ᠣᠶᠢᠷ᠎ᠠ ᠳᠤ᠂ ᠰᠢᠨ ᠸᠠᠩ ᠨᠡᠶᠢᠭᠡᠮ ᠲᠣᠭᠤᠷᠢᠭ ᠤᠨ ᠬᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ | ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯᠯᠠᠭ᠎ᠠ ᠥᠷᠨᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ | ᠱᠤᠭᠤᠮ ᠢ ᠪᠠᠲᠤ ᠴᠣᠭᠴᠠᠯᠠᠪᠠ ᠃ ᠠᠵᠢᠯᠯᠠᠭ᠎ᠠ ᠨᠢ ︽ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ ᠴᠡᠭᠴᠡᠯᠡᠨ | ᠰᠠᠶᠢᠵᠢᠷᠠᠭᠤᠯᠬᠤ︾ ᠪᠠᠷ ᠣᠶᠢᠯᠠᠭᠠᠭᠳᠠᠬᠤᠨ ᠪᠣᠯᠭᠠᠵᠤ᠂ ᠬᠠᠷᠢᠶ᠎ᠠ ᠲᠣᠭᠤᠷᠢᠭ ᠤᠨ ᠠᠮᠤᠷ ᠲᠦᠪᠰᠢᠨ | ᠲᠣᠭᠲᠠᠭᠤᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ | ᠠᠮᠤᠷ ᠲᠦᠪᠰᠢᠨ ᠤ ᠠᠳᠡᠯ ᠭᠠᠷᠬᠤ ᠶᠢ ᠬᠤᠷᠢᠭᠯᠠᠪᠠ᠃ | ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠮᠤᠷ ᠲᠦᠪᠰᠢᠨ ᠤ ᠬᠠᠮᠲᠤ ᠶᠢᠨ ᠲᠠᠨᠢᠯᠲᠠ ᠶᠢ | ᠨᠢᠭᠲᠠᠷᠠᠭᠤᠯᠪᠠ | ᠲᠣᠣᠷᠵᠢᠯ ᠤᠨ ᠠᠵᠢᠯᠲᠠᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠨᠢᠭᠤᠷᠲᠠᠨ ᠰᠣᠯᠢᠯᠴᠠᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠠᠭᠤᠭᠠᠯᠢ ᠠᠷᠠᠳ ᠲᠤ ᠠᠮᠤᠷ ᠲᠦᠪᠰᠢᠨ ᠤ ᠲᠦᠭᠰᠢᠭᠦᠷᠢ ᠶᠢᠨ ᠮᠡᠳᠡᠯᠭᠡ ᠶᠢ | ᠲᠦᠭᠡᠮᠡᠯᠵᠢᠭᠦᠯᠵᠦ᠂ ᠠᠮᠤᠷ ᠲᠦᠪᠰᠢᠨ ᠤ ᠦᠵᠡᠯ ᠤᠬᠠᠮᠰᠠᠷ ᠢ ᠨᠢ ᠳᠡᠭᠡᠭᠰᠢᠯᠡᠭᠦᠯᠪᠡ᠃ ᠡᠭᠦᠨ ᠤ ᠬᠠᠮᠲᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠬᠠᠭᠤᠯᠭ᠎ᠠ | ᠬᠥᠮᠦᠵᠢᠯ ᠢ ᠡᠭᠦᠨ ᠳᠤ ᠠᠭᠤᠰᠤᠯᠴᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ︽ | ᠠᠮᠤᠷ ᠲᠦᠪᠰᠢᠨ ᠲᠣᠭᠲᠠᠭᠤᠨ ᠳᠤ ᠬᠥᠮᠦᠨ ᠪᠦᠬᠦᠨ ᠬᠠᠷᠢᠭᠤᠴᠠᠯᠭ᠎ᠠ ᠲᠠᠢ᠂ ᠦᠨᠳᠦᠰᠦᠲᠡᠨ ᠤ ᠪᠦᠯᠬᠦᠮᠳᠡᠯ ᠢ | ᠬᠥᠮᠦᠨ ᠪᠦᠬᠦᠨ ᠬᠠᠮᠲᠤ ᠪᠠᠷ ᠡᠳ᠋ᠯᠡᠬᠦ︾ ᠣᠶᠢᠯᠠᠭᠠᠭᠳᠠᠬᠤᠨ ᠢ ᠪᠣᠶ ᠪᠣᠯᠭᠠᠵᠤ᠂ ᠬᠡᠷ ᠣᠷᠣᠨ ᠤ ᠠᠮᠤᠷ ᠲᠦᠪᠰᠢᠨ ᠢ | ᠬᠠᠮᠲᠤ ᠪᠠᠷ ᠰᠠᠬᠢᠨ ᠬᠠᠮᠠᠭᠠᠯᠠᠪᠠ ᠃ | | ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ | ᠲᠦᠪᠰᠢᠨ ᠤ ᠳᠠᠯᠳᠠ ᠭᠡᠮ ᠢ ᠠᠷᠢᠯᠭᠠᠪᠠ | ᠬᠤᠨᠣᠭᠯᠠᠬᠤ ᠠᠮᠤᠷ ᠲᠦᠪᠰᠢᠨ᠂ ᠴᠠᠬᠢᠯᠭᠠᠨ ᠬᠡᠷᠡᠭᠯᠡᠬᠦ ᠳᠠᠯᠳᠠ ᠬᠡᠮ᠂ ᠠᠮᠤᠷ ᠲᠦᠪᠰᠢᠨ ᠤ ᠵᠠᠮ | ᠪᠥᠭᠯᠡᠷᠡᠬᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠬᠤ ᠵᠡᠷᠭᠡ | ᠠᠰᠠᠭᠤᠳᠠᠯ ᠳᠤ ᠴᠢᠭᠯᠡᠭᠦᠯᠦᠨ᠂ ᠬᠠᠷᠢᠶ᠎ᠠ ᠲᠣᠭᠤᠷᠢᠭ ᠤᠨ ᠭᠤᠤᠯᠳᠠᠯᠭ᠎ᠠ ᠪᠣᠯᠬᠤ ᠣᠷᠣᠨ ᠪᠦᠰᠡ ᠳᠤ ᠨᠠᠷᠢᠨ ᠨᠢᠮᠪᠠᠶ | ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠪᠡ᠃ ᠲᠤᠬᠠᠶ ᠶᠢᠨ ᠲᠠᠯᠠᠪᠤᠷ ᠲᠤ ᠵᠢᠷᠤᠮᠵᠢᠯ ᠥᠬᠡᠶ ᠦᠢᠯᠡ | ᠠᠵᠢᠯᠯᠠᠭ᠎ᠠ ᠳᠤ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠲᠣᠭᠲᠠᠭᠰᠠᠨ ᠬᠤᠭᠤᠴᠠᠭᠠᠨ ᠳᠤ ᠴᠡᠭᠴᠡᠯᠡᠨ | ᠰᠠᠶᠢᠵᠢᠷᠠᠭᠤᠯᠵᠤ ᠂ ᠠᠮᠤᠷ ᠲᠦᠪᠰᠢᠨ ᠤ ᠬᠡᠮ ᠰᠣᠭᠤᠭ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠶ | ᠭᠡᠵᠦ ᠱᠠᠭᠠᠷᠳᠠᠪᠠ᠃ | | | ᠤᠷᠲᠤ ᠬᠤᠭᠤᠴᠠᠭᠠᠨ ᠤ ᠪᠦᠲᠦᠮᠵᠢ ᠲᠠᠢ ᠲᠣᠭᠲᠠᠴᠠ ᠪᠠᠶᠢᠭᠤᠯᠵᠤ᠂ ᠵᠠᠰᠠᠭᠰᠠᠨ ᠦᠷ᠎ᠡ ᠪᠦᠲᠦᠭᠡᠯ ᠢᠶᠠᠨ | ᠪᠠᠬᠢᠵᠢᠭᠦᠯᠪᠡ | ᠲᠣᠰ ᠤᠳᠠᠭᠠᠨ ᠤ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠠᠮᠤᠷ ᠠᠮᠤᠭᠤᠯᠠᠩ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ | ᠪᠥᠲᠥᠭᠡᠨ ᠪᠠᠶᠢᠭᠤᠯᠤᠯᠲᠠ ᠶᠢᠨ ᠰᠠᠭᠤᠷᠢ ᠶᠢ ᠨᠠᠩ ᠪᠠᠲᠤᠳᠬᠠᠪᠠ᠃ ᠲᠣᠣᠷᠵᠢᠯ ᠤᠨ ᠠᠵᠢᠯᠲᠠᠨ ᠲᠣᠭᠲᠠᠮᠠᠯ | ᠬᠤᠭᠤᠴᠠᠭ᠎ᠠ ᠲᠠᠢ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠮᠤᠷ ᠲᠦᠪᠰᠢᠨ ᠤ ᠪᠠᠶᠢᠴᠠᠭᠠᠯᠲᠠ ᠶᠢ | ᠦᠷᠭᠦᠯᠵᠢᠯᠡᠨ ᠬᠢᠵᠦ᠂ ᠳᠠᠯᠳᠠ ᠬᠡᠮ ᠢ ᠬᠥᠳᠡᠯᠦᠩᠭᠦᠶ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠠᠮᠤᠷ | ᠲᠦᠪᠰᠢᠨ ᠤ ᠮᠡᠳᠡᠯᠭᠡ ᠬᠢᠭᠡᠳ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ | ᠭᠦᠨᠵᠡᠭᠡᠶᠢᠷᠡᠭᠦᠯᠵᠦ᠂ ᠠᠮᠤᠷ ᠲᠦᠪᠰᠢᠨ ᠲᠣᠭᠲᠠᠭᠤᠨ᠂ ᠪᠦᠯᠬᠦᠮᠳᠡᠯ ᠲᠠᠢ ᠡᠶ᠎ᠡ ᠵᠣᠬᠢᠴᠠᠩᠭᠤᠶ ᠨᠡᠶᠢᠭᠡᠮ | ᠲᠣᠭᠤᠷᠢᠭ ᠤᠨ ᠣᠷᠴᠢᠨ ᠲᠣᠭᠤᠷᠢᠨ ᠢ ᠪᠣᠶ ᠪᠣᠯᠭᠠᠨ᠎ᠠ᠃ | | ᠠᠮᠤᠷ ᠲᠦᠪᠰᠢᠨ ᠪᠣᠯ ᠨᠡᠶᠢᠭᠡᠮ ᠲᠣᠭᠤᠷᠢᠭ ᠤᠨ ᠬᠥᠭᠵᠢᠯᠲᠡ ᠶᠢᠨ ᠰᠠᠭᠤᠷᠢ ᠮᠥᠨ᠂ ᠦᠨᠳᠦᠰᠦᠲᠡᠨ ᠤ | ᠪᠦᠯᠬᠦᠮᠳᠡᠯ ᠪᠣᠯ ᠨᠡᠶᠢᠭᠡᠮ ᠲᠣᠭᠤᠷᠢᠭ ᠤᠨ ᠡᠶ᠎ᠡ ᠵᠣᠬᠢᠴᠠᠯ ᠤᠨ ᠬᠤᠯᠪᠣᠭᠠᠰᠤ ᠮᠥᠨ᠃ ᠲᠣᠰ ᠤᠳᠠᠭᠠᠨ ᠤ | ᠵᠢᠭᠰᠠᠭᠠᠨ ᠪᠠᠶᠢᠴᠠᠭᠠᠬᠤ ᠠᠵᠢᠯᠯᠠᠭ᠎ᠠ ᠨᠢ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠶᠠᠪᠤᠳᠠᠯ | ᠪᠣᠯᠬᠤ ᠪᠠᠷ ᠪᠠᠷᠠᠬᠤ ᠥᠬᠡᠶ ᠪᠠᠰᠠ ᠬᠠᠮᠲᠤ ᠶᠢᠨ ᠴᠣᠭᠴᠠ ᠶᠢᠨ ᠤᠬᠠᠮᠰᠠᠷ ᠢ ᠨᠢᠭᠲᠠᠷᠠᠭᠤᠯᠬᠤ ᠶᠠᠪᠤᠳᠠᠯ ᠪᠣᠯᠤᠨ᠎ᠠ᠃ | ᠲᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠨᠠᠩ ᠨᠠᠷᠢᠯᠢᠭ ᠵᠠᠰᠠᠯᠲᠠ᠂ ᠨᠠᠩ ᠬᠠᠯᠠᠭᠤᠨ | ᠳᠤᠯᠠᠭᠠᠨ ᠬᠤᠯᠪᠣᠭᠠᠯᠠᠨ ᠬᠥᠳᠡᠯᠦᠯᠴᠡᠵᠦ᠂ ᠠᠮᠤᠷ ᠲᠦᠪᠰᠢᠨ ᠤ ᠳᠠᠯᠳᠠ ᠬᠡᠮ ᠢ ᠵᠠᠶᠢᠯᠠᠭᠤᠯᠵᠤ᠂ ᠪᠦᠯᠬᠦᠮᠳᠡᠯ ᠤᠨ | ᠴᠡᠴᠡᠭ ᠢ ᠪᠠᠶᠢᠩᠭᠤ ᠬᠥᠭᠵᠢᠭᠦᠯᠵᠦ᠂ ︽ᠠᠮᠤᠷ ᠲᠦᠪᠰᠢᠨ ᠢᠶᠠᠷ ᠬᠠᠮᠠᠭᠠᠯᠠᠬᠤ᠂ ᠰᠡᠳᠬᠢᠯ ᠨᠢᠭᠡᠳᠦᠨ ᠬᠦᠰᠡᠯ | ᠵᠡᠭᠦᠳᠦ ᠪᠠᠨ ᠲᠡᠷᠭᠡᠯᠰᠢᠭᠦᠯᠬᠦ︾ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠬᠠᠭᠤᠳᠠᠰᠤ ᠶᠢ ᠪᠥᠬᠦ | ᠬᠦᠴᠦᠨ ᠢᠶᠠᠷ ᠢᠶᠠᠨ ᠵᠢᠷᠤᠭᠯᠠᠨ᠎ᠠ᠃ | |