ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠨᠢᠭᠡ ᠠᠯᠬᠤᠮ ᠪᠠᠲᠤ | ᠴᠣᠭᠴᠠᠯᠠᠵᠤ ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠵᠢᠷᠭᠠᠯ | ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠬᠡᠬᠦ ᠪᠠᠨ | ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ | ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ | ᠠᠬᠢᠭᠤᠯᠬᠤ ᠶᠢᠨ ᠲᠥᠯᠥᠭᠡ᠂ ᠤᠢᠢᠷ᠎ᠠ ᠳᠤ ᠂ ᠰᠢᠨ ᠸᠠᠩ ᠨᠡᠶᠢᠭᠡᠮ ᠲᠣᠭᠤᠷᠢᠭ ᠤᠨ ᠬᠢᠨ ︽ᠠᠨᠠᠷ ᠤᠨ ᠦᠷ᠎ᠠ | ᠮᠡᠲᠦ ᠶᠢᠨ ᠳᠣᠲᠣᠨᠣ ᠳᠤᠮᠳᠠᠳᠤ ᠶᠢᠨ ᠦᠨᠳᠦᠰᠦᠲᠡᠨ ᠢ ᠬᠠᠮᠲᠤ ᠪᠠᠷ ᠪᠣᠶᠢᠵᠢᠭᠤᠯᠤᠶ᠎ᠠ ︾ ᠦᠨᠳᠦᠰᠦᠲᠡᠨ ᠤ | ᠪᠦᠯᠬᠦᠮᠳᠡᠯ ᠤᠨ ᠦᠯᠢᠭᠡᠷ ᠤᠨ ᠶᠠᠷᠢᠶ᠎ᠠ ᠢᠯᠡᠳᠬᠡᠯ ᠤᠨ ᠠᠵᠢᠯᠯᠠᠭ᠎ᠠ ᠦᠷᠨᠢᠭᠦᠯᠪᠡ ᠃ | | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠯᠠᠨ ᠢᠶᠠᠷ ᠢᠶᠠᠨ ᠥᠪᠡᠷ ᠤᠨ ᠡᠵᠡᠮᠰᠢᠭᠰᠡᠨ | ᠦᠨᠳᠦᠰᠦᠲᠡᠨ ᠤ ᠪᠦᠯᠬᠦᠮᠳᠡᠯ ᠤᠨ ᠵᠢᠵᠢᠭ ᠦᠯᠢᠭᠡᠷ ᠢᠶᠠᠨ ᠢᠳᠡᠪᠬᠢᠲᠡᠢ ᠬᠤᠪᠢᠶᠠᠯᠴᠠᠵᠤ᠂ ᠠᠵᠢᠯᠯᠠᠭ᠎ᠠ ᠳᠤ | ᠣᠷᠣᠯᠴᠠᠭᠴᠢᠳ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ ᠂ ᠡᠭᠡᠯ ᠪᠣᠷᠣᠭᠵᠢᠭᠤᠨ ᠦᠭᠡ ᠬᠡᠯᠡ᠂ | ᠴᠢᠩ ᠦᠨᠡᠨᠴᠢ ᠬᠠᠶᠢᠷ᠎ᠠ ᠰᠡᠳᠬᠢᠯᠭᠡ ᠪᠣᠯᠤᠨ ᠠᠮᠢᠳᠤᠯᠢᠭ ᠵᠢᠱᠢᠶ᠎ᠠ ᠪᠠᠷ ᠳᠡᠷᠭᠡᠳᠡᠬᠢ ᠦᠨᠳᠦᠰᠦᠲᠡᠨ ᠤ | ᠪᠦᠯᠬᠦᠮᠳᠡᠯ ᠤᠨ ᠦᠯᠢᠭᠡᠷ ᠢᠶᠠᠨ ᠶᠠᠷᠢᠵᠤ ᠪᠠᠶᠢᠯ᠎ᠠ᠃ ᠵᠠᠷᠢᠮ ᠨᠢ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ | ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠢᠯᠴᠠᠨ ᠬᠠᠪᠰᠤᠷᠤᠯᠴᠠᠬᠤ ᠂ ᠬᠥᠷᠰᠢ ᠵᠡᠷᠭᠡᠯᠡᠳᠡᠭᠡ ᠶᠢᠨ | ᠬᠤᠭᠤᠷᠣᠨᠳᠣ ᠡᠪᠡᠳᠴᠢᠯᠡᠪᠡᠯ ᠰᠠᠨᠠᠭᠠᠴᠢᠯᠠᠭ᠎ᠠ ᠠᠴᠠ ᠪᠠᠨ ᠬᠡᠦᠬᠡᠳ ᠢ ᠨᠢ ᠬᠠᠷᠠᠭᠠᠯᠵᠠᠵᠤ᠂ ᠠᠮᠢᠳᠤᠷᠠᠯ ᠤᠨ ᠬᠡᠷᠡᠭᠰᠡᠯ | ᠬᠤᠳᠠᠯᠳᠤᠨ ᠠᠪᠴᠤ ᠥᠭᠬᠦ ᠂ ᠠᠮᠢᠳᠤᠷᠠᠯ ᠤᠨ ᠳᠤᠮᠳᠠ ᠭᠠᠷ ᠬᠤᠯᠪᠣᠯᠴᠠᠨ ᠬᠦᠴᠢᠷ ᠪᠡᠷᠬᠡᠰᠢᠶᠡᠯ ᠢ ᠢᠯᠠᠨ ᠳᠠᠪᠠᠭ᠋ᠤ | ᠬᠠᠯᠠᠭᠤᠨ ᠳᠤᠯᠠᠭᠠᠨ ᠡᠳᠦᠷ ᠲᠤᠲᠤᠮ ᠤᠨ ᠠᠮᠢᠳᠤᠷᠠᠯ ᠢᠶᠠᠨ ᠬᠤᠪᠢᠶᠠᠯᠴᠠᠨ᠎ᠠ ᠃ ᠵᠠᠷᠢᠮ ᠨᠢ ᠪᠠᠰᠠ ᠨᠡᠶᠢᠭᠡᠮ | ᠲᠣᠭᠤᠷᠢᠭ ᠤᠨ ᠳᠣᠲᠣᠷᠠᠬᠢ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠠᠶᠢᠨ ᠳᠤᠷ᠎ᠠ ᠶᠢᠨ ᠦᠢᠯᠡᠴᠢᠯᠡᠭᠡ ᠳᠤ | ᠬᠠᠮᠲᠤᠪᠠᠷ ᠣᠷᠣᠯᠴᠠᠵᠤ᠂ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ | ᠰᠡᠳᠬᠢᠯ ᠬᠥᠳᠡᠯᠭᠡᠮ᠎ᠡ ᠦᠯᠢᠭᠡᠷ ᠢ ᠬᠤᠪᠢᠶᠠᠯᠴᠠᠨ᠎ᠠ ᠃ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠴᠡᠭᠴᠡᠯᠡᠨ | ᠵᠠᠰᠠᠬᠤ ᠠᠵᠢᠯᠯᠠᠭ᠎ᠠ ᠶᠢᠨ ᠳᠤᠮᠳᠠ᠂ ᠦᠨᠳᠦᠰᠦᠲᠡᠨ ᠨᠦᠭᠦᠳ ᠤᠨ ᠣᠯᠠᠨ ᠲᠦᠮᠡᠨ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ᠂ ᠵᠡᠭᠡᠯᠢ ᠭᠤᠳᠤᠮᠵᠢ ᠶᠢ ᠴᠡᠪᠡᠷᠯᠡᠵᠦ᠂ ᠦᠵᠡᠰᠬᠦᠯᠡᠩᠲᠦ ᠰᠠᠶᠢᠬᠠᠨ ᠭᠡᠷ ᠣᠷᠣᠨ ᠢ ᠴᠣᠭᠴᠠᠯᠠᠨ | ᠪᠠᠶᠢᠭᠤᠯᠬᠤ ᠳᠤ ᠬᠠᠮᠲᠤᠪᠠᠷ ᠬᠦᠴᠦ ᠬᠥᠯᠥᠰᠥ ᠪᠠᠨ ᠤᠷᠤᠰᠬᠠᠪᠠ᠃ ᠪᠠᠰᠠ ᠵᠠᠷᠢᠮ ᠨᠢ ᠲᠡᠦᠬᠡ ᠪᠠᠨ ᠡᠷᠭᠢᠴᠡᠭᠦᠯᠵᠦ᠂ | ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠯᠤᠰ ᠤᠨ ᠬᠥᠭᠵᠢᠯᠲᠡ ᠶᠢᠨ ᠶᠠᠪᠤᠴᠠ ᠳᠤ ᠭᠠᠷ ᠬᠤᠯᠪᠣᠨ | ᠬᠠᠮᠲᠤ ᠪᠠᠷ ᠤᠷᠤᠭᠰᠢᠯᠠᠭᠰᠠᠨ ᠰᠡᠳᠬᠢᠯ ᠬᠥᠳᠡᠯᠭᠡᠮ᠎ᠡ ᠬᠠᠭᠤᠳᠠᠰᠤ ᠶᠢ ᠶᠠᠷᠢᠵᠤ᠂ ᠡᠷᠲᠡᠨ ᠤ | ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠵᠤ ᠠᠬᠤᠢ ᠰᠣᠶᠣᠯ ᠤᠨ ᠰᠣᠯᠢᠯᠴᠠᠭ᠎ᠠ ᠠᠴᠠ ᠣᠷᠴᠢᠨ | ᠦᠶ᠎ᠡ ᠶᠢᠨ ᠭᠠᠳᠠᠭᠠᠳᠤ ᠶᠢᠨ ᠳᠠᠶᠢᠰᠤᠨ ᠢ ᠬᠠᠮᠲᠤ ᠪᠠᠷ ᠡᠰᠡᠷᠭᠦᠴᠡᠬᠦ ᠬᠦᠷᠲᠡᠯ᠎ᠡ᠂ ᠤᠳᠤ ᠦᠶ᠎ᠡ ᠶᠢᠨ ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠡᠬᠡ ᠤᠯᠤᠰ ᠢᠶᠠᠨ ᠪᠦᠳᠦᠭᠡᠨ ᠪᠠᠶᠢᠭᠤᠯᠵᠤ᠂ ᠳᠤᠮᠳᠠᠳᠤ ᠶᠢᠨ | ᠦᠨᠳᠦᠰᠦᠲᠡᠨ ᠤ ᠪᠦᠯᠬᠦᠮᠳᠡᠨ ᠨᠢᠭᠡᠳᠴᠦ᠂ ᠨᠤᠭᠤᠷᠠᠰᠢ ᠦᠭᠡᠢ ᠠᠭᠤᠤ ᠶᠡᠭᠡ ᠵᠣᠷᠢᠭ ᠰᠠᠨᠠᠭ᠎ᠠ ᠶᠢ ᠢᠯᠡᠷᠡᠭᠦᠯᠵᠦ᠂ | ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠦᠨᠳᠦᠰᠦᠲᠡᠨ ᠤ ᠪᠦᠯᠬᠦᠮᠳᠡᠯ ᠪᠣᠯ ᠤᠯᠤᠰ ᠣᠷᠣᠨ ᠤ ᠬᠥᠭᠵᠢᠯ | ᠪᠠᠳᠠᠷᠠᠯ ᠤᠨ ᠰᠠᠭᠤᠷᠢ ᠪᠣᠯᠬᠤ ᠶᠢ ᠭᠦᠨᠵᠡᠭᠡᠢ ᠮᠡᠳᠡᠷᠡᠭᠦᠯᠪᠡ᠃ | | | ᠲᠣᠰ ᠤᠳᠠᠭᠠᠨ ᠤ ᠦᠨᠳᠦᠰᠦᠲᠡᠨ ᠤ ᠪᠦᠯᠬᠦᠮᠳᠡᠯ ᠤᠨ ᠥᠯᠢᠭᠡᠷ ᠤᠨ ᠶᠠᠷᠢᠶ᠎ᠠ ᠢᠯᠡᠳᠬᠡᠯ ᠤᠨ | ᠠᠵᠢᠯᠯᠠᠭ᠎ᠠ ᠨᠢ ᠰᠠᠭᠤᠭᠠᠯᠢ ᠠᠷᠠᠳ ᠲᠤ ᠥᠪᠡᠷ ᠢ ᠪᠠᠨ ᠳᠡᠯᠭᠡᠨ ᠦᠵᠡᠭᠦᠯᠬᠦ᠂ ᠥᠯᠢᠭᠡᠷ ᠬᠤᠪᠢᠶᠠᠯᠴᠠᠬᠤ ᠲᠠᠪᠴᠠᠩ | ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠢᠬᠤᠯᠠ ᠨᠢ ᠦᠨᠡᠨ ᠪᠣᠳᠠᠲᠠᠶ ᠪᠥᠭᠡᠳ ᠰᠡᠳᠬᠢᠯ ᠳᠣᠭᠳᠣᠯᠤᠮ᠎ᠠ | ᠥᠯᠢᠭᠡᠷ ᠢᠶᠠᠷ᠂ ᠦᠨᠳᠦᠰᠦᠲᠡᠨ ᠤ ᠪᠦᠯᠬᠦᠮᠳᠡᠯ ᠤᠨ ᠣᠨᠣᠯᠵᠢᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠪᠦᠯᠬᠦᠮᠳᠡᠯ ᠤᠨ ᠦᠵᠡᠯ ᠤᠬᠠᠮᠰᠠᠷ ᠪᠠ ᠨᠢᠭᠲᠠᠷᠠᠯ ᠤᠨ ᠬᠦᠴᠦᠨ ᠢ | ᠤᠯᠠᠮ ᠨᠢᠭᠡ ᠠᠯᠬᠤᠮ ᠴᠢᠩᠭᠠᠷᠠᠭᠤᠯᠤᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ | ᠲᠣᠭᠤᠷᠢᠭ ᠤᠨ ᠬᠢᠨ ᠦᠷᠭᠦᠯᠵᠢᠯᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠤᠯᠠᠨ ᠬᠡᠯᠪᠡᠷᠢ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ | ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠨᠡᠩ ᠡᠶ᠎ᠡ ᠵᠣᠬᠢᠴᠠᠩᠭᠤᠢ᠂ ᠪᠦᠯᠬᠦᠮᠳᠡᠯ ᠲᠠᠢ᠂ ᠨᠥᠬᠦᠷᠰᠡᠭ | ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠴᠡᠴᠡᠭ ᠢ | ᠨᠡᠶᠢᠭᠡᠮ ᠲᠣᠭᠤᠷᠢᠭ ᠲᠤ ᠨᠡᠩ ᠭᠡᠷᠡᠯ ᠭᠢᠯᠪᠠᠭ᠎ᠠ ᠰᠠᠴᠤᠷᠠᠭᠤᠯᠤᠨ᠎ᠠ᠃ | |