢ ᠰᠡᠩᠬᠡᠷᠡᠭᠦᠯᠵᠦ᠂ ᠨᠣᠮ ᠤᠨ | ᠦᠨᠦᠷ ᠠᠮᠲᠠ ᠶᠢ ᠬᠠᠯᠠᠭᠤᠨ ᠳᠤᠯᠠᠭᠠᠨ ᠭᠡᠷ ᠣᠷᠣᠨ ᠳᠤ ᠬᠠᠳᠠᠩᠰᠢᠭᠤᠯᠪᠠ᠃ | |