ᠴᠢᠰᠤᠨ ᠰᠢᠬᠢᠷ ᠤᠨ ᠬᠠᠮᠢᠶᠠᠷᠤᠯᠲᠠ ᠶᠢ ᠨᠠᠷᠢᠯᠢᠭᠵᠢᠭᠤᠯᠵᠤ ᠰᠠ ᠳᠠᠭᠠᠷᠢᠬᠤ ᠠᠴᠠ ᠬᠢᠴᠢᠶᠡᠶ᠎ᠡ
ᠨᠡᠶᠢᠲᠡᠯᠡᠭᠰᠡᠨ ᠴᠠᠭ᠄
2025/5/15
        ᠰᠢᠬᠢᠷ ᠰᠢᠵᠢᠩ ᠡᠪᠡᠳᠴᠢᠨ ᠨᠢ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠣᠨᠴᠠᠭᠠᠶᠢᠯᠠᠨ ᠴᠢᠰᠤ ᠳᠤᠲᠠᠬᠤ ᠴᠢᠨᠠᠷᠲᠠᠢ ᠲᠠᠷᠢᠬᠢᠨ ᠤ ᠰᠠ ᠡᠪᠡᠳᠴᠢᠨ ᠤ ᠴᠢᠬᠤᠯᠠ ᠠᠶᠤᠯ ᠤᠨ ᠬᠦᠴᠦᠨ ᠵᠦᠢᠯ ᠪᠣᠯᠤᠭᠰᠠᠨ ᠤ ᠬᠤᠪᠢ ᠳᠤ᠂ ᠰᠠ ᠳᠠᠭᠠᠷᠢᠬᠤ ᠶᠢ ᠰᠢᠬᠢᠷ ᠰᠢᠵᠢᠩ ᠡᠪᠡᠳᠴᠢᠨ ᠠᠴᠠ ᠬᠤᠯᠠᠳᠠᠭᠤᠯᠵᠤ ᠂ ᠲᠠᠷᠢᠬᠢᠨ ᠤ ᠰᠠ ᠡᠪᠡᠳᠴᠢᠨ ᠤ ᠡᠭᠦᠰᠬᠦ ᠨᠤᠷᠮ᠎ᠠ ᠶᠢ ᠳᠣᠷᠣᠭᠰᠢᠯᠠᠭᠤᠯᠬᠤ ᠳᠤ ᠴᠢᠰᠤᠨ ᠰᠢᠬᠢᠷ ᠤᠨ ᠬᠠᠮᠢᠶᠠᠷᠤᠯᠲᠠ ᠲᠦᠢᠯ ᠤᠨ ᠴᠢᠬᠤᠯᠠ ᠪᠠᠶᠢᠳᠠᠭ᠃ ᠣᠳᠣ ᠡᠮᠴᠢᠯᠡᠭᠡᠨ ᠳᠤ ᠪᠠᠶᠢᠩᠭᠤ ᠬᠡᠷᠡᠭᠯᠡᠳᠡᠭ ᠴᠢᠰᠤᠨ ᠰᠢᠬᠢᠷ ᠤᠨ ᠬᠢᠨᠠᠨ ᠬᠡᠮᠵᠢᠯᠲᠡ ᠶᠢᠨ ᠠᠷᠭ᠎ᠠ ᠪᠠᠷᠢᠯ ᠳᠤ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠂ ᠴᠢᠰᠤᠨ ᠰᠢᠬᠢᠷ ᠤᠨ ᠦᠪᠡᠰᠦᠪᠡᠨ ᠬᠢᠨᠠᠨ ᠬᠡᠮᠵᠢᠯᠲᠡ ︵  SMBG  ︶ ᠪᠠ ᠦᠷᠭᠦᠯᠵᠢᠯᠡᠭᠰᠡᠨ ᠴᠢᠰᠤᠨ ᠰᠢᠬᠢᠷ ᠤᠨ ᠬᠢᠨᠠᠨ ᠬᠡᠮᠵᠢᠯᠲᠡ ︵  CGM︶ ᠪᠠᠭᠲᠠᠨ᠎ᠠ ᠃        ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠪᠣᠯ ᠤᠯᠠᠭᠠᠨ ᠡᠰ ᠲᠠᠬᠢ ᠴᠢᠰᠤᠨ ᠤ ᠤᠯᠠᠭᠠᠨ ᠤᠭᠤᠷᠠᠭ ᠪᠣᠯᠤᠨ ᠴᠢᠰᠤᠨ ᠤ ᠴᠠᠶᠢᠪᠠᠩ ᠲᠠᠬᠢ ᠰᠢᠬᠢᠷ ᠤᠨ ᠲᠥᠷᠥᠯ ᠤᠨ ᠤᠶᠠᠯᠳᠤᠯ ᠤᠨ ᠪᠦᠲᠦᠭᠡᠭᠳᠡᠬᠦᠨᠪᠣᠯᠤᠨ᠎ᠠ᠃ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ ᠢ ᠰᠢᠯᠭᠠᠨ ᠪᠠᠶᠢᠴᠠᠭᠠᠬᠤ ᠨᠢ ᠥᠩᠭᠡᠷᠡᠭᠡᠭᠰᠡᠨ ᠤ 2 ~ 3 ᠰᠠᠷ᠎ᠠ ᠶᠢᠨ ᠳᠤᠮᠳᠠᠴᠢ ᠴᠢᠰᠤᠨ ᠰᠢᠬᠢᠷ ᠤᠨ ᠬᠢᠷᠢ ᠲᠦᠪᠰᠢᠨ ᠢ ᠲᠤᠰᠬᠠᠨ᠎ᠠ ᠃        ᠴᠢᠰᠤᠨ ᠰᠢᠬᠢᠷ ᠤᠨ ᠦᠪᠡᠰᠦᠪᠡᠨ ᠬᠢᠨᠠᠨ ᠬᠡᠮᠵᠢᠯᠲᠡ ︵SMBG︶ ᠃ ᠴᠢᠰᠤᠨ ᠰᠢᠬᠢᠷ ᠤᠨ ᠦᠪᠡᠰᠦᠪᠡᠨ ᠬᠢᠨᠠᠨ ᠬᠡᠮᠵᠢᠯᠲᠡ ᠨᠢ ᠳᠣᠯᠣᠭᠠᠨ ᠴᠠᠭ ᠤᠨ ᠴᠢᠰᠤᠨ ᠰᠢᠬᠢᠷ ᠢ ᠬᠢᠨᠠᠨ ᠬᠬᠡᠮᠵᠢᠯᠲᠡ ᠲᠠᠢ ᠬᠤᠯᠪᠤᠭᠳᠠᠨ᠎ᠠ ᠂ ᠡᠭᠦᠨ ᠳᠤ ᠥᠯᠥᠨ ᠬᠡᠪᠡᠯᠢ ᠲᠠᠢ᠂ ᠬᠤᠭᠤᠯᠠᠯᠠᠬᠤ ᠠᠴᠠ ᠡᠮᠦᠨ᠎ᠡ ᠪᠠ ᠬᠤᠭᠤᠯᠠᠯᠠᠭᠰᠠᠨ ᠤ ᠳᠠᠷᠠᠭᠠᠬᠢ ᠴᠢᠰᠤᠨ ᠰᠢᠬᠢᠷ ᠢ ᠪᠠᠭᠲᠠᠭᠠᠨ᠎ᠠ᠃ ᠪᠦᠲᠦᠴᠡᠴᠢᠯᠡᠭᠰᠡᠨ ᠴᠢᠰᠤᠨ ᠰᠢᠬᠢᠷ ᠤᠨ ᠦᠪᠡᠰᠦᠪᠡᠨ ᠬᠢᠨᠠᠨ ᠬᠡᠮᠵᠢᠯᠲᠡ ︵SMBG︶ ᠶᠢ ᠬᠡᠷᠡᠭᠯᠡᠵᠦ᠂ ᠵᠣᠬᠢᠬᠤ ᠴᠠᠭ ᠬᠤᠭᠤᠴᠠᠭ᠎ᠠ ᠪᠠ ᠳᠠᠪᠲᠠᠮᠵᠢ ᠪᠠᠷ ᠴᠢᠰᠤᠨ ᠰᠢᠬᠢᠷ ᠤᠨ ᠦᠪᠡᠰᠦᠪᠡᠨ ᠬᠢᠨᠠᠨ ᠬᠡᠮᠵᠢᠯᠲᠡ ᠬᠢᠨ᠎ᠡ ︵ᠠᠳᠠᠯᠢ ᠨᠢᠭᠡᠨ ᠡᠳᠦᠷ ᠪᠢᠰᠢ ᠪᠠᠶᠢᠵᠤ ᠪᠣᠯᠤᠨ᠎ᠠ ᠂ ᠳᠡᠯᠭᠡᠨ ᠦᠵᠡᠭᠦᠯᠬᠦ ᠬᠦᠰᠦᠨᠦᠭᠲᠦ 1︶᠂ ᠢᠩᠭᠢᠪᠡᠯ ᠡᠬᠢ ᠪᠠᠶᠠᠯᠢᠭ ᠢ ᠨᠡᠩ ᠪᠦᠲᠦᠮᠵᠢᠲᠡᠢ᠂ ᠰᠢᠨᠵᠢᠯᠡᠬᠦ ᠤᠬᠠᠭᠠᠨᠴᠢ᠂ ᠭᠠᠮᠨᠠᠨ ᠠᠷᠪᠢᠯᠠᠵᠤ ᠪᠣᠯᠤᠨ᠎ᠠ᠃        ᠣᠨᠴᠠᠭᠠᠶᠢᠯᠠᠨ ᠰᠠᠨᠠᠭᠤᠯᠬᠤ ᠨᠢ᠄ ᠡᠪᠡᠳᠴᠢᠨ ᠦᠵᠡᠭᠦᠯᠬᠦ ᠠᠴᠠ ᠡᠮᠦᠨ᠎ᠡ ᠠᠳᠠᠭ ᠲᠠᠭᠠᠨ ᠭᠤᠷᠪᠠᠨ ᠡᠳᠦᠷ ᠤᠨ ᠪᠦᠷᠢᠨ ᠪᠦᠲᠦᠨ ᠳᠣᠯᠣᠭᠠᠨ ᠴᠠᠭ ᠤᠨ ᠴᠢᠰᠤᠨ ᠰᠢᠬᠢᠷ ᠢ ᠬᠡᠮᠵᠢᠨ᠎ᠡ᠃        ᠦᠷᠭᠦᠯᠵᠢᠯᠡᠭᠰᠡᠨ ᠴᠢᠰᠤᠨ ᠰᠢᠬᠢᠷ ᠤᠨ ᠬᠢᠨᠠᠨ ᠬᠡᠮᠵᠢᠯᠲᠡ ︵CGM︶ ᠪᠣᠯ ᠦᠵᠦᠮ ᠤᠨ ᠰᠢᠬᠢᠷ ᠤᠨ ᠰᠡᠷᠡᠯ ᠳᠠᠮᠵᠢᠭᠤᠯᠤᠭᠴᠢ ᠪᠠᠷ ᠳᠠᠮᠵᠢᠭᠤᠯᠤᠨ ᠠᠷᠠᠰᠤᠨ ᠳᠣᠤᠷᠠᠬᠢ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠰᠢᠩᠭᠡᠨ ᠤ ᠦᠵᠦᠮ ᠤᠨ ᠰᠢᠬᠢᠷ ᠤᠨ ᠥᠳᠬᠡᠴᠡ ᠶᠢᠨ ᠬᠤᠪᠢᠷᠠᠯᠲᠠ ᠶᠢ ᠦᠷᠭᠦᠯᠵᠢᠯᠡᠨ ᠬᠢᠨᠠᠨ ᠬᠡᠮᠵᠢᠵᠦ᠂ ᠨᠠᠩ ᠪᠦᠬᠦ ᠲᠠᠯ᠎ᠠ ᠶᠢᠨ ᠴᠢᠰᠤᠨ ᠰᠢᠬᠢᠷ ᠤᠨ ᠮᠡᠳᠡᠭᠡ ᠵᠠᠩᠭᠢ ᠶᠢ ᠬᠠᠩᠭᠠᠨ᠎ᠠ᠂ ᠵᠢᠱᠢᠶᠡᠯᠡᠪᠡᠯ ᠦᠵᠦᠮ ᠤᠨ ᠰᠢᠬᠢᠷ ᠤᠨ ᠬᠠᠷᠠᠯᠲᠠᠲᠤ ᠬᠡᠪᠴᠢᠶ᠎ᠡ ︵TIR︶᠂ ᠦᠵᠦᠮ ᠤᠨ ᠰᠢᠬᠢᠷ ᠤᠨ ᠬᠠᠷᠠᠯᠲᠠᠲᠤ ᠬᠡᠪᠴᠢᠶ᠎ᠡ ᠠᠴᠠ ᠳᠣᠤᠷ᠎ᠠ ᠴᠠᠭ ︵TBR︶ ᠪᠠ ᠦᠵᠦᠮ ᠤᠨ ᠰᠢᠬᠢᠷ ᠨᠢ ᠬᠠᠷᠠᠯᠲᠠ ᠶᠢᠨ ᠬᠡᠪᠴᠢᠶ᠎ᠡ ᠠᠴᠠ ᠥᠨᠳᠥᠷ ᠪᠠᠶᠢᠬᠤ ᠴᠠᠭ ︵TAR︶ ᠪᠣᠯᠤᠨ᠎ᠠ᠃        ᠵᠢᠷᠮᠦᠰᠦᠨ ᠪᠤᠰᠤ ᠨᠠᠰᠤᠨ ᠳᠤ ᠬᠦᠷᠦᠭᠰᠡᠨ ᠰᠢᠬᠢᠷ ᠰᠢᠵᠢᠩ ᠡᠪᠡᠳᠴᠢᠲᠡᠢ ᠬᠦᠮᠦᠰ ᠲᠤ ᠬᠠᠨᠳᠤᠭᠰᠠᠨ ᠴᠢᠰᠤᠨ ᠤ ᠰᠢᠬᠢᠷ ᠤᠨ ᠬᠠᠷᠠᠯᠲᠠ ᠭᠡᠪᠡᠯ᠄ ᠰᠢᠬᠢᠷᠵᠢᠭᠰᠡᠨ ᠴᠢᠰᠤᠨ ᠤ ᠤᠯᠠᠭᠠᠨ ᠤᠭᠤᠷᠠᠭ 7% ᠠᠴᠠ ᠪᠠᠭ᠎ᠠ ᠃ ᠦᠯᠦᠨ ᠪᠤᠶᠤ ᠬᠤᠭᠤᠯᠠᠨ ᠠᠴᠠ ᠡᠮᠦᠨᠡᠬᠢ ᠴᠢᠰᠤᠨ ᠰᠢᠬᠢᠷ  4.4 ~ 7.0mmol/l ᠂ ᠬᠤᠭᠤᠯᠠᠨ ᠤ ᠳᠠᠷᠠᠭ᠎ᠠ 2 ᠴᠠᠭ ᠤᠨ ᠴᠢᠰᠤᠨ ᠰᠢᠬᠢᠷ 10mmol/L ᠠᠴᠠ ᠪᠠᠭ᠎ᠠ ᠃ TIR᠂ TBR ᠂ TAR ᠨᠢ ᠲᠤᠰ ᠪᠦᠷᠢ 70% ᠠᠴᠠ ᠶᠡᠭᠡ ᠂ 4% ᠠᠴᠠ ᠪᠠᠭ᠎ᠠ ᠪᠠ 25% ᠠᠴᠠ ᠪᠠᠭ᠎ᠠ ᠃ ᠪᠢᠳᠡ ᠪᠦᠭᠦᠳᠡᠭᠡᠷ ᠴᠢᠰᠤᠨ ᠰᠢᠬᠢᠷ ᠢᠶᠠᠨ ᠬᠠᠮᠲᠤ ᠪᠠᠷ ᠨᠠᠷᠢᠯᠢᠭᠵᠢᠭᠤᠯᠤᠨ ᠬᠠᠮᠢᠶᠠᠷᠴᠤ᠂ ᠴᠢᠰᠤᠨ ᠰᠢᠬᠢᠷ ᠢ ᠬᠠᠷᠠᠯᠲᠠ ᠶᠢᠨ ᠬᠡᠪᠴᠢᠶᠡᠨ ᠳᠣᠲᠣᠷ᠎ᠠ ᠬᠢᠵᠠᠭᠠᠷᠯᠠᠬᠤ ᠪᠠᠷ ᠴᠢᠷᠮᠠᠶᠢᠶ᠎ᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号