ᠰᠢᠭᠤᠶᠢᠲᠤ ᠵᠡᠭᠡᠯᠢ ᠭᠤᠳᠤᠮᠵᠢ ︽5.12 ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/5/15
        2025 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠪᠣᠯ ᠮᠠᠨ ᠤ ᠤᠯᠤᠰ ᠤᠨ 17 ᠳ᠋ᠤᠭᠠᠷ ᠪᠥᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠪᠣᠯᠤᠨ᠎ᠠ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠭᠠᠵᠤ ᠴᠢᠳᠠᠨ᠎ᠠ — ᠳᠡᠷᠭᠡᠳᠡᠬᠢ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ︾ ᠪᠠᠷ ᠭᠤᠤᠯ ᠰᠡᠳᠦᠪ ᠪᠣᠯᠭᠠᠪᠠ᠃ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ  ᠴᠢᠳᠠᠪᠤᠷᠢ ᠶᠢ ᠨᠢ ᠳᠡᠭᠡᠭᠰᠢᠯᠡᠭᠦᠯᠬᠦ ᠶᠢᠨ ᠲᠤᠰᠠᠳᠠ᠂ ᠰᠢᠭᠤᠶᠢᠲᠤ ᠵᠡᠭᠡᠯᠢ ᠭᠤᠳᠤᠮᠵᠢ ︽5.12 ᠪᠦᠬᠦ ᠤᠯᠤᠰ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
图片5.png
        ᠠᠵᠢᠯᠯᠠᠭ᠎ᠠ ᠶᠢᠨ ᠳᠤᠮᠳᠠ᠂ ᠠᠵᠢᠯᠲᠠᠳ ᠬᠠᠷᠢᠶᠠᠲᠤ ᠲᠣᠭᠤᠷᠢᠭ ᠤᠨ ᠰᠠᠭᠤᠭᠠᠯᠢ ᠠᠷᠠᠳ ᠲᠤ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠡᠳᠦᠷ ᠤᠨ ᠡᠭᠦᠰᠦᠯ ᠪᠠ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠪᠣᠯᠤᠨ ᠲᠣᠰ ᠪᠡᠶ᠎ᠡ ᠶᠢᠨ ᠠᠮᠢᠳᠤᠷᠠᠯ ᠨᠢᠭᠲᠠ ᠬᠤᠯᠪᠣᠭ᠎ᠠ ᠲᠠᠢ ᠪᠠᠶᠢᠬᠤ ᠶᠢ ᠣᠯᠠᠨ ᠳᠤ ᠭᠦᠨᠵᠡᠭᠡᠶ ᠲᠠᠨᠢᠭᠤᠯᠪᠠ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠬᠦ ᠵᠢᠴᠢ ᠲᠤᠬᠠᠶ ᠶᠢᠨ ᠲᠠᠯᠠᠪᠠᠶ ᠶᠢᠨ ᠲᠠᠶᠢᠯᠤᠮᠵᠢ ᠬᠢᠬᠦ ᠪᠠᠷ ᠳᠠᠮᠵᠢᠭᠤᠯᠤᠨ᠂ ᠰᠠᠭᠤᠭᠠᠯᠢ ᠠᠷᠠᠳ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠮᠡᠳᠡᠯᠭᠡ ᠶᠢ ᠰᠢᠰᠲ᠋ᠧᠮ ᠲᠠᠢ ᠰᠤᠷᠤᠯᠴᠠᠵᠤ᠂ ᠭᠠᠵᠠᠷ ᠬᠥᠳᠡᠯᠦᠯᠲᠡ᠂ ᠭᠠᠯ ᠤᠨ ᠠᠶᠤᠯ᠂ ᠦᠶᠡᠷ ᠤᠨ ᠤᠰᠤ᠂ ᠵᠡᠷᠭᠡ ᠪᠠᠶᠢᠩᠭᠤ ᠲᠣᠬᠢᠶᠠᠯᠳᠤᠳᠠᠭ ᠪᠠᠶᠢᠭᠠᠯᠢ ᠶᠢᠨ ᠭᠠᠮᠰᠢᠭ ᠤᠨ ᠲᠤᠬᠠᠶ ᠠᠷᠭᠠᠴᠠᠭᠠᠬᠤ ᠠᠷᠭ᠎ᠠ ᠪᠣᠳᠣᠯᠭ᠎ᠠ ᠶᠢ ᠪᠥᠬᠦ ᠲᠠᠯ᠎ᠠ ᠪᠠᠷ ᠣᠶᠢᠯᠠᠭᠠᠪᠠ᠃ ᠵᠢᠱᠢᠶᠡᠯᠡᠪᠡᠯ᠂ ᠭᠠᠵᠠᠷ ᠬᠥᠳᠡᠯᠦᠯᠲᠡ ᠡᠭᠦᠰᠬᠦ ᠦᠶ᠎ᠡ ᠳᠤ᠂ ᠭᠡᠷ ᠳᠣᠲᠣᠷ᠎ᠠ ᠪᠠᠲᠤ ᠪᠠᠬᠢ ᠰᠢᠷᠡᠭᠡᠨ ᠤ ᠳᠣᠣᠷ᠎ᠠ ᠪᠤᠶᠤ ᠬᠡᠷᠡᠮ ᠤᠨ ᠦᠨᠴᠦᠭ ᠪᠣᠯᠣᠩ ᠳᠤ ᠲᠠᠯᠳᠠᠯᠠᠵᠤ ᠂ ᠰᠢᠯ ᠴᠣᠩᠬᠤ  ᠵᠡᠷᠭᠡ ᠠᠮᠠᠷᠬᠠᠨ ᠬᠠᠭᠠᠷᠠᠬᠤ ᠵᠦᠢᠯ ᠠᠴᠠ ᠬᠤᠯᠠ ᠵᠠᠶᠢᠳᠠᠭᠤ ᠪᠠᠶᠢᠵᠤ᠂ ︽ ᠭᠠᠵᠠᠷᠳᠠᠬᠤ ᠂ ᠬᠠᠯᠬᠠᠯᠠᠬᠤ᠂ ᠭᠠᠷ ᠢᠶᠠᠷ ᠢᠶᠠᠨ ᠴᠢᠩᠭ᠎ᠠ ᠠᠳᠬᠤᠬᠤ︾ ᠠᠶᠤᠯ ᠠᠴᠠ ᠵᠠᠶᠢᠯᠠᠬᠤ ᠵᠠᠷᠴᠢᠮ ᠢ  ᠪᠠᠲᠤ ᠴᠡᠭᠡᠵᠢᠯᠡᠬᠦ ᠬᠡᠷᠡᠭᠲᠡᠢ ︔ ᠭᠡᠷ ᠤᠨ ᠭᠠᠳᠠᠨ᠎ᠠ ᠥᠨᠳᠥᠷ ᠠᠰᠠᠷ ᠲᠠᠭᠲᠤ᠂ ᠵᠠᠷ ᠮᠡᠳᠡᠭᠡᠨ ᠤ ᠫᠠᠶᠢᠰᠠ ᠵᠡᠷᠭᠡ ᠠᠶᠤᠯᠲᠠᠢ ᠪᠣᠳᠠᠰ ᠠᠴᠠ ᠵᠠᠶᠢᠯᠠᠨ᠎ᠠ᠃ ᠭᠠᠯ ᠤᠨ ᠠᠶᠤᠯ ᠡᠭᠦᠰᠬᠦ ᠦᠶ᠎ᠡ ᠳᠤ ᠯᠠᠪᠳᠠᠭᠤᠨ ᠪᠠᠶᠢᠵᠤ᠂ ᠨᠦᠢᠲᠠᠨ ᠠᠯᠴᠢᠭᠤᠷ ᠢᠶᠠᠷ ᠬᠠᠮᠠᠷ ᠠᠮᠠ ᠪᠠᠨ ᠪᠦᠭᠯᠡᠵᠦ᠂ ᠳᠣᠣᠷ᠎ᠠ ᠪᠠᠶᠢᠳᠠᠯ ᠢᠶᠠᠷ ᠤᠷᠤᠭᠰᠢᠯᠠᠵᠤ᠂ ᠥᠳᠬᠡᠨ ᠲᠦᠷᠭᠡᠨ ᠠᠮᠤᠷ ᠲᠦᠪᠰᠢᠨ ᠭᠠᠵᠠᠷ ᠤᠬᠤᠷᠢᠨ ᠣᠴᠢᠵᠤ ᠂ ᠴᠠᠬᠢᠯᠭᠠᠨ ᠱᠠᠲᠤᠨ ᠳᠤ ᠰᠠᠭᠤᠵᠤ ᠶᠠᠭᠠᠬᠢᠭᠰᠠᠨ ᠴᠤ ᠪᠣᠯᠬᠤ ᠦᠭᠡᠢ᠃ ᠦᠶᠡᠷ  ᠤᠰᠤᠳᠠᠯ ᠡᠭᠦᠰᠬᠦ ᠦᠶ᠎ᠡ ᠳᠤ᠂ ᠲᠡᠷᠡ ᠳᠣᠣᠷ᠎ᠠ ᠨᠢ ᠥᠨᠳᠥᠷ ᠭᠠᠵᠠᠷ ᠰᠢᠯᠵᠢᠨ᠎ᠡ ᠂ ᠨᠠᠮᠤᠭ ᠭᠠᠵᠠᠷ ᠦᠯᠡᠳᠡᠵᠦ ᠬᠤᠴᠤᠷᠴᠤ ᠪᠣᠯᠬᠤ ᠦᠭᠡᠢ ᠃
图片7.png
        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠵᠡᠭᠡᠯᠢ ᠭᠤᠳᠤᠮᠵᠢ ᠶᠢᠨ ᠬᠢᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠬᠠᠭᠤᠯᠭ᠎ᠠ ᠶᠢᠨ ᠠᠴᠢᠶᠠᠯᠠᠪᠤᠷᠢ ᠶᠢ ᠪᠠᠶᠠᠯᠢᠭᠵᠢᠭᠤᠯᠵᠤ᠂ ᠤᠬᠠᠭᠤᠯᠭ᠎ᠠ ᠶᠢᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠤᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠦᠨᠡᠨ ᠬᠦ ᠴᠢᠩᠭᠠᠳᠬᠠᠵᠤ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠤᠢᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠪᠠᠴᠢᠮ ᠪᠠᠶᠢᠳᠠᠯ ᠢ ᠠᠷᠭᠠᠴᠠᠭᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠪᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠴᠢᠳᠠᠪᠤᠷᠢ ᠶᠢ ᠨᠡᠮᠡᠭᠳᠡᠭᠦᠯᠦᠨ᠎ᠡ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号