4 ᠳ᠋ᠦ᠋ᠭᠡᠷ ᠰᠠᠷ᠎ᠠ ᠶᠢᠨ 24 ᠤ ᠡᠳᠦᠷ ᠤᠨ ᠦᠳᠡ ᠶᠢᠨ ᠡᠮᠦᠨ᠎ᠡ᠂ ᠰᠢᠭᠤᠶᠢᠲᠤ ᠲᠣᠭᠤᠷᠢᠭ ᠤᠨ ᠨᠣᠮ ᠤᠨ | ᠰᠠᠩ ᠳᠤ ᠪᠢᠴᠢᠭ ᠴᠠᠭᠠᠰᠤ ᠭᠡᠷᠡᠯ ᠭᠢᠯᠪᠠᠭ᠎ᠠ ᠰᠠᠴᠤᠷᠠᠵᠤ ᠂ ᠣᠶᠤᠨ ᠤᠬᠠᠭᠠᠨ ᠠᠭᠤᠰᠤᠯᠴᠠᠵᠤ ᠂ ᠪᠦᠬᠦ | ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ︽ᠳᠤᠮᠳᠠᠳᠤ ᠶᠢᠨ ᠭᠠᠯ ᠭᠤᠯᠤᠮᠲᠠ ᠶᠢ ᠭᠡᠶᠢᠭᠦᠯᠵᠦ | ᠪᠢᠴᠢᠭ ᠤᠨ ᠠᠩᠬᠢᠯᠤᠮ᠎ᠠ ᠦᠨᠦᠷ ᠰᠤᠷᠭᠠᠭᠤᠯᠢ ᠳᠦᠭᠦᠷᠡᠩ︾ ᠪᠠᠭᠰᠢ ᠰᠤᠷᠤᠭᠴᠢᠳ ᠤᠨ ᠨᠣᠮ ᠤᠩᠰᠢᠵᠤ | ᠬᠤᠪᠢᠶᠠᠯᠴᠠᠬᠤ ᠬᠤᠷᠠᠯ ᠠᠳᠡ ᠶᠠᠪᠤᠭᠳᠠᠵᠤ᠂ ᠵᠠᠭᠤ ᠭᠠᠷᠤᠢ ᠪᠠᠭᠰᠢ ᠰᠤᠷᠤᠭᠴᠢᠳ ᠨᠢᠭᠡ ᠲᠠᠩᠬᠢᠮ ᠳᠤ | ᠴᠤᠭᠯᠠᠷᠠᠵᠤ᠂ ᠨᠣᠮ ᠪᠢᠴᠢᠭ ᠲᠠᠢ ᠨᠠᠶᠢᠵᠠᠯᠠᠵᠤ ᠂ ᠰᠣᠩᠭᠤᠳᠠᠭ ᠨᠣᠮ ᠤᠩᠰᠢᠬᠤ ᠪᠠ ᠣᠶᠤᠨ ᠤᠬᠠᠭᠠᠨ ᠤ | ᠮᠦᠷᠭᠦᠯᠳᠦᠯ ᠳᠤᠮᠳᠠ ᠪᠢᠴᠢᠭ ᠤᠨ ᠰᠣᠷᠪᠤᠯᠵᠢᠲᠤ ᠠᠮᠢᠳᠤᠯᠢᠭ ᠵᠢᠷᠤᠭ ᠢ ᠵᠢᠷᠤᠭᠯᠠᠭᠰᠠᠨ ᠪᠠᠶᠢᠨ᠎ᠠ ᠃ ᠪᠤᠭᠤᠲᠤ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ | ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠰᠠᠯᠠᠭᠠᠨ ᠤ ᠳᠠᠷᠤᠭ᠎ᠠ ᠵᠢᠢ ᠽᠦᠩ ᠸᠧᠢ ᠪᠡᠶ᠎ᠡ ᠪᠠᠷ ᠢᠶᠠᠨ | ᠬᠤᠷᠠᠯ ᠤᠨ ᠲᠠᠯᠠᠪᠠᠢ ᠳᠤ ᠢᠷᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ ᠃ | | | | ᠠᠵᠢᠯᠯᠠᠭ᠎ᠠ ᠶᠢᠨ ᠳᠤᠮᠳᠠ ᠂ ᠪᠠᠭᠰᠢ ᠰᠤᠷᠤᠭᠴᠢᠳ ᠲᠤᠰ ᠪᠡᠶ᠎ᠡ ᠶᠢᠨ ᠵᠢᠭᠠᠨ ᠰᠤᠷᠭᠠᠯᠲᠠ ᠶᠢᠨ | ᠦᠢᠯᠡᠳᠦᠯᠭᠡ ᠪᠣᠯᠤᠨ ᠠᠮᠢᠳᠤᠷᠠᠯ ᠤᠨ ᠣᠶᠢᠯᠠᠭᠠᠯᠲᠠ ᠲᠠᠢ ᠪᠠᠨ ᠤᠶᠠᠯᠳᠤᠭᠤᠯᠵᠤ᠂ ᠤᠩᠰᠢᠯᠭ᠎ᠠ ᠶᠢᠨ ᠣᠯᠤᠯᠲᠠ ᠪᠠᠨ | ᠠᠭᠤᠵᠢᠷᠠᠲᠠᠯ᠎ᠠ ᠶᠠᠷᠢᠯᠴᠠᠪᠠ᠃ ︽ᠭᠤᠷᠪᠠᠨ ᠤᠯᠤᠰ ᠤᠨ ᠦᠯᠢᠭᠡᠷ ︾ ᠶᠢᠨ ᠲᠡᠦᠬᠡ ᠶᠢᠨ ᠣᠶᠤᠨ ᠤᠬᠠᠭᠠᠨ ᠠᠴᠠ ︽ | ᠪᠣᠯᠣᠳ ᠲᠡᠮᠦᠷ ᠬᠡᠷᠬᠢᠨ ᠳᠠᠪᠲᠠᠭᠳᠠᠭᠰᠠᠨ︖︾ ᠭᠡᠰᠡᠨ ᠬᠦᠰᠡᠯᠡᠩ ᠢᠲᠡᠭᠡᠯ ᠵᠣᠷᠢᠭ ᠬᠦᠷᠲᠡᠯ᠎ᠡ ᠂ ︽ᠬᠤᠭ | ᠲᠣᠭᠤᠰᠣᠨ ᠤ ᠠᠶᠠᠯᠠᠯ︾ ᠤᠨ ᠰᠢᠨᠵᠢᠯᠡᠬᠦ ᠤᠬᠠᠭᠠᠨᠴᠢ ᠬᠠᠶᠢᠨ ᠰᠦᠪᠡᠭᠴᠢᠯᠡᠯᠲᠡ ᠠᠴᠠ ︽ᠪᠡᠭᠡ ᠶᠢᠨ ᠦᠨᠦᠷᠲᠦ | ᠳᠤᠮᠳᠠᠳᠤ ᠤᠯᠤᠰ︾ ᠤᠨ ᠰᠣᠶᠣᠯ ᠤᠨ ᠤᠯᠠᠮᠵᠢᠯᠠᠯ ᠬᠦᠷᠲᠡᠯ᠎ᠡ ᠂ ︽ᠠᠮᠢᠳᠤ ᠪᠠᠶᠢᠬᠤ ︾ ᠭᠡᠬᠦ ᠰᠣᠶᠣᠯ ᠤᠨ | ᠤᠯᠠᠮᠵᠢᠯᠠᠯ ᠠᠴᠠ ︽ᠴᠢ ᠰᠢᠪᠠᠭᠤ ᠮᠡᠲᠦ ᠠᠭᠤᠯᠠ ᠤᠷᠤᠭᠤ ᠨᠢᠰᠬᠦ ︾ ᠦᠪᠡᠷ ᠤᠨ ᠰᠡᠩᠬᠡᠷᠡᠭᠦᠯᠦᠯ ᠬᠦᠷᠲᠡᠯ᠎ᠡ ᠂ | ᠣᠯᠠᠨ ᠡᠰᠢᠲᠦ ᠨᠣᠮ ᠨᠢ ᠰᠡᠳᠭᠢᠬᠦᠢ ᠶᠢᠨ ᠮᠦᠷᠭᠦᠯᠳᠦᠯ ᠤᠨ ᠭᠠᠯ ᠢ ᠳᠤᠰᠬᠠᠨ᠎ᠠ ᠃ | | ᠪᠠᠭᠰᠢ ᠨᠠᠷ ︽ᠪᠠᠭᠰᠢ ᠳᠤ ᠥᠭᠬᠦ ᠰᠠᠨᠠᠭᠤᠯᠭ᠎ᠠ︾ ᠪᠠᠷ ᠲᠣᠯᠢ ᠪᠣᠯᠭᠠᠵᠤ ᠰᠤᠷᠭᠠᠨ ᠬᠥᠮᠥᠵᠢᠯ ᠤᠨ ᠮᠥᠨ | ᠴᠢᠨᠠᠷ ᠢ ᠰᠤᠳᠤᠯᠤᠨ ᠶᠠᠷᠢᠯᠴᠠᠪᠠ᠃ ᠰᠤᠷᠤᠭᠴᠢᠳ ︽ᠨᠢᠭᠡᠨ ᠮᠠᠰᠢ ᠰᠠᠶᠢᠨ ᠬᠡᠦᠬᠡᠳ︾ ᠢᠶᠠᠷ ᠳᠠᠮᠵᠢᠨ᠂ ᠬᠡᠦᠬᠡᠳ | ᠪᠣᠯᠣᠨ ᠲᠡᠭᠦᠨ ᠤ ᠦᠰᠦᠨ ᠪᠤᠶᠢᠵᠢᠯᠲᠠ ᠶᠢᠨ ᠬᠦᠴᠦᠨ ᠴᠢᠳᠠᠯ ᠢ ᠤᠶᠢᠯᠠᠭᠠᠪᠠ ᠃ ︽ᠽᠧᠩ ᠭᠦᠸᠧ ᠹᠠᠩ ᠤᠨ | ᠭᠡᠷ ᠤᠨ ᠪᠢᠴᠢᠭ︾ ᠤᠨ ᠪᠡᠶ᠎ᠡ ᠪᠠᠨ ᠵᠠᠰᠠᠬᠤ ᠤᠶᠤᠨ ᠤᠬᠠᠭᠠᠨ ᠬᠢᠭᠡᠳ ︽ᠪᠣᠯᠣᠳ ᠲᠡᠮᠦᠷ ᠬᠡᠷᠬᠢᠨ | ᠳᠠᠪᠲᠠᠭᠳᠠᠭᠰᠠᠨ︖︾ ᠭᠡᠬᠦ ᠬᠤᠪᠢᠰᠬᠠᠯᠲᠤ ᠢᠲᠡᠭᠡᠯ ᠪᠢᠰᠢᠷᠡᠯ ᠤᠨ ᠰᠣᠯᠪᠢᠴᠠᠯ ᠢᠯᠡᠷᠡᠵᠦ᠂ ᠪᠠᠭᠰᠢ | ᠰᠤᠷᠤᠭᠴᠢᠳ ᠤᠨ ᠬᠠᠮᠲᠤ ᠪᠠᠷ ᠤᠩᠰᠢᠬᠤ ᠦᠵᠡᠭᠳᠡᠯ ᠨᠢ ᠨᠢᠭᠡᠨ ᠥᠪᠡᠷᠮᠢᠴᠡ ᠦᠵᠡᠮᠵᠢ ᠪᠣᠯᠤᠭᠰᠠᠨ ᠪᠠᠶᠢᠨ᠎ᠠ᠃ | ᠣᠯᠠᠨ ᠢᠶᠠᠷ ᠢᠶᠠᠨ᠄ ︽ᠰᠣᠩᠭᠤᠳᠠᠭ ᠪᠦᠲᠦᠭᠡᠯ ᠢᠶᠠᠷ ᠬᠥᠭᠦᠷᠭᠡ ᠪᠣᠯᠭᠠᠵᠤ᠂ ᠤᠯᠠᠮᠵᠢᠯᠠᠯ ᠪᠠ ᠣᠲᠣ ᠦᠶ᠎ᠡ ᠶᠢ | ᠬᠤᠯᠪᠣᠵᠤ᠂ ᠨᠣᠮ ᠤᠨ ᠦᠨᠦᠷ ᠠᠮᠲᠠ ᠶᠢ ᠰᠤᠷᠭᠠᠭᠤᠯᠢ ᠶᠢᠨ ᠬᠦᠷᠢᠶᠡᠨ ᠤ ᠬᠠᠮᠤᠭ ᠤᠨ ᠤᠳᠠᠭᠠᠨ ᠳᠠᠭᠠᠭᠠᠮᠠᠭᠠᠶ ᠬᠡᠪ | ᠰᠤᠷᠲᠠᠯ ᠪᠣᠯᠭᠠᠬᠤ ᠬᠡᠷᠡᠭᠲᠡᠶ︾ ᠭᠡᠵᠦ ᠢᠯᠡᠳᠬᠡᠵᠡᠭᠡᠪᠡ᠃ | | | | | ᠲᠣᠰ ᠤᠳᠠᠭᠠᠨ ᠤ ᠠᠵᠢᠯᠯᠠᠭ᠎ᠠ ᠨᠢ ᠨᠣᠮ ᠤᠩᠰᠢᠭᠰᠠᠨ ᠦᠷ᠎ᠡ ᠪᠦᠲᠦᠭᠡᠯ ᠤᠨ ᠦᠵᠡᠭᠦᠯᠦᠯᠭᠡ ᠪᠣᠯᠬᠤ ᠪᠠᠷ | ᠪᠠᠷᠠᠬᠤ ᠥᠬᠡᠶ᠂ ᠨᠠᠩ ᠴᠤ ᠰᠤᠷᠭᠠᠨ ᠬᠥᠮᠦᠵᠢᠯ ᠤᠨ ᠣᠭ ᠰᠠᠨᠠᠭᠠᠨ ᠤ ᠪᠤᠴᠠᠯᠲᠠ ᠪᠣᠯᠤᠨ᠎ᠠ᠃ ᠰᠣᠩᠭᠤᠳᠠᠭ | ᠪᠢᠴᠢᠭ ᠬᠢᠴᠢᠶᠡᠯ ᠤᠨ ᠲᠠᠩᠬᠢᠮ ᠳᠤ ᠣᠷᠣᠵᠤ᠂ ᠠᠮᠢᠳᠤᠷᠠᠯ ᠳᠤ ᠠᠭᠤᠰᠬᠤ ᠳᠤ ᠰᠣᠶᠣᠯ ᠤᠨ ᠭᠧᠨ ᠰᠢᠨ᠎ᠡ ᠨᠢᠭᠡ | ᠦᠶ᠎ᠡ ᠶᠢᠨ ᠰᠡᠳᠭᠢᠯ ᠳᠤ ᠦᠨᠳᠦᠰᠦᠯᠡᠭᠳᠡᠪᠡ ᠃ ᠶᠠᠭ ᠰᠤᠷᠤᠭᠴᠢᠳ ᠤᠨ ᠲᠥᠯᠥᠭᠡᠯᠡᠭᠴᠢ ᠶᠢᠨ ᠬᠡᠯᠡᠭᠰᠡᠨ᠄ ︽ | ᠤᠩᠰᠢᠯᠭ᠎ᠠ ᠪᠣᠯ ᠨᠦᠭᠦᠭᠡ ᠥᠪᠡᠷ ᠢ ᠪᠠᠨ ᠡᠷᠢᠬᠦ ᠠᠶᠠᠨ ᠵᠠᠮ ᠮᠥᠨ᠂ ᠥᠨᠥᠳᠦᠷ ᠪᠢᠳᠡ ᠡᠴᠦᠰ ᠤᠨ ᠴᠡᠭ | ᠪᠣᠯᠬᠤ ᠪᠠᠷ ᠪᠠᠷᠠᠬᠤ ᠦᠭᠡᠢ᠂ ᠨᠡᠩ ᠴᠤ ᠡᠬᠢᠯᠡᠯᠲᠡ ᠶᠢᠨ ᠴᠡᠭ ᠮᠥᠨ︾ ᠮᠡᠲᠦ ᠃ | | | ᠪᠡᠭᠡ ᠶᠢᠨ ᠦᠨᠦᠷ ᠰᠡᠩᠭᠢᠨᠡᠨ ᠠᠯᠬᠤᠭ᠎ᠠ ᠶᠡᠷᠦ ᠵᠤᠭᠰᠤᠭ᠎ᠠ ᠦᠭᠡᠢ ᠃ ᠡᠨᠡ ᠬᠦ ᠡᠷᠲᠡᠨ ᠤ ᠣᠳᠣ ᠶᠢ | ᠠᠯᠤᠰᠯᠠᠭᠰᠠᠨ ᠨᠣᠮ ᠤᠩᠰᠢᠬᠤ ᠦᠪᠡᠳᠡᠭᠰᠢ ᠳᠠᠶᠢᠯᠠᠯᠭ᠎ᠠ ᠨᠢ ᠶᠠᠭ ᠨᠠᠮᠤᠷ ᠤᠨ ᠰᠠᠴᠤᠬᠤ ᠦᠷ᠎ᠡ ᠮᠡᠲᠦ᠂ | ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠥᠩ ᠰᠢᠮᠡᠯᠢᠭ ᠬᠦᠷᠦᠰᠦᠨ ᠳᠡᠭᠡᠷ᠎ᠡ ᠨᠡᠩ ᠥᠩᠭᠡ | ᠢᠯᠭᠠᠷᠠᠮ᠎ᠠ ᠰᠣᠶᠣᠯ ᠤᠨ ᠴᠡᠴᠡᠭ ᠢ ᠪᠣᠶᠢᠵᠢᠭᠤᠯᠬᠤ ᠪᠣᠯᠤᠨ᠎ᠠ ᠃ | |