ᠱᠢ ᠭᠤᠸᠠᠢ ᠪᠣᠯ ᠮᠣᠩᠭᠤᠯ ᠬᠡᠯᠡᠨ ᠤ ︽ᠰᠢᠭᠤᠶᠢᠲᠤ︾ ᠶᠢᠨ ᠠᠪᠢᠶᠠᠨ ᠣᠷᠴᠢᠭᠤᠯᠭ᠎ᠠ᠂ ︽ᠣᠢ ᠰᠢᠭᠤᠢ | ᠪᠠᠶᠢᠬᠤ ᠭᠠᠵᠠᠷ ︾ ᠭᠡᠰᠡᠨ ᠤᠳᠬ᠎ᠠ ᠲᠠᠢ᠂ ᠪᠤᠭᠤᠲᠤ ᠬᠤᠲᠠ ᠶᠢᠨ ᠭᠤᠣᠯ ᠪᠣᠯᠬᠤ ᠨᠡᠭᠦᠷᠡᠰᠦ᠂ ᠸᠠᠭᠠᠷ | ᠱᠠᠭᠠᠵᠠᠩ ᠤᠨ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠪᠠ ᠴᠢᠬᠤᠯᠠ ᠵᠢᠭᠤᠯᠴᠢᠯᠠᠯ ᠤᠨ ᠦᠵᠡᠮᠵᠢ ᠶᠢᠨ | ᠣᠷᠣᠨ ᠪᠣᠯᠤᠨ᠎ᠠ᠃ ᠰᠢᠭᠤᠶᠢᠲᠤ ᠲᠣᠭᠤᠷᠢᠭ ᠨᠢ ᠪᠣᠭᠤᠲᠤ ᠶᠢᠨ ᠵᠡᠭᠦᠨ ᠬᠤᠶᠢᠲᠤ 38 ᠺᠢᠯᠤᠮᠧᠲᠷ ᠵᠶᠢᠲᠠᠢ ᠭᠠᠵᠠᠷ | ᠪᠠᠶᠢᠵᠤ ᠂ ᠲᠡᠮᠦᠷ ᠵᠠᠮ᠂ ᠵᠠᠰᠠᠮᠠᠯ ᠵᠠᠮ ᠰᠠᠭᠠᠳ ᠦᠭᠡᠢ ᠪᠥᠭᠡᠳ ᠳᠥᠭᠦᠮ ᠲᠦᠳᠡ᠂ ᠵᠠᠮ ᠬᠠᠷᠢᠯᠴᠠᠭ᠎ᠠ ᠬᠥᠭᠵᠢᠪᠡ᠃ | ᠪᠦᠬᠦ ᠲᠣᠭᠤᠷᠢᠭ ᠤᠨ ᠲᠠᠯᠠᠪᠠᠢ 761 ᠲᠡᠭᠰᠢ ᠳᠥᠷᠪᠡᠯᠵᠢᠨ ᠺᠢᠯᠤᠮᠧᠲᠷ ᠪᠠᠶᠢᠵᠤ ᠂ ᠬᠠᠷᠢᠶᠠᠨ ᠳᠤ ᠨᠢ ᠨᠢᠭᠡ | ᠰᠤᠮᠤ᠂ ᠨᠢᠭᠡ ᠪᠠᠯᠭᠠᠰᠤ᠂ ᠲᠠᠪᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠠᠢ ᠂ ᠬᠥᠮᠦᠨ ᠠᠮᠠ | ᠪᠠᠷᠤᠭ 4.32 ᠲᠦᠮᠡ ᠪᠠᠶᠢᠵᠤ᠂ ᠪᠠᠶᠢᠩᠭᠤ ᠰᠠᠭᠤᠭ᠎ᠠ ᠬᠥᠮᠦᠨ ᠠᠮᠠ 2.42 ᠲᠦᠮᠡ ᠪᠤᠢ ᠃ ᠬᠢᠲᠠᠳ᠂ | ᠮᠣᠩᠭᠤᠯ᠂ ᠬᠤᠲᠣᠩ᠂ ᠲᠥᠪᠡᠳ᠂ ᠣᠶᠢᠭᠤᠷ ᠂ ᠰᠣᠯᠣᠩᠭᠤᠰ᠂ ᠮᠠᠨᠵᠤ᠂ ᠳᠠᠭᠤᠷ᠂ ᠴᠡᠩ᠂ ᠰᠢᠪᠡᠭᠡ ᠵᠡᠷᠭᠡ 10 | ᠦᠨᠳᠦᠰᠦᠲᠡᠨ ᠢᠶᠠᠷ ᠪᠦᠷᠢᠯᠳᠦᠵᠡᠢ ᠃ | ᠰᠢᠭᠤᠶᠢᠲᠤ ᠲᠣᠭᠤᠷᠢᠭ ᠤᠨ ᠨᠡᠭᠦᠷᠡᠰᠦ ᠮᠠᠯᠲᠠᠬᠤ ᠦᠢᠯᠡᠰ ᠨᠢ ᠰᠢᠭᠤᠶᠢᠲᠤ ᠲᠣᠭᠤᠷᠢᠭ ᠤᠨ ᠭᠤᠣᠯ | ᠠᠵᠤ ᠦᠢᠯᠡᠰ ᠪᠣᠯᠤᠭᠰᠠᠭᠠᠷ ᠢᠷᠡᠭᠰᠡᠨ ᠪᠥᠭᠡᠳ ᠨᠡᠭᠦᠷᠡᠰᠦᠨ ᠤ ᠭᠠᠢᠯᠢ ᠲᠠᠲᠠᠪᠤᠷᠢ ᠨᠢ ᠪᠦᠬᠦ ᠲᠣᠭᠤᠷᠢᠭ ᠤᠨ | ᠡᠳ᠋ ᠤᠨ ᠵᠠᠰᠠᠭ ᠤᠨ ᠣᠷᠣᠯᠭ᠎ᠠ ᠶᠢᠨ 85% ᠠᠴᠠ ᠳᠡᠭᠡᠭᠰᠢᠬᠢ ᠶᠢ ᠡᠵᠡᠯᠡᠵᠦ ᠪᠣᠢ᠃ ᠴᠢᠩ ᠤᠯᠤᠰ ᠤᠨ ᠲᠡᠭᠷᠢ | ᠲᠡᠳᠬᠦᠭᠴᠢ ᠠᠴᠠ ᠣᠳᠣ ᠪᠣᠯᠲᠠᠯ᠎ᠠ᠂ ᠨᠡᠭᠡᠭᠡᠨ ᠮᠠᠯᠲᠠᠭᠰᠠᠨ ᠨᠢ ᠴᠠᠭ ᠨᠢ 300 ᠵᠢᠯ ᠪᠣᠯᠪᠠ ᠂ 1958 ᠣᠨ ᠳᠤ | ᠪᠤᠭᠤᠲᠤ ᠶᠢᠨ ᠠᠭᠤᠷᠬᠠᠢ ᠶᠢᠨ ᠶᠠᠪᠤᠳᠠᠯ ᠤᠨ ᠲᠣᠪᠴᠢᠶ᠎ᠠ ᠪᠠᠶᠢᠭᠤᠯᠤᠭᠳᠠᠭᠰᠠᠨ ᠠᠴᠠ ᠤᠳᠤ ᠪᠣᠯᠲᠠᠯ᠎ᠠ᠂ | ᠨᠡᠶᠢᠲᠡ 1.2 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠢᠯᠡᠳᠪᠦᠷᠢᠯᠡᠵᠦ᠂ ᠤᠯᠤᠰ ᠲᠤ 4 ᠳ᠋ᠦᠩᠰᠢᠭᠤᠷ | ᠲᠥᠭᠦᠷᠢᠭ ᠤᠨ ᠭᠠᠶᠢᠯᠢ ᠲᠠᠲᠠᠪᠤᠷᠢ ᠲᠤᠰᠢᠶᠠᠭᠰᠠᠨ ᠪᠠᠶᠢᠨ᠎ᠠ᠃ ᠤᠯᠤᠰ ᠤᠨ ᠨᠡᠭᠦᠷᠡᠰᠦᠨ ᠤ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠬᠤᠳᠳᠤᠭ ᠢ ᠬᠠᠭᠠᠵᠤ ᠦᠢᠯᠡᠳᠪᠦᠷᠢᠯᠡᠬᠦ ᠶᠢ ᠪᠠᠭᠠᠰᠬᠠᠬᠤ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠠᠭᠠᠯᠳᠤᠨ ᠭᠠᠵᠠᠷ ᠣᠷᠣᠨ ᠤ ᠨᠡᠭᠦᠷᠡᠰᠦᠨ ᠤ ᠡᠬᠢ ᠪᠠᠶᠠᠯᠢᠭ | ᠰᠢᠪᠬᠠᠷᠴᠤ᠂ ᠭᠠᠵᠠᠷ ᠣᠷᠣᠨ ᠤ ᠠᠵᠤ ᠠᠬᠤᠢ ᠶᠢᠨ ᠬᠡᠯᠪᠡᠷᠢ ᠶᠢᠨ ᠬᠤᠪᠢᠷᠠᠯᠲᠠ ᠨᠢ ᠵᠠᠶᠢᠯᠠᠰᠢ ᠦᠭᠡᠢ ᠶᠠᠪᠤᠭᠳᠠᠬᠤ | ᠪᠣᠯᠤᠨ᠎ᠠ᠃ ᠣᠶᠢᠷ᠎ᠠ ᠶᠢᠨ ᠬᠤᠶᠠᠷ ᠵᠢᠯ ᠳᠤ᠂ ᠰᠢᠭᠤᠶᠢᠲᠤ ᠲᠣᠭᠤᠷᠢᠭ ᠨᠢ ᠠᠵᠤ ᠦᠢᠯᠡᠳᠪᠦᠷᠢ ᠶᠢᠨ ᠨᠡᠭᠡᠭᠡᠯᠲᠡ ᠶᠢᠨ | ᠲᠣᠭᠤᠷᠢᠭ ᠢ ᠶᠡᠬᠡᠪᠡᠷ ᠬᠥᠭᠵᠢᠭᠦᠯᠵᠦ᠂ 2 ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠪᠠᠶᠢᠭᠤᠯᠵᠤ ᠂ | ᠬᠤᠶᠠᠷ ᠵᠢᠯ ᠤᠨ ᠬᠤᠭᠤᠴᠠᠭᠠᠨ ᠳᠤ 50 ᠭᠠᠷᠤᠢ ᠠᠵᠤ ᠠᠬᠤᠢᠯᠠᠯ ᠢ ᠣᠷᠣᠭᠤᠯᠤᠨ ᠠᠪᠴᠢᠷᠠᠬᠤ ᠪᠠ ᠪᠠᠶᠢᠭᠤᠯᠵᠤ ᠂ | ᠴᠠᠬᠢᠭᠤᠷ ᠤᠨ ᠰᠢᠰᠲ᠋ᠧᠮ ᠤᠨ ᠬᠠᠶᠢᠯᠤᠰᠢ ᠂ ᠠᠵᠤ ᠦᠢᠯᠡᠳᠪᠦᠷᠢ ᠶᠢᠨ ᠴᠠᠬᠢᠭᠤᠷ ᠪᠠ ᠪᠦᠳᠦᠭᠦᠯᠢᠭ ᠵᠡᠰ ᠢᠶᠠᠷ ᠰᠢᠨ᠎ᠡ | ᠠᠵᠤ ᠦᠢᠯᠡᠰ ᠤᠨ ᠪᠦᠯᠦᠭᠯᠡᠯ ᠢ ᠪᠣᠢ ᠪᠣᠯᠭᠠᠵᠤ᠂ ᠵᠢᠯ ᠳᠤ ᠴᠠᠬᠢᠭᠤᠷ ᠤᠨ ᠰᠢᠰᠲ᠋ᠧᠮ ᠤᠨ ᠬᠠᠶᠢᠯᠤᠰᠢ 100 | ᠲᠦᠮᠡᠨ ᠲᠤᠨ᠂ ᠵᠡᠰ 10 ᠲᠦᠮᠡᠨ ᠲᠤᠨ ᠦᠢᠯᠡᠳᠪᠦᠷᠢᠯᠡᠵᠦ᠂ ᠳᠡᠯᠡᠬᠡᠢ ᠶᠢᠨ ᠳᠡᠰ ᠤᠨ ᠠᠵᠤ ᠦᠢᠯᠡᠳᠪᠦᠷᠢ ᠶᠢᠨ | ᠴᠠᠬᠢᠭᠤᠷ ᠤᠨ ᠦᠢᠯᠡᠳᠪᠦᠷᠢᠯᠡᠯ ᠤᠨ ᠰᠠᠭᠤᠷᠢᠨ ᠭᠠᠵᠠᠷ᠂ ᠳᠤᠮᠳᠠᠳᠤ ᠤᠯᠤᠰ ᠤᠨ ᠤᠮᠠᠷᠠᠲᠤ ᠣᠷᠣᠨ ᠤ ᠬᠠᠮᠤᠭ ᠤᠨ | ᠲᠣᠮᠣ ᠵᠡᠰ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠠ ᠪᠠᠳᠺᠠᠷ ᠰᠦᠮ᠎ᠡ ᠪᠠᠷ ᠭᠤᠣᠯ ᠪᠣᠯᠭᠠᠭᠰᠠᠨ ᠠᠯᠳᠠᠷᠲᠤ | ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ ᠃ | |