ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠶ᠎ᠠ — ︽ᠪᠠᠲᠤ ᠪᠠᠬᠢ︾ ᠲᠦᠷᠢᠮ ᠢ ᠪᠦᠷᠢᠨᠰᠢᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ
ᠨᠡᠶᠢᠲᠡᠯᠡᠭᠰᠡᠨ ᠴᠠᠭ᠄
2025/5/15
        ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ  ᠠᠴᠠ ᠬᠢᠨᠠᠨ ᠵᠥᠪᠯᠡᠵᠦ ᠪᠠᠲᠤᠯᠠᠭᠰᠠᠨ ︽ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠲᠤᠬᠠᠢ ᠳᠤᠮᠳᠠᠳᠤ ᠤᠯᠤᠰ  ᠤᠨ ᠡᠪ ᠬᠠᠮᠲᠤ ᠨᠠᠮ ᠤᠨ ᠲᠥᠪ ᠬᠤᠷᠢᠶᠠᠨ ᠤ ᠲᠣᠭᠲᠠᠭᠠᠯ ︾ ᠳᠤ ᠂ ᠦᠨᠳᠦᠰᠦᠲᠡᠨ  ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠬᠠᠤᠯᠢ ᠶᠢ ᠲᠣᠭᠲᠠᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠦᠷᠢᠮ ᠢ ᠪᠦᠷᠢᠨᠰᠢᠭᠦᠯᠬᠦ᠂ ᠳᠤᠮᠳᠠᠳᠤ ᠶᠢᠨ ᠦᠨᠳᠦᠰᠦᠲᠡᠨ  ᠤ ᠨᠢᠭᠲᠠᠷᠠᠯ ᠤᠨ ᠬᠦᠴᠦᠨ  ᠢ ᠴᠢᠩᠭᠠᠷᠠᠭᠤᠯᠬᠤ ᠶᠢ ᠵᠢᠭᠠᠨ ᠭᠠᠷᠭᠠᠪᠠ᠃ ᠡᠨᠡ ᠬᠦ ᠪᠠᠶᠢᠷᠢᠯᠠᠭᠤᠯᠤᠯᠲᠠ ᠨᠢ ᠤᠯᠤᠰ ᠤᠨ ᠥᠨᠢ ᠤᠳᠠᠭᠠᠨ ᠠᠮᠤᠷ ᠲᠦᠪᠰᠢᠨ ᠲᠠᠢ ᠬᠤᠯᠪᠣᠭᠳᠠᠵᠤ᠂ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠶᠡᠭᠡ ᠪᠤᠳᠤᠯᠭ᠎ᠠ ᠳᠤ ᠬᠤᠯᠪᠣᠭᠳᠠᠵᠤ ᠂ ᠠᠯᠤᠰ ᠬᠡᠲᠦ  ᠶᠢᠨ ᠠᠴᠢ ᠬᠤᠯᠪᠣᠭᠳᠠᠯ ᠲᠠᠢ ᠶᠤᠮ ᠃
图片1.png
        2024 ᠣᠨ ᠤ 9 ᠳ᠋ᠦ᠋ᠭᠡᠷ ᠰᠠᠷ᠎ᠠ ᠶᠢᠨ 27 ᠤ ᠡᠳᠦᠷ ᠂ ᠰᠢᠨᠵᠢᠠᠩ ᠤᠨ ᠲᠠ ᠴᠧᠩ ᠬᠤᠲᠠ  ᠶᠢᠨ ᠰᠢᠨ᠎ᠡ ᠬᠤᠲᠠ ᠵᠡᠭᠡᠯᠢ ᠭᠤᠳᠤᠮᠵᠢ ᠶᠢᠨ ᠬᠠᠷᠳᠤᠨ ᠨᠡᠶᠢᠭᠡᠮ ᠲᠣᠭᠤᠷᠢᠭ ᠲᠤ ᠶᠠᠪᠤᠭᠳᠠᠭᠰᠠᠨ ︽ ᠵᠡᠷᠭᠡᠯᠡᠳᠡᠭᠡ ᠵᠠᠭᠤᠨ ᠣᠪᠣᠭᠲᠠᠨ ᠤ ᠳᠠᠶᠢᠯᠠᠯᠭ᠎ᠠ︾ ᠶᠢᠨ ᠲᠤᠬᠠᠢ ᠶᠢᠨ ᠲᠠᠯᠠᠪᠠᠢ ᠳᠤ ᠂ ᠰᠠᠭᠤᠭᠠᠯᠢ ᠠᠷᠠᠳ ᠡᠯ᠎ᠡ ᠵᠦᠢᠯ ᠤᠨ ᠠᠮᠲᠠᠲᠤ ᠢᠳᠡᠭᠡᠨ ᠢ ᠠᠮᠳᠠᠯᠠᠵᠦ ᠪᠠᠶᠢᠨ᠎ᠠ᠃ ᠰᠢᠨᠬᠤᠸᠠ ᠬᠤᠷᠢᠶᠠᠨ  ᠤ ᠰᠣᠷᠪᠤᠯᠵᠢᠯᠠᠬᠴᠢ ᠭᠦ᠋ ᠢᠣᠢ ᠰᠠᠭᠦᠲᠠᠷᠯᠠᠪᠠ        ᠳᠤᠮᠳᠠᠳᠤ ᠶᠢᠨ ᠦᠨᠳᠦᠰᠦᠲᠡᠨ ᠤ ᠬᠦᠭᠵᠢᠯᠲᠡ ᠶᠢᠨ ᠵᠢᠮ᠎ᠡ ᠬᠠᠤᠯᠢ  ᠶᠢ ᠭᠦᠨᠵᠡᠭᠡᠢ ᠡᠵᠡᠮᠰᠢᠬᠦ        ᠳᠤᠮᠳᠠᠳᠤ ᠶᠢᠨ ᠦᠨᠳᠦᠰᠦᠲᠡᠨ ᠪᠣᠯ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠲᠡᠦᠬᠡ  ᠲᠠᠢ ᠠᠭᠤᠤ ᠶᠡᠭᠡ ᠦᠨᠳᠦᠰᠦᠲᠡᠨ ᠮᠥᠨ ᠃ ᠡᠯ᠎ᠡ ᠦᠨᠳᠦᠰᠦᠲᠡᠨ ᠨᠦᠭᠦᠳ ᠪᠦᠯᠬᠦᠮᠳᠡᠨ ᠠᠭᠤᠰᠤᠯᠴᠠᠵᠤ ᠂ ᠤᠯᠠᠨ ᠡᠰᠢᠲᠦ ᠪᠠᠶᠢᠭᠰᠠᠨ ᠨᠢ ᠨᠢᠭᠡ ᠴᠣᠭᠴᠠ ᠪᠣᠯᠵᠤ ᠪᠠᠶᠢᠬᠤ ᠨᠢ ᠦᠨᠳᠦᠰᠦᠲᠡᠨ ᠨᠦᠭᠦᠳ ᠤᠨ ᠰᠣᠶᠣᠯ ᠤᠨ ᠲᠠᠯ᠎ᠠ ᠪᠠᠷ ᠬᠠᠮᠲᠤ ᠣᠷᠣᠰᠢᠬᠤ ᠂ ᠠᠵᠤ ᠠᠬᠤᠢ ᠶᠢᠨ ᠲᠠᠯ᠎ᠠ ᠪᠠᠷ ᠬᠠᠷᠢᠯᠴᠠᠨ ᠲᠦᠰᠢᠭᠯᠡᠨ ᠣᠷᠣᠰᠢᠬᠤ ᠂ ᠬᠠᠶᠢᠷ᠎ᠠ ᠰᠡᠳᠬᠢᠯᠭᠡ ᠶᠢᠨ ᠲᠠᠯ᠎ᠠ ᠪᠠᠷ ᠬᠠᠷᠢᠯᠴᠠᠨ ᠳᠣᠲᠣᠨᠣᠰᠤᠭ  ᠨᠢ᠂ ᠳᠤᠮᠳᠠᠳᠤ ᠶᠢᠨ ᠦᠨᠳᠦᠰᠦᠲᠡᠨ ᠤ ᠪᠦᠯᠬᠦᠮᠳᠡᠯ ᠨᠢᠭᠡᠳᠦᠯ ᠢ ᠬᠥᠭᠡᠭᠡᠴᠡᠯᠳᠦᠬᠦ ᠳᠣᠲᠣᠭᠠᠳᠤ ᠬᠥᠳᠡᠯᠭᠡᠬᠦ ᠬᠦᠴᠦᠨ ᠠᠴᠠ ᠡᠬᠢ ᠡᠭᠦᠰᠦᠯ ᠲᠠᠢ ᠶᠤᠮ ᠃ ᠤᠷᠲᠤ ᠤᠳᠠᠭᠠᠨ ᠲᠡᠦᠬᠡᠨ ᠶᠠᠪᠤᠴᠠ ᠳᠤ ᠂ ᠦᠨᠳᠦᠰᠦᠲᠡᠨ ᠨᠦᠭᠦᠳ ᠡᠬᠡ ᠤᠯᠤᠰ  ᠤᠨ ᠢᠶᠠᠨ ᠥᠷᠭᠡᠨ ᠠᠭᠤᠳᠠᠮ ᠨᠤᠲᠤᠭ ᠳᠡᠪᠢᠰᠬᠡᠷ ᠢ ᠬᠠᠮᠲᠤ ᠪᠠᠷ ᠨᠡᠭᠡᠭᠡᠵᠦ ᠂ ᠣᠯᠠᠨ ᠦᠨᠳᠦᠰᠦᠲᠡᠨ ᠪᠦᠬᠦᠢ ᠨᠢᠭᠡᠳᠦᠭᠰᠡᠨ ᠤᠯᠤᠰ ᠢ ᠬᠠᠮᠲᠤ ᠪᠠᠷ ᠴᠣᠭᠴᠠᠯᠠᠨ ᠪᠠᠶᠢᠭᠤᠯᠵᠤ ᠂ ᠭᠡᠷᠡᠯ ᠰᠠᠴᠤᠷᠠᠩᠭᠤᠶ ᠳᠤᠮᠳᠠᠳᠤ ᠤᠯᠤᠰ ᠤᠨ ᠲᠡᠦᠬᠡ ᠶᠢ ᠬᠠᠮᠲᠤ ᠪᠠᠷ ᠪᠢᠴᠢᠭᠯᠡᠵᠦ ᠂ ᠭᠡᠷᠡᠯ ᠰᠠᠴᠤᠷᠠᠩᠭᠤᠶ ᠳᠤᠮᠳᠠᠳᠤ ᠶᠢᠨ ᠰᠣᠶᠣᠯ ᠢ ᠬᠠᠮᠲᠤ ᠪᠠᠷ ᠡᠭᠦᠳᠦᠨ ᠪᠦᠲᠦᠭᠡᠵᠦ ᠂ ᠠᠭᠤᠤ ᠶᠡᠭᠡ ᠦᠨᠳᠦᠰᠦᠲᠡᠨ  ᠤ ᠵᠣᠷᠢᠭ ᠰᠠᠨᠠᠭ᠎ᠠ ᠶᠢ ᠬᠠᠮᠲᠤ ᠪᠠᠷ ᠪᠤᠢ ᠪᠣᠯᠭᠠᠵᠤ ᠂ ᠠᠭᠠᠵᠢᠮ ᠢᠶᠠᠷ ᠴᠢᠰᠤ ᠮᠢᠬᠠᠨ ᠤ ᠪᠠᠷᠢᠯᠳᠤᠯᠭ᠎ᠠ ᠂ ᠶᠠᠰᠤ ᠮᠢᠬᠠᠨ ᠤ ᠪᠠᠷᠢᠯᠳᠤᠯᠭ᠎ᠠ ᠶᠢ ᠪᠦᠷᠢᠯᠳᠦᠭᠦᠯᠵᠦ ᠂ ᠴᠢᠨᠦ ᠳᠤᠮᠳᠠ ᠪᠢ ᠪᠠᠶᠢᠵᠤ ᠂ ᠮᠢᠨᠦ ᠳᠤᠮᠳᠠ ᠴᠢ ᠪᠠᠶᠢᠬᠤ᠂ ᠤᠯᠠᠨ ᠡᠰᠢᠴᠢᠯᠡᠭᠰᠡᠨ ᠨᠢᠭᠡ ᠴᠣᠭᠴᠠ ᠂ ᠰᠠᠯᠵᠤ ᠪᠣᠯᠤᠰᠢ ᠦᠭᠡᠢ ᠬᠤᠪᠢ ᠵᠠᠶᠠᠭᠠᠨ ᠤ ᠬᠠᠮᠲᠤ ᠶᠢᠨ ᠴᠣᠭᠴᠠ  ᠶᠢ ᠪᠦᠷᠢᠯᠳᠦᠭᠦᠯᠪᠡ᠃        ᠳᠤᠮᠳᠠᠳᠤ  ᠶᠢᠨ ᠦᠨᠳᠦᠰᠦᠲᠡᠨ  ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠨᠠᠮ ᠤᠨ ᠦᠨᠳᠦᠰᠦᠲᠡᠨ ᠤ ᠠᠵᠢᠯ ᠤᠨ ᠵᠠᠭᠤᠨ ᠵᠢᠯ ᠤᠨ ᠦᠢᠯᠡᠳᠦᠯᠭᠡ ᠶᠢᠨ ᠳᠡᠭᠡᠭᠰᠢᠯᠡᠯᠲᠡ ᠮᠥᠨ ᠃ ᠳᠤᠮᠳᠠᠳᠤ ᠤᠯᠤᠰ ᠤᠨ ᠡᠪ ᠬᠠᠮᠲᠤ ᠨᠠᠮ ᠮᠡᠨᠳᠦᠯᠡᠮᠡᠭᠴᠡ ᠂ ᠳᠤᠮᠳᠠᠳᠤ ᠤᠯᠤᠰ ᠤᠨ ᠠᠷᠠᠳ ᠲᠦᠮᠡᠨ  ᠳᠤ ᠵᠣᠯ ᠵᠢᠷᠭᠠᠯ ᠡᠳ᠋ᠯᠡᠭᠦᠯᠬᠦ ᠂ ᠳᠤᠮᠳᠠᠳᠤ ᠶᠢᠨ ᠦᠨᠳᠦᠰᠦᠲᠡᠨ ᠤ  ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠠᠷ ᠥᠪᠡᠷ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠣᠯᠭᠠᠪᠠ ᠃ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠳᠤ ᠂ ᠮᠠᠨ ᠤ ᠨᠠᠮ ᠪᠦᠬᠦ ᠤᠯᠤᠰ ᠤᠨ ᠦᠨᠳᠦᠰᠦᠲᠡᠨ  ᠨᠦᠭᠦᠳ  ᠤᠨ ᠠᠷᠠᠳ ᠲᠦᠮᠡᠨ ᠢ ᠨᠢᠭᠡᠳᠬᠡᠨ ᠳᠠᠶᠢᠴᠢᠯᠠᠵᠤ ᠦᠨᠳᠦᠰᠦᠲᠡᠨ ᠤ ᠲᠤᠰᠠᠭᠠᠷ ᠲᠣᠭᠲᠠᠨᠢᠯ ᠪᠠ ᠠᠷᠠᠳ ᠲᠦᠮᠡᠨ ᠤ ᠴᠢᠯᠦᠭᠡᠯᠡᠯᠲᠡ ᠶᠢ ᠪᠡᠶᠡᠯᠡᠭᠦᠯᠪᠡ ᠃ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ  ᠪᠠᠶᠢᠭᠤᠯᠤᠯᠲᠠ ᠶᠢᠨ ᠣᠢᠶ᠎ᠠ ᠳᠤ ᠂ ᠮᠠᠨ ᠤ ᠨᠠᠮ ᠦᠨᠳᠦᠰᠦᠲᠡᠨ ᠤ ᠡᠷᠬᠡ ᠲᠡᠭᠰᠢ ᠶᠢ ᠤᠯᠤᠰ ᠢᠶᠠᠨ  ᠪᠠᠶᠢᠭᠤᠯᠬᠤ ᠦᠨᠳᠦᠰᠦᠨ ᠵᠠᠷᠴᠢᠮ ᠤᠨ ᠨᠢᠭᠡ ᠪᠣᠯᠭᠠᠵᠤ ᠂ ᠦᠨᠳᠦᠰᠦᠲᠡᠨ ᠤ ᠡᠷᠬᠡ ᠲᠡᠭᠰᠢ᠂ ᠦᠨᠳᠦᠰᠦᠲᠡᠨ ᠤ ᠪᠦᠯᠬᠦᠮᠳᠡᠯ ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠂ ᠦᠨᠳᠦᠰᠦᠲᠡᠨ  ᠨᠦᠭᠦᠳ ᠬᠠᠮᠲᠤ ᠪᠠᠷ ᠴᠡᠴᠡᠭᠯᠡᠨ ᠬᠥᠭᠵᠢᠬᠦ ᠪᠠᠷ ᠭᠤᠣᠯ ᠠᠭᠤᠯᠭ᠎ᠠ ᠪᠣᠯᠭᠠᠭᠰᠠᠨ ᠦᠨᠳᠦᠰᠦᠲᠡᠨ ᠤ ᠣᠨᠣᠯ ᠪᠠ ᠦᠨᠳᠦᠰᠦᠲᠡᠨ  ᠤ ᠲᠥᠷᠥ ᠶᠢᠨ ᠪᠣᠳᠣᠯᠭ᠎ᠠ ᠶᠢᠨ ᠦᠨᠳᠦᠰᠦᠨ ᠪᠣᠷᠣ ᠲᠥᠯᠥᠪ ᠢ ᠲᠣᠭᠲᠠᠭᠠᠵᠤ ᠂ ᠦᠨᠳᠦᠰᠦᠲᠡᠨ  ᠤ ᠠᠵᠢᠯ  ᠤᠨ ᠠᠯᠢ ᠣᠯᠠᠨ ᠦᠨᠳᠦᠰᠦᠨ ᠪᠠᠶᠢᠭᠤᠯᠤᠯ ᠪᠠ ᠲᠥᠷᠥ  ᠶᠢᠨ ᠪᠣᠳᠣᠯᠭ᠎ᠠ  ᠶᠢ ᠪᠣᠢ ᠪᠣᠯᠭᠠᠵᠠᠢ ᠃ ᠥᠭᠡᠷᠡᠴᠢᠯᠡᠯᠲᠡ ᠨᠡᠭᠡᠭᠡᠯᠲᠡ ᠪᠣᠯᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ  ᠶᠢᠨ ᠰᠢᠨ᠎ᠡ ᠴᠠᠭ ᠦᠶ᠎ᠡ ᠳᠤ ᠂ ᠮᠠᠨ ᠤ ᠨᠠᠮ ᠠᠵᠤ ᠠᠬᠤᠶ ᠶᠢᠨ ᠪᠦᠲᠦᠭᠡᠨ ᠪᠠᠶᠢᠭᠤᠯᠤᠯᠲᠠ  ᠪᠠᠷ ᠭᠤᠤᠯ ᠪᠣᠯᠭᠠᠬᠤ  ᠶᠢ ᠪᠠᠷᠢᠮᠲᠠᠯᠠᠨ ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠂ ᠬᠢᠯᠢ ᠬᠢᠵᠠᠭᠠᠷ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠵᠡᠷᠭᠡ  ᠶᠢ ᠬᠡᠷᠡᠭᠵᠢᠭᠦᠯᠵᠦ ᠂ ᠴᠥᠭᠡᠨ ᠲᠣᠭᠠᠲᠤ ᠦᠨᠳᠦᠰᠦᠲᠡᠨ ᠪᠣᠯᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠦᠴᠦᠯᠡᠨ ᠲᠦᠷᠭᠡᠳᠬᠡᠵᠦ ᠂ ᠦᠨᠳᠦᠰᠦᠲᠡᠨ  ᠨᠦᠭᠦᠳ  ᠤᠨ ᠬᠠᠮᠲᠤ  ᠪᠠᠷ ᠪᠦᠯᠬᠦᠮᠳᠡᠨ ᠲᠡᠮᠡᠴᠡᠵᠦ ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠪᠠ ᠃        ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ  ᠠᠴᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ ᠂ ᠮᠠᠷᠺᠰ ᠤᠨ ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ  ᠶᠢ ᠲᠠᠰᠤᠷᠠᠯᠲᠠ ᠦᠭᠡᠢ ᠠᠬᠢᠭᠤᠯᠵᠤ ᠂ ᠶᠡᠷᠦᠩᠬᠡᠢ ᠱᠦᠵᠢ ᠰᠢ  ᠶᠢᠨ ᠫᠢᠩ  ᠤᠨ ᠦᠨᠳᠦᠰᠦᠲᠡᠨ  ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ ᠂ ᠦᠨᠳᠦᠰᠦᠲᠡᠨ ᠤ ᠭᠠᠵᠠᠷ ᠣᠷᠣᠨ ᠢ ᠪᠦᠬᠦ ᠤᠯᠤᠰ ᠲᠠᠢ ᠬᠠᠮᠲᠤ ᠪᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ  ᠤ ᠢᠯᠠᠯᠲᠠ  ᠶᠢ ᠤᠯᠬᠤ ᠂ ᠴᠢᠨᠡᠭᠡᠯᠢᠭ ᠨᠡᠶᠢᠭᠡᠮ  ᠢ ᠪᠦᠬᠦ ᠲᠠᠯ᠎ᠠ ᠪᠠᠷ ᠪᠡᠶᠡᠯᠡᠭᠦᠯᠬᠦ ᠰᠢᠨ᠎ᠡ ᠠᠶᠠᠨ ᠳᠤ ᠮᠣᠷᠳᠠᠬᠤ ᠶᠢ ᠠᠬᠢᠭᠤᠯᠪᠠ ᠃ ᠳᠤᠮᠳᠠᠳᠤ  ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠭᠠᠷᠭᠠᠭᠰᠠᠨ ᠴᠢᠬᠤᠯᠠ ᠶᠡᠭᠡ ᠠᠩᠬᠠᠨ ᠤ ᠡᠭᠦᠳᠦᠯᠲᠡ ᠶᠢᠨ ᠴᠢᠨᠠᠷᠲᠠᠢ ᠨᠤᠲᠠᠯᠠᠯᠲᠠ ᠮᠥᠨ ᠂ 2014 ᠣᠨ ᠳᠤ ᠶᠡᠷᠦᠩᠬᠡᠢ ᠱᠦᠵᠢ ᠰᠢ ᠶᠢᠨ ᠫᠢᠩ ᠤᠨ ᠬᠤᠶᠠᠳᠤᠭᠠᠷ ᠤᠳᠠᠭ᠎ᠠ ᠶᠢᠨ ᠲᠥᠪ  ᠤᠨ ᠰᠢᠨᠵᠢᠶᠠᠩ ᠤᠨ ᠠᠵᠢᠯ ᠤᠨ ᠶᠠᠷᠢᠯᠴᠠᠬᠤ ᠬᠤᠷᠠᠯ ᠳᠡᠭᠡᠷ᠎ᠡ ᠠᠩᠬ᠎ᠠ ᠤᠳᠠᠭ᠎ᠠ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠨ᠎ᠠ ︾ ᠭᠡᠵᠦ ᠳᠤᠷᠠᠳᠴᠠᠢ᠂ ᠲᠠᠬᠢᠨ 2023 ᠤᠨ ᠪᠣᠯᠬᠤ ᠳᠤ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ  ᠳᠤ ᠪᠠᠨ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠮᠥᠨ ᠂ ᠪᠠᠰᠠ ᠴᠤ ᠦᠨᠳᠦᠰᠦᠲᠡᠨ  ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ ︾ ᠭᠡᠵᠦ ᠵᠢᠭᠠᠵᠤ ᠭᠠᠷᠭᠠᠪᠠ ᠃ ᠡᠨᠡ ᠬᠦ ᠨᠤᠲᠠᠯᠠᠯᠲᠠ  ᠨᠢ ᠲᠠᠰᠤᠷᠠᠯᠲᠠ ᠦᠭᠡᠢ ᠪᠠᠶᠠᠯᠢᠭᠵᠢᠨ ᠬᠥᠭᠵᠢᠬᠦ ᠶᠠᠪᠤᠴᠠ ᠶᠢ ᠥᠩᠭᠡᠷᠡᠭᠡᠵᠦ ᠂ ᠨᠠᠮ ᠤᠨ ᠦᠨᠳᠦᠰᠦᠲᠡᠨ ᠤ ᠠᠵᠢᠯ ᠢ ᠵᠢᠯᠣᠭᠤᠳᠤᠨ ᠰᠢᠨ᠎ᠡ ᠴᠠᠭ ᠦᠶ᠎ᠡ ᠳᠤ ᠰᠢᠨ᠎ᠡ ᠲᠡᠦᠬᠡᠲᠦ ᠴᠢᠨᠠᠷᠲᠠᠢ ᠠᠮᠵᠢᠯᠲᠠ ᠣᠯᠪᠠ ᠃
图片2.png
        4 ᠳ᠋ᠦ᠋ᠭᠡᠷ ᠰᠠᠷ᠎ᠠ ᠶᠢᠨ 15 ᠤ ᠡᠳᠦᠷ ᠂ ᠪᠡᠭᠡᠵᠢᠩ ᠬᠤᠲᠠ ᠶᠢᠨ ᠬᠠᠶᠢᠳᠢᠶᠠᠨ ᠲᠣᠭᠤᠷᠢᠭ ᠤᠨ 2025 ᠣᠨ ᠤ ︽ 4 · 15 ︾  ᠤ ᠪᠥᠬᠦ ᠠᠷᠠᠳ ᠤᠨ ᠤᠯᠤᠰ  ᠤᠨ ᠠᠮᠤᠷ ᠲᠦᠪᠰᠢᠨ  ᠤ ᠬᠥᠮᠦᠵᠢᠯ  ᠤᠨ ᠡᠳᠦᠷ ᠤᠨ ᠭᠤᠤᠯ ᠲᠠᠯᠠᠪᠤᠷ ᠤᠨ ᠠᠵᠢᠯᠯᠠᠭ᠎ᠠ ᠳᠤ ᠂ ᠬᠥᠮᠦᠰ ︽ ᠬᠠᠤᠯᠢ ᠪᠠᠷ ᠵᠠᠰᠠᠬᠤπᠣᠷᠣᠨ ᠵᠠᠶ︾  ᠶᠢᠨ ᠬᠠᠤᠯᠢ ᠲᠦᠭᠡᠮᠡᠯᠵᠢᠭᠦᠯᠬᠦ ᠰᠤᠷᠭᠠᠨ ᠬᠥᠮᠦᠵᠢᠯ  ᠤᠨ ᠦᠢᠯᠡᠳᠦᠯᠴᠡᠯ  ᠤᠨ ᠦᠵᠡᠭᠦᠯᠦᠯᠭᠡ  ᠶᠢᠨ ᠲᠣᠭᠤᠷᠢᠭ  ᠲᠤ ᠲᠣᠭᠤᠷᠢᠨ ᠦᠵᠡᠪᠡ ᠃ ᠰᠢᠨᠬᠤᠸᠠ ᠬᠤᠷᠢᠶᠠᠨ ᠤ ᠰᠣᠷᠪᠤᠯᠵᠢᠯᠠᠬᠴᠢ ᠫᠠᠨ ᠰᠢᠣᠢ ᠰᠠᠭᠦᠲᠠᠷᠯᠠᠪᠠ        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠦᠷᠢᠮ ᠲᠣᠭᠲᠠᠴᠠ  ᠶᠢ ᠪᠦᠷᠢᠨᠰᠢᠬᠦᠯᠦᠨ ᠪᠠᠲᠤ ᠴᠤᠭᠴᠠᠯᠠᠬᠤ ᠨᠢ ᠂ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠢ ᠵᠢᠷᠤᠮᠵᠢᠭᠤᠯᠬᠤ ᠂ ᠬᠠᠤᠯᠢᠵᠢᠭᠤᠯᠬᠤ ᠂ ᠳᠦᠷᠢᠮᠵᠢᠭᠦᠯᠬᠦ ᠰᠢᠨ᠎ᠡ ᠱᠠᠲᠤᠨ ᠳᠤ ᠣᠷᠣᠭᠤᠯᠬᠤ ᠶᠢ ᠬᠠᠷᠠᠭᠤᠯᠵᠤ ᠪᠠᠶᠢᠨ᠎ᠠ ᠃ ᠬᠠᠤᠯᠢ ᠴᠠᠭᠠᠵᠠ ᠪᠣᠯ ᠤᠯᠤᠰ ᠢ ᠵᠠᠰᠠᠬᠤ ᠶᠢᠨ ᠴᠢᠬᠤᠯᠠ ᠵᠡᠪᠰᠡᠭ ᠮᠥᠨ ᠂ ᠳᠦᠷᠢᠮ ᠪᠣᠯ ᠤᠯᠤᠰ ᠢ ᠵᠠᠰᠠᠬᠤ ᠶᠢᠨ ᠰᠠᠭᠤᠷᠢ ᠮᠥᠨ ᠃ ᠣᠳᠣᠬᠠᠨ ᠤ ᠳᠡᠯᠡᠬᠡᠢ ᠶᠢᠷᠲᠢᠨᠴᠦ ᠶᠠᠭ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ  ᠶᠢ ᠥᠩᠭᠡᠷᠡᠭᠡᠵᠦ ᠂ ᠪᠦᠬᠦ ᠪᠥᠮᠪᠥᠷᠴᠡᠭ  ᠤᠨ ᠬᠥᠭᠵᠢᠯᠲᠡ ᠮᠠᠰᠢ ᠤᠯᠠᠨ ᠥᠷᠢᠰᠥᠯᠳᠦᠭᠡᠨ ᠪᠠ ᠲᠣᠭᠲᠠᠪᠤᠷᠢ ᠦᠭᠡᠢ ᠴᠢᠨᠠᠷ ᠲᠤᠯᠭᠠᠷᠠᠵᠤ ᠪᠠᠶᠢᠨ᠎ᠠ ᠃ ᠤᠯᠤᠰ ᠤᠨ ᠲᠤᠳᠤᠭᠠᠳᠤ ᠳᠤ ᠂ ᠴᠢᠨᠠᠷ ᠰᠠᠶᠢᠳᠠᠢ ᠬᠦᠭᠵᠢᠯᠳᠡ  ᠶᠢ ᠠᠬᠢᠭᠤᠯᠬᠤ  ᠳᠤ ᠲᠤᠯᠭᠠᠷᠠᠵᠤ ᠪᠠᠶᠢᠭ᠎ᠠ ᠳᠤᠪᠤᠶᠢᠮ᠎ᠠ ᠠᠰᠠᠭᠤᠳᠠᠯ  ᠨᠢ ᠮᠦᠨ ᠴᠦ ᠬᠦᠭᠵᠢᠯᠳᠡ  ᠶᠢᠨ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠶᠠᠪᠤᠳᠠᠯ ᠪᠤᠯᠤᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠦᠷᠢᠮ ᠲᠣᠭᠲᠠᠴᠠ ᠶᠢ ᠪᠦᠷᠢᠨᠰᠢᠬᠦᠯᠦᠨ ᠪᠠᠲᠤ ᠴᠣᠭᠴᠠᠯᠠᠬᠤ ᠪᠣᠯ ᠂ ᠣᠳᠣᠬᠠᠨ ᠤ ᠨᠠᠷᠢᠨ ᠪᠤᠳᠤᠯᠢᠶᠠᠨᠲᠠᠢ ᠪᠠᠶᠢᠳᠠᠯ ᠢ ᠢᠳᠡᠪᠬᠢᠲᠡᠢ ᠠᠷᠭᠠᠴᠠᠭᠠᠬᠤ ᠶᠠᠪᠤᠳᠠᠯ ᠪᠣᠯᠬᠤ ᠪᠠᠷ ᠪᠠᠷᠠᠬᠤ ᠦᠭᠡᠢ ᠪᠠᠰᠠ ᠴᠤ ᠢᠷᠡᠭᠡᠳᠦᠢ ᠶᠢᠨ ᠬᠥᠭᠵᠢᠯᠲᠡ ᠶᠢᠨ ᠠᠯᠤᠰ ᠬᠡᠳᠦ ᠶᠢᠨ ᠲᠥᠯᠥᠪᠵᠢᠭᠦᠯᠭᠡ ᠪᠣᠯᠤᠨ᠎ᠠ ᠂ ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠦᠢᠯᠡᠳᠦᠯᠭᠡ ᠶᠢᠨ ᠦᠷ᠎ᠡ ᠪᠦᠲᠦᠭᠡᠯ ᠪᠣᠯᠤᠨ᠎ᠠ ᠃        ᠰᠣᠶᠣᠯ ᠤᠨ ᠬᠠᠮᠳᠤ ᠶᠢᠨ ᠳᠠᠨᠢᠯᠳᠠ ᠶᠢ ᠨᠡᠮᠡᠭᠳᠡᠭᠦᠯᠵᠦ ᠂ ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ  ᠢ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ        ᠶᠡᠷᠦᠩᠬᠡᠢ ᠱᠦᠵᠢ ᠰᠢ ᠶᠢᠨ ᠫᠢᠩ ᠄ ︽ ᠪᠢᠳᠡ ᠳᠤᠮᠳᠠᠳᠤ ᠤᠯᠤᠰ ᠤᠨ ᠬᠥᠮᠦᠨ ᠪᠣᠯᠤᠭᠰᠠᠨ ᠤ ᠬᠤᠪᠢ ᠳᠤ ᠂ ᠬᠠᠮᠤᠭ ᠤᠨ ᠦᠨᠳᠦᠰᠦᠨ ᠵᠦᠢᠯ ᠪᠣᠯ ᠪᠢᠳᠡᠨ ᠳᠤ ᠳᠤᠮᠳᠠᠳᠤ ᠤᠯᠤᠰ ᠤᠨ ᠬᠥᠮᠦᠨ ᠤ ᠥᠪᠡᠷᠮᠢᠴᠡ ᠤᠶᠤᠨ ᠰᠠᠨᠠᠭᠠᠨ ᠤ ᠶᠢᠷᠲᠢᠨᠴᠦ ᠪᠠᠶᠢᠵᠤ ᠂ ᠠᠷᠠᠳ ᠤᠯᠠᠨ ᠤ ᠡᠳᠦᠷ ᠳᠤᠳᠤᠮ ᠤᠨ ᠬᠡᠷᠡᠭᠯᠡᠭᠡᠨ  ᠤ ᠰᠠᠨᠠᠮᠰᠠᠷ ᠦᠭᠡᠢ ᠦᠷᠳᠡᠭ ᠤᠨ ᠦᠵᠡᠯᠲᠡ ᠲᠠᠢ ᠪᠠᠶᠢᠳᠠᠭ ᠃ ᠪᠢᠳᠡᠨ ᠤ ᠰᠠᠨᠠᠭᠠᠴᠢᠯᠠᠵᠤ ᠪᠠᠶᠢᠭ᠎ᠠ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠲᠠᠷᠤᠢ ᠳᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠢ ᠤᠯᠠᠮᠵᠢᠯᠠᠨ ᠵᠠᠯᠭᠠᠮᠵᠢᠯᠠᠵᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ ︾ ᠬᠡᠵᠤ ᠵᠢᠭᠠᠨ ᠭᠠᠷᠭᠠᠪᠠ᠃ ︽ ᠳᠡᠯᠡᠬᠡᠢ ᠳ᠋ᠠᠬᠢᠨ ᠤ ᠶᠡᠭᠡ ᠨᠢᠭᠡᠳᠦᠯ ︾ ᠤᠨ ᠨᠡᠶᠢᠭᠡᠮ ᠤᠨ ᠬᠦᠰᠡᠯᠡᠩ ᠂ ︽ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ︾ ᠲᠡᠮᠡᠴᠡᠯ ᠤᠨ ᠵᠣᠷᠢᠭ ᠰᠠᠨᠠᠭ᠎ᠠ ᠂ ︽ ᠳᠡᠯᠡᠬᠡᠢ ᠳ᠋ᠠᠬᠢᠨ ᠤ ᠮᠠᠨᠳᠤᠨ ᠮᠦᠬᠦᠬᠦ᠂ ᠪᠦᠭᠦᠳᠡᠭᠡᠷ ᠢᠶᠠᠨ ᠬᠠᠷᠢᠭᠤᠴᠠᠯᠭ᠎ᠠ ᠡᠭᠦᠷᠭᠡᠯᠡᠬᠦ ︾ ᠬᠠᠷᠢᠭᠤᠴᠠᠯᠭᠠᠲᠦ ᠤᠬᠠᠮᠰᠠᠷ ᠂ ︽ᠦᠨᠡᠨᠴᠢ ᠰᠢᠳᠤᠷᠭᠤ ᠪᠠᠷ ᠤᠯᠤᠰ  ᠲᠤ ᠪᠠᠨ ᠵᠢᠳᠬᠦᠬᠦ ︾ ᠤᠯᠤᠰ ᠢᠶᠠᠨ ᠬᠠᠶᠢᠷᠠᠯᠠᠬᠤ ᠰᠡᠳᠬᠢᠯᠭᠡ ᠂ ︽ᠬᠠᠭᠤᠴᠢᠨ ᠢ ᠥᠭᠡᠷᠡᠴᠢᠯᠡᠵᠦ ᠰᠢᠨ᠎ᠡ ᠶᠢ ᠡᠭᠦᠳᠬᠦ ︾ ᠰᠢᠨ᠎ᠡ ᠶᠢ ᠡᠭᠦᠳᠬᠦ ᠰᠡᠳᠬᠢᠬᠦᠢ ᠁ ᠡᠳᠡᠭᠡᠷ ᠳᠤᠮᠳᠠᠳᠤ  ᠶᠢᠨ ᠰᠣᠶᠣᠯ  ᠤᠨ ᠭᠧᠨ ᠪᠣᠯ ᠂ ᠳᠤᠮᠳᠠᠳᠤ  ᠶᠢᠨ ᠦᠨᠳᠦᠰᠦᠲᠡᠨ ᠤ ᠡᠷᠡᠮᠡᠬᠡᠶᠢᠯᠡᠨ ᠤᠷᠤᠭᠰᠢᠯᠠᠬᠤ᠂ ᠡᠷᠡᠮᠡᠬᠡᠶᠢᠯᠡᠨ ᠤᠷᠤᠭᠰᠢᠯᠠᠬᠤ ᠤᠶᠤᠨ ᠰᠠᠨᠠᠭᠠᠨ ᠤ ᠬᠥᠳᠡᠯᠭᠡᠬᠦ ᠬᠦᠴᠦᠨ ᠮᠥᠨ ᠃ ᠵᠢᠩ ᠭᠠᠩ ᠱᠠᠨ ᠤ ᠵᠣᠷᠢᠭ ᠰᠠᠨᠠᠭ᠎ᠠ᠂ ᠣᠷᠲᠦ ᠵᠠᠮ ᠤᠨ ᠠᠶᠠᠨ ᠳᠠᠶᠢᠨ ᠤ ᠵᠣᠷᠢᠭ ᠰᠠᠨᠠᠭ᠎ᠠ᠂ ︽ ᠬᠤᠶᠠᠷ ᠪᠥᠮᠪᠦᠭᠡ ᠨᠢᠭᠡ ᠣᠳᠣᠨ ︾ ᠤ ᠵᠣᠷᠢᠭ ᠰᠠᠨᠠᠭ᠎ᠠ ᠂ ᠣᠨᠴᠠᠭᠠᠢ ᠣᠷᠣᠨ ᠤ ᠵᠣᠷᠢᠭ ᠰᠠᠨᠠᠭ᠎ᠠ ᠂ ᠦᠶᠡᠷ ᠲᠠᠢ ᠲᠡᠮᠡᠴᠡᠬᠦ ᠵᠣᠷᠢᠭ ᠰᠠᠨᠠᠭ᠎ᠠ ᠂ ᠭᠠᠵᠠᠷ ᠬᠥᠳᠡᠯᠦᠯᠲᠡ  ᠲᠠᠢ ᠲᠡᠮᠡᠴᠡᠵᠦ ᠭᠠᠮᠰᠢᠭ ᠠᠴᠠ ᠠᠪᠤᠷᠠᠬᠤ ᠵᠣᠷᠢᠭ ᠰᠠᠨᠠᠭ᠎ᠠ ᠁ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠪᠠᠷ ᠡᠬᠢ ᠰᠤᠷᠪᠤᠯᠵᠢ ᠪᠣᠯᠭᠠᠭᠰᠠᠨ ᠳᠤᠮᠳᠠᠳᠤ ᠤᠯᠤᠰ ᠤᠨ ᠡᠪ ᠬᠠᠮᠲᠤᠴᠤᠳ ᠤᠨ ᠵᠣᠷᠢᠭ ᠰᠠᠨᠠᠭᠠᠨ ᠤ ᠤᠳᠤᠮᠰᠢᠯ ᠨᠢ ᠳᠤᠮᠳᠠᠳᠤ ᠶᠢᠨ ᠦᠨᠳᠦᠰᠦᠲᠡᠨ ᠤ ᠤᠶᠤᠨ ᠰᠠᠨᠠᠭᠠᠨ ᠤ ᠭᠡᠷ ᠣᠷᠣᠨ ᠢ ᠰᠢᠮᠡᠵᠢᠭᠦᠯᠵᠦ ᠪᠠᠶᠢᠨ᠎ᠠ ᠃ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠣᠯ ᠣᠳᠣ ᠦᠶ᠎ᠡ ᠶᠢᠨ ᠳᠤᠮᠳᠠᠳᠤ ᠤᠯᠤᠰ ᠤᠨ ᠵᠣᠷᠢᠭ ᠰᠠᠨᠠᠭᠠᠨ ᠤ ᠲᠥᠪᠯᠡᠷᠡᠩᠭᠦᠢ ᠢᠯᠡᠷᠡᠯ  ᠂ ᠢᠯᠠᠩᠭᠤᠶ᠎ᠠ ᠡᠬᠡ ᠣᠷᠣᠨᠴᠢ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠪᠠ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠪᠣᠯ ᠡᠯ᠎ᠡ ᠦᠨᠳᠦᠰᠦᠲᠡᠨ ᠤ ᠠᠷᠠᠳ ᠲᠦᠮᠡᠨ ᠤ ᠬᠠᠮᠲᠤ ᠶᠢᠨ ᠥᠷᠲᠡᠭ ᠤᠨ ᠬᠥᠭᠡᠭᠡᠴᠡᠯᠳᠦᠯ ᠪᠣᠯᠤᠨ᠎ᠠ ᠃ ᠡᠳᠡᠭᠡᠷ ᠤᠳᠤᠮ ᠤᠯᠠᠮᠵᠢᠯᠠᠯ ᠨᠢᠭᠡᠲᠡᠢ ᠵᠣᠷᠢᠭ ᠰᠠᠨᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠤᠶᠤᠨ ᠰᠠᠨᠠᠭᠠᠨ ᠤ ᠭᠡᠷ ᠣᠷᠣᠨ ᠤ ᠭᠦᠨ ᠵᠤᠵᠠᠭᠠᠨ ᠠᠭᠤᠯᠬᠤᠨ ᠢ ᠬᠠᠮᠲᠤ ᠪᠠᠷ ᠨᠢᠭᠲᠠᠷᠠᠭᠤᠯᠵᠤ ᠂ ᠳᠤᠮᠳᠠᠳᠤ ᠶᠢᠨ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ  ᠢ ᠴᠢᠩᠭᠠᠳᠬᠠᠬᠤ ᠰᠢᠷᠭᠢᠰᠢ ᠦᠭᠡᠢ ᠡᠬᠢ ᠪᠤᠯᠠᠭ ᠮᠥᠨ ᠃ ᠳᠤᠮᠳᠠᠳᠤ ᠶᠢᠨ ᠦᠨᠳᠦᠰᠦᠲᠡᠨ ᠤ ᠬᠠᠮᠲᠤ  ᠶᠢᠨ ᠴᠣᠭᠴᠠ ᠶᠢᠨ ᠤᠬᠠᠮᠰᠠᠷ ᠤᠨ ᠲᠦᠷᠢᠮ ᠲᠣᠭᠲᠠᠴᠠ ᠶᠢ ᠪᠠᠲᠤ ᠪᠠᠬᠢ ᠪᠤᠢ ᠪᠣᠯᠭᠠᠵᠤ ᠪᠦᠷᠢᠨᠰᠢᠬᠦᠯᠬᠦ ᠳᠤ᠂ ᠳᠤᠮᠳᠠᠳᠤ ᠶᠢᠨ ᠰᠣᠶᠣᠯ ᠂ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠤᠯᠤᠰ ᠠᠷᠠᠳ  ᠤᠨ ᠰᠤᠷᠭᠠᠨ ᠬᠥᠮᠦᠵᠢᠯ ᠂ ᠨᠠᠮ ᠤᠨ ᠭᠡᠰᠢᠭᠦᠨ ᠺᠠᠳ᠋ᠷ ᠤᠨ ᠬᠥᠮᠦᠵᠢᠯ ᠂ ᠨᠡᠶᠢᠭᠡᠮ ᠤᠨ ᠬᠥᠮᠦᠵᠢᠯ ᠳᠤ ᠠᠭᠤᠰᠤᠯᠴᠠᠭᠤᠯᠵᠤ ᠂ ᠰᠣᠶᠣᠯ ᠤᠨ ᠢᠲᠡᠭᠡᠯ ᠢ ᠬᠥᠮᠦᠵᠢᠭᠦᠯᠵᠦ ᠂ ᠬᠠᠮᠲᠤ ᠶᠢᠨ ᠲᠠᠨᠢᠯᠲᠠ ᠶᠢ ᠥᠷᠭᠡᠨ  ᠢᠶᠠᠷ ᠨᠢᠭᠲᠠᠷᠠᠭᠤᠯᠬᠤ ᠬᠡᠷᠡᠭᠲᠡᠢ ᠃        ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠳᠤ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠢᠰᠲ᠋ᠧᠮ ᠢ ᠪᠠᠶᠢᠭᠤᠯᠬᠤ ᠴᠢᠬᠤᠯᠠᠲᠠᠢ ᠃ ᠨᠢᠭᠡ ᠲᠠᠯ᠎ᠠ ᠪᠠᠷ ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠲᠡᠦᠬᠡ ᠳᠤ ᠰᠠᠭᠤᠷᠢᠯᠠᠵᠤ ᠂ ᠳᠤᠮᠳᠠᠳᠤ ᠶᠢᠨ ᠦᠨᠳᠦᠰᠦᠲᠡᠨ ᠤ ᠤᠯᠠᠨ ᠲᠠᠯ᠎ᠠ ᠠᠴᠠ ᠨᠢᠭᠡ ᠴᠤᠬᠴᠠᠵᠢᠭᠤᠯᠤᠬᠰᠠᠨ ᠬᠤᠪᠢᠰᠤᠯᠲᠠ ᠶᠢᠨ ᠰᠤᠳᠠᠰᠤ ᠶᠢ ᠲᠣᠳᠣᠷᠬᠠᠶᠢᠯᠠᠵᠤ ᠂ ᠲᠡᠭᠦᠨ ᠳᠤ ᠠᠭᠤᠯᠤᠭᠳᠠᠵᠤ ᠪᠠᠶᠢᠭ᠎ᠠ ᠳᠣᠲᠣᠭᠠᠳᠤ ᠨᠢᠭᠲᠠᠷᠠᠯ ᠤᠨ ᠬᠦᠴᠦᠨ ᠂ ᠬᠥᠭᠵᠢᠯᠲᠡ ᠶᠢᠨ ᠬᠥᠳᠡᠯᠭᠡᠬᠦ ᠬᠦᠴᠦᠨ ᠵᠢᠴᠢ ᠳᠤᠮᠳᠠᠳᠤ ᠶᠢᠨ ᠦᠨᠳᠦᠰᠦᠲᠡᠨ ᠬᠡᠳᠦᠨ ᠮᠢᠩᠭᠠᠨ ᠵᠢᠯ ᠤᠨ ᠰᠠᠯᠬᠢ ᠪᠣᠷᠣᠭᠠᠨ ᠢ ᠲᠤᠭᠤᠯᠤᠭᠠᠳ ᠮᠦᠨ ᠬᠦ ᠲᠠᠰᠤᠷᠠᠯᠲᠠ ᠦᠭᠡᠢ ᠤᠷᠭᠤᠵᠤ ᠂ ᠦᠷᠭᠦᠯᠵᠢᠯᠡᠬᠦ᠋ᠢᠴᠡ ᠲᠡᠦᠬᠡ ᠶᠢᠨ ᠯᠣᠭᠢᠭ ᠂ ᠤᠨᠤᠯ ᠤᠨ ᠯᠣᠭᠢᠭ ᠢ ᠲᠣᠳᠣᠷᠬᠠᠶᠢᠯᠠᠨ ᠥᠭᠦᠯᠡᠬᠦ ᠬᠡᠷᠡᠭᠲᠡᠢ ᠃ ᠨᠥᠭᠦᠭᠡ ᠲᠠᠯ᠎ᠠ ᠪᠠᠷ ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠤᠳᠤᠷᠢᠳᠤᠮᠵᠢ ᠪᠣᠯᠭᠠᠵᠤ ᠂ ᠮᠠᠷᠺᠰ ᠤᠨ ᠦᠵᠡᠯ ᠤᠨ ᠦᠨᠳᠦᠰᠦᠲᠡᠨ ᠤ ᠣᠨᠣᠯ  ᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ  ᠲᠠᠢ ᠤᠶᠠᠯᠳᠤᠭᠤᠯᠵᠤ ᠂ ᠳᠤᠮᠳᠠᠳᠤ ᠶᠢᠨ ᠰᠣᠶᠣᠯ  ᠳᠤ ᠠᠭᠤᠯᠤᠭᠳᠠᠵᠤ ᠪᠠᠶᠢᠭ᠎ᠠ ᠮᠡᠳᠡᠯᠭᠡ ᠤᠶᠤᠨᠴᠢ ᠂ ᠦᠵᠡᠯ ᠰᠠᠨᠠᠭᠠᠨ ᠤ ᠳᠣᠲᠤᠭᠠᠳᠤᠬᠢ ᠴᠢᠨᠠᠷ ᠂ ᠣᠶᠤᠨ ᠰᠠᠨᠠᠭᠠᠨ ᠤ ᠣᠨᠴᠠ ᠴᠢᠨᠠᠷ ᠢ ᠰᠢᠰᠲ᠋ᠧᠮ ᠲᠠᠢ ᠰᠤᠳᠤᠯᠵᠤ ᠂ ᠳᠤᠮᠳᠠᠳᠤ ᠶᠢᠨ ᠪᠣᠯᠪᠠᠰᠤᠨ ᠤ ᠳᠣᠪᠤᠶᠢᠮ᠎ᠠ ᠣᠨᠴᠠᠯᠢᠭ ᠢ ᠭᠦᠨᠵᠡᠭᠡᠶ ᠲᠣᠳᠣᠷᠬᠠᠶᠢᠯᠠᠨ ᠥᠭᠦᠯᠡᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠥᠭᠵᠢᠯᠲᠡ ᠶᠢᠨ ᠶᠣᠰᠣ ᠤᠴᠢᠷ ᠢ ᠰᠢᠨᠵᠢᠯᠡᠬᠦ ᠤᠬᠠᠭᠠᠨᠴᠢ ᠪᠠᠷ ᠢᠯᠡᠷᠡᠭᠦᠯᠵᠦ ᠂ ᠳᠤᠮᠳᠠᠳᠤ ᠤᠯᠤᠰ ᠤᠨ ᠲᠡᠦᠬᠡ ᠳᠤ ᠰᠠᠭᠤᠷᠢᠯᠠᠨ ᠂ ᠳᠤᠮᠳᠠᠳᠤ ᠤᠯᠤᠰ ᠤᠨ ᠦᠢᠯᠡᠳᠦᠯᠭᠡ ᠶᠢ ᠲᠠᠶᠢᠯᠪᠤᠷᠢᠯᠠᠵᠤ ᠂ ᠳᠤᠮᠳᠠᠳᠤ ᠤᠯᠤᠰ ᠤᠨ ᠠᠰᠠᠭᠤᠯᠲᠠ ᠶᠢ ᠲᠠᠶᠢᠯᠪᠤᠷᠢᠯᠠᠵᠤ ᠂ ᠳᠤᠮᠳᠠᠳᠤ ᠤᠯᠤᠰ ᠤᠨ ᠠᠰᠠᠭᠤᠯᠲᠠ ᠳᠤ ᠬᠠᠷᠢᠭᠤᠯᠲᠠ ᠥᠭᠬᠦ ᠠᠩᠬᠠᠨ  ᠤ ᠡᠭᠦᠳᠦᠯᠲᠡ  ᠶᠢᠨ ᠴᠢᠨᠠᠷᠲᠠᠶ ᠂ ᠪᠡᠯᠭᠡ ᠲᠡᠮᠳᠡᠭ ᠤᠨ ᠴᠢᠨᠠᠷᠲᠠᠶ ᠣᠨᠣᠯ ᠤᠨ ᠦᠷ᠎ᠡ ᠪᠦᠲᠦᠭᠡᠯ ᠢ ᠭᠠᠷᠭᠠᠬᠤ ᠬᠡᠷᠡᠭᠲᠡᠶ᠃ ᠡᠨᠡ ᠬᠦ ᠰᠠᠭᠤᠷᠢᠨ ᠳᠡᠭᠡᠷ᠎ᠡ ᠂ ᠰᠢᠨᠵᠢᠯᠡᠬᠦ ᠤᠬᠠᠭᠠᠨᠴᠢ ᠪᠥᠭᠡᠳ ᠨᠢᠭᠲᠠ ᠴᠢᠩᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠲᠡᠦᠬᠡᠨ ᠮᠠᠲ᠋ᠧᠷᠢᠶᠠᠯ ᠤᠨ ᠰᠢᠰᠲ᠋ᠧᠮ ᠂ ᠦᠭᠡ ᠬᠡᠯᠡᠨ ᠤ ᠰᠢᠰᠲ᠋ᠧᠮ ᠂ ᠤᠨᠤᠯ ᠤᠨ ᠰᠢᠰᠲ᠋ᠧᠮ ᠢ ᠡᠮᠬᠢᠯᠡᠨ ᠨᠡᠶᠢᠯᠡᠭᠦᠯᠵᠦ ᠪᠦᠷᠢᠯᠳᠦᠭᠦᠯᠦᠨ ᠂ ᠲᠡᠭᠦᠨ ᠢ ᠨᠡᠩ ᠲᠠᠶᠢᠯᠪᠤᠷᠢᠯᠠᠬᠤ ᠬᠦᠴᠦᠨ ᠂ ᠨᠥᠯᠥᠭᠡᠯᠡᠬᠦ ᠬᠦᠴᠦᠨ ᠪᠠ ᠨᠡᠪᠳᠡᠯᠬᠦ ᠬᠦᠴᠦᠨ ᠲᠠᠢ ᠪᠣᠯᠭᠠᠨ᠎ᠠ ᠃ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠦᠷᠢᠮ ᠲᠣᠭᠲᠠᠴᠠ ᠶᠢ ᠪᠠᠲᠤ ᠪᠠᠬᠢ ᠪᠤᠢ ᠪᠣᠯᠭᠠᠵᠤ ᠂ ᠦᠢᠯᠡᠳᠦᠯᠭᠡ ᠳᠤ ᠲᠣᠳᠣᠷᠬᠠᠢ ᠴᠢᠭᠯᠡᠯ ᠪᠠ ᠠᠷᠭ᠎ᠠ ᠵᠠᠮ ᠬᠠᠩᠭᠠᠵᠤ ᠴᠢᠳᠠᠬᠤ ᠪᠠᠷ ᠪᠠᠷᠠᠬᠤ ᠦᠭᠡᠢ ᠪᠠᠰᠠ ᠰᠤᠳᠤᠯᠭᠠᠨ ᠤ ᠦᠷ᠎ᠡ ᠪᠦᠲᠦᠭᠡᠯ ᠢ ᠬᠤᠪᠢᠷᠠᠭᠤᠯᠬᠤ ᠪᠠ ᠬᠡᠷᠡᠭᠯᠡᠬᠦ ᠶᠢ ᠠᠬᠢᠭᠤᠯᠵᠤ᠂ ᠠᠵᠢᠯ ᠤᠨ ᠨᠡᠩ ᠰᠠᠶᠢᠨ ᠥᠷᠨᠢᠬᠦ ᠶᠢ ᠠᠬᠢᠭᠤᠯᠵᠤ ᠂ ᠦᠨᠡᠨ ᠪᠣᠳᠠᠲᠠᠢ ᠦᠷ᠎ᠡ ᠪᠦᠲᠦᠮᠵᠢ ᠤᠯᠬᠤ ᠳᠤ ᠠᠰᠢᠭᠲᠠᠢ ᠶᠤᠮ ᠃        ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢᠨ ᠪᠠᠶᠢᠪᠠᠰᠤ ᠵᠣᠬᠢᠬᠤ ᠤᠳᠬ᠎ᠠ        ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠶᠢᠨ ᠦᠨᠳᠦᠰᠦᠲᠡᠨ ᠤ ᠬᠠᠭᠤᠴᠢᠨ ᠤᠯᠤᠰ ᠤᠨ ᠰᠢᠨ᠎ᠡ ᠬᠤᠪᠢ ᠵᠠᠶᠠᠭ᠎ᠠ ᠮᠥᠨ ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠪᠣᠯ ᠳᠤᠮᠳᠠᠳᠤ ᠤᠯᠤᠰ  ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠣ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠤᠷᠢᠲᠠᠯ ᠪᠠ ᠰᠠᠭᠤᠷᠢ ᠮᠥᠨ ᠃ ᠡᠨᠡ ᠨᠢ ᠳᠦᠷᠢᠮ ᠲᠣᠭᠲᠠᠴᠠ  ᠪᠠᠷ ᠪᠠᠲᠤᠯᠠᠭ᠎ᠠ ᠪᠣᠯᠭᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠠᠵᠢᠯ ᠢ ᠵᠢᠷᠤᠮᠵᠢᠭᠤᠯᠬᠤ ᠂ ᠬᠠᠤᠯᠢᠵᠢᠭᠤᠯᠬᠤ ᠂ ᠳᠦᠷᠢᠮᠵᠢᠭᠦᠯᠬᠦ ᠶᠢ ᠠᠬᠢᠭᠤᠯᠵᠤ ᠂ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠶᠢᠭᠡᠮ ᠤᠨ ᠠᠮᠢᠳᠤᠷᠠᠯ ᠤᠨ ᠡᠯ᠎ᠡ ᠲᠠᠯ᠎ᠠ ᠳᠤ ᠪᠦᠬᠦ ᠲᠠᠯ᠎ᠠ  ᠪᠠᠷ ᠠᠭᠤᠰᠤᠯᠴᠠᠭᠤᠯᠵᠤ ᠂ ᠪᠦᠬᠦ ᠨᠡᠶᠢᠭᠡᠮ ᠢᠶᠠᠷ ᠢᠶᠠᠨ ᠡᠭᠦᠷᠭᠡ ᠬᠠᠷᠢᠭᠤᠴᠠᠯᠭ᠎ᠠ ᠪᠠᠨ ᠬᠠᠮᠲᠤ ᠪᠠᠷ ᠡᠭᠦᠷᠭᠡᠯᠡᠬᠦ ᠬᠠᠷᠢᠭᠤᠴᠠᠯᠭᠠᠲᠤ ᠰᠡᠳᠬᠢᠯᠭᠡ ᠶᠢ ᠬᠥᠭᠵᠢᠭᠡᠬᠦ ᠬᠡᠷᠡᠭᠲᠡᠢ ᠃
图片3.png
        3 ᠳ᠋ᠤᠭᠠᠷ ᠰᠠᠷ᠎ᠠ ᠶᠢᠨ 31 ᠤ ᠡᠳᠦᠷ ᠂ ᠭᠤᠸᠠᠩᠰᠢ ᠶᠢᠨ ᠳ᠋ᠦ᠋ ᠠᠨ ᠶᠣᠣ ᠦᠨᠳᠦᠰᠦᠲᠡᠨ ᠤ ᠥᠪᠡᠷᠲᠡᠭᠡᠨ ᠵᠠᠰᠠᠬᠤ ᠰᠢᠶᠠᠨ  ᠳᠤ ᠤ ᠡᠷᠬᠢᠯᠡᠭᠰᠡᠨ ︽ᠭᠤᠷᠪᠠᠳᠤᠭᠠᠷ ᠰᠠᠷ᠎ᠠ ᠶᠢᠨ ᠭᠤᠷᠪᠠᠨ ︾ ᠤ ᠠᠵᠢᠯᠯᠠᠭ᠎ᠠ ᠳᠤᠮᠳᠠ ᠂ ᠲᠣᠭᠯᠠᠭᠴᠢᠳ ︽ ᠶᠣᠣ ᠡᠬᠡ ᠠᠭᠤᠯᠠ ᠲᠤᠭᠤᠷᠢᠬᠤ︾ ᠶᠢ ᠲᠣᠭᠯᠠᠪᠠ᠃ ᠰᠢᠨᠬᠤᠸᠠ ᠬᠤᠷᠢᠶ᠎ᠠ ᠨᠡᠶᠢᠲᠡᠯᠡᠪᠡ ︵ᠭᠤᠤ ᠳ᠋ᠦᠩ ᠹᠧᠩ ᠰᠡᠭᠦᠳᠡᠷᠯᠡᠪᠡ︶        ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ  ᠶᠢᠨ ᠣᠳᠣᠬᠢᠴᠢᠯᠠᠯᠲᠠ  ᠶᠢ ᠠᠬᠢᠭᠤᠯᠬᠤ ᠪᠣᠯ ᠳᠤᠮᠳᠠᠳᠤ ᠤᠯᠤᠰ  ᠤᠨ ᠮᠠᠶ᠋ᠢᠭ  ᠤᠨ ᠣᠳᠣᠬᠢᠴᠢᠯᠠᠯᠲᠠ  ᠶᠢᠨ ᠴᠢᠬᠤᠯᠠ ᠠᠭᠤᠯᠭ᠎ᠠ ᠪᠣᠯᠤᠨ᠎ᠠ ᠃ ᠦᠨᠳᠦᠰᠦᠲᠡᠨ ᠤ ᠣᠷᠣᠨ  ᠤ ᠥᠪᠡᠷᠲᠡᠭᠡᠨ ᠵᠠᠰᠠᠬᠤ ᠪᠠᠶᠢᠭᠤᠯᠤᠯ ᠪᠣᠯ ᠮᠠᠨ ᠤ ᠤᠯᠤᠰ ᠤᠨ ᠨᠢᠭᠡᠨ ᠦᠨᠳᠦᠰᠦᠨ ᠤᠯᠤᠰ ᠲᠥᠷᠥ ᠶᠢᠨ ᠪᠠᠶᠢᠭᠤᠯᠤᠯ ᠪᠣᠯᠬᠤ ᠪᠥᠭᠡᠳ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠳᠤᠮᠳᠠᠳᠤ ᠤᠯᠤᠰ ᠤᠨ ᠣᠨᠴᠠᠯᠢᠭ ᠪᠦᠬᠦᠢ ᠵᠥᠪ ᠵᠠᠮ  ᠤᠨ ᠴᠢᠬᠤᠯᠠ ᠪᠠᠶᠢᠭᠤᠯᠤᠯ ᠤᠨ ᠪᠠᠲᠤᠯᠠᠭ᠎ᠠ ᠪᠣᠯᠤᠨ᠎ᠠ ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ ᠂ ᠮᠠᠨ ᠤ ᠤᠯᠤᠰ ᠦᠨᠳᠦᠰᠦᠨ ᠬᠠᠤᠯᠢ ᠪᠠᠷ ᠦᠨᠳᠦᠰᠦ ᠪᠣᠯᠭᠠᠭᠰᠠᠨ᠂ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠬᠠᠤᠯᠢ ᠪᠠᠷ ᠭᠤᠣᠯ ᠪᠣᠯᠭᠠᠭᠰᠠᠨ ᠦᠨᠳᠦᠰᠦᠲᠡᠨ  ᠤ ᠠᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠠᠶᠢᠭᠤᠯᠤᠭᠰᠠᠨ ᠪᠥᠭᠡᠳ ᠲᠠᠰᠤᠷᠠᠯᠳᠠ ᠦᠭᠡᠢ ᠲᠡᠭᠦᠯᠳᠡᠷᠵᠢᠭᠦᠯᠵᠦ ᠂ ᠤᠷᠳᠤ ᠬᠤᠭᠤᠴᠠᠭᠠᠨ  ᠤ ᠦᠢᠯᠡᠳᠦᠯᠭᠡ  ᠶᠢᠨ ᠳᠤᠮᠳᠠ ᠴᠢᠬᠤᠯᠠ ᠦᠢᠯᠡᠳᠦᠯ ᠦᠵᠡᠭᠦᠯᠪᠡ ᠃ ᠰᠢᠨ᠎ᠡ ᠠᠶᠠᠨ ᠵᠠᠮ ᠳᠤ ᠂ ᠦᠨᠳᠦᠰᠦᠲᠡᠨ ᠤ ᠣᠷᠣᠨ  ᠤ ᠥᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠵᠦ ᠂ ᠦᠨᠳᠦᠰᠦᠲᠡᠨ  ᠤ ᠲᠦᠷᠦ ᠶᠢᠨ ᠪᠤᠳᠤᠯᠭ᠎ᠠ ᠪᠣᠯᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮ ᠢ ᠪᠦᠷᠢᠨᠰᠢᠬᠦᠯᠵᠤ ᠂ ᠦᠨᠳᠦᠰᠦᠲᠡᠨ  ᠤ ᠬᠡᠷᠡᠭ ᠶᠠᠪᠤᠳᠠᠯ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ  ᠢ ᠳᠡᠭᠡᠭᠰᠢᠯᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ  ᠤᠨ ᠲᠦᠷᠢᠮ ᠲᠣᠭᠲᠠᠴᠠ ᠶᠢ ᠪᠦᠷᠢᠨᠰᠢᠬᠦᠯᠬᠦ ᠪᠠᠷ ᠳᠠᠮᠵᠢᠭᠤᠯᠵᠤ ᠂ ᠦᠨᠳᠦᠰᠦᠲᠡᠨ  ᠨᠦᠭᠦᠳ  ᠤᠨ ᠭᠠᠷ ᠬᠤᠯᠪᠣᠨ ᠮᠥᠷᠥ ᠵᠡᠷᠭᠡᠴᠡᠬᠦ ᠶᠢ ᠠᠬᠢᠭᠤᠯᠵᠤ ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠡᠶᠡᠯᠡᠭᠦᠯᠬᠦ ᠶᠢᠨ ᠲᠥᠯᠥᠭᠡ ᠬᠠᠮᠲᠤ ᠪᠠᠷ ᠲᠡᠮᠡᠴᠡᠬᠦ ᠬᠡᠷᠡᠭᠲᠡᠢ ᠃        ᠤᠯᠤᠰ ᠤᠨ ᠠᠮᠤᠷ ᠲᠦᠪᠰᠢᠨ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠯᠠᠪᠳᠠᠭᠤᠨ ᠢᠶᠠᠷ ᠬᠤᠯᠠ ᠠᠶᠠᠯᠠᠬᠤ ᠶᠢᠨ ᠴᠢᠬᠤᠯᠠ ᠰᠠᠭᠤᠷᠢ ᠮᠥᠨ ᠃ ᠭᠠᠭᠴᠠ ᠬᠦ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ ᠂ ᠤᠯᠤᠰ ᠤᠨ ᠨᠢᠭᠡᠳᠦᠯ ᠪᠠ ᠦᠨᠳᠦᠰᠦᠲᠡᠨ  ᠤ ᠪᠦᠯᠬᠦᠮᠳᠡᠯ ᠢ ᠬᠠᠮᠠᠭᠠᠯᠠᠬᠤ ᠪᠠᠲᠤ ᠪᠠᠬᠢ ᠦᠵᠡᠯ ᠰᠠᠨᠠᠭ᠎ᠠ ᠶᠢ ᠪᠤᠢ ᠪᠣᠯᠭᠠᠪᠠᠯ ᠰᠠᠶ᠋ᠢ ᠦᠨᠳᠦᠰᠦᠲᠡᠨ  ᠨᠦᠭᠦᠳ ᠤᠨ ᠤᠯᠤᠰ ᠤᠨ ᠠᠮᠤᠷ ᠲᠦᠪᠰᠢᠨ ᠪᠠ ᠨᠡᠶᠢᠭᠡᠮ  ᠤᠨ ᠲᠣᠭᠲᠠᠭᠤᠨ ᠪᠠᠶᠢᠳᠠᠯ ᠢ ᠬᠠᠮᠲᠤ ᠪᠠᠷ ᠰᠠᠶᠢᠲᠤᠷ ᠬᠠᠮᠠᠭᠠᠯᠠᠪᠠᠯ ᠰᠠᠶ᠋ᠢ ᠡᠯ᠎ᠡ ᠵᠦᠢᠯ ᠤᠨ ᠲᠦᠢᠯᠰᠢᠷᠡᠯ ᠂ ᠬᠠᠭᠠᠴᠠᠭᠤᠯᠬᠤ ᠦᠵᠡᠯ ᠰᠠᠨᠠᠭᠠᠨ ᠤ ᠨᠡᠪᠴᠢᠯᠲᠡ ᠨᠤᠷᠠᠭᠠᠯᠲᠠ  ᠶᠢ ᠪᠦᠲᠦᠮᠵᠢᠲᠡᠢ ᠬᠤᠷᠢᠭᠯᠠᠵᠤ ᠂ ᠦᠨᠳᠦᠰᠦᠲᠡᠨ  ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠲᠠ ᠦᠭᠡᠢ ᠪᠡᠶᠡᠯᠡᠭᠦᠯᠪᠡᠯ ᠰᠠᠶ᠋ᠢ ᠦᠨᠳᠦᠰᠦᠲᠡᠨ  ᠨᠦᠭᠦᠳ ᠤᠨ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠵᠦ ᠂ ᠰᠠᠶᠢᠲᠤᠷ ᠬᠠᠮᠠᠭᠠᠯᠠᠵᠤ ᠂ ᠰᠠᠶᠢᠲᠤᠷ ᠬᠥᠭᠵᠢᠭᠦᠯᠵᠦ ᠴᠢᠳᠠᠨ᠎ᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠲᠦᠷᠢᠮ ᠲᠣᠭᠲᠠᠴᠠ  ᠶᠢ ᠪᠦᠷᠢᠨᠰᠢᠬᠦᠯᠦᠨ ᠪᠠᠲᠤ ᠴᠣᠭᠴᠠᠯᠠᠬᠤ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠴᠠ ᠳᠠᠬᠢ ᠦᠨᠳᠦᠰᠦᠲᠡᠨ ᠤ ᠬᠦᠷᠢᠶᠡᠨ ᠳᠤ ᠡᠭᠦᠰᠴᠦ ᠮᠡᠳᠡᠬᠦ ᠠᠶᠤᠯ ᠲᠦᠭᠰᠢᠭᠦᠷᠢ ᠥᠷᠢᠰᠥᠯᠳᠦᠭᠡᠨ ᠢ ᠪᠦᠲᠦᠮᠵᠢᠲᠡᠢ ᠠᠷᠭᠠᠴᠠᠭᠠᠵᠤ ᠂ ︽ ᠳᠤᠮᠳᠠᠳᠤ ᠤᠯᠤᠰ ᠤᠨ ᠵᠠᠰᠠᠯᠲᠠ︾  ᠶᠢᠨ ᠪᠠᠶᠢᠭᠤᠯᠤᠯ  ᠤᠨ ᠳᠠᠪᠠᠭᠤᠯᠢᠭ  ᠢ ᠢᠯᠡᠷᠡᠭᠦᠯᠵᠦ ᠂ ᠳᠡᠯᠡᠬᠡᠢ  ᠶᠢᠨ ᠦᠨᠳᠦᠰᠦᠲᠡᠨ  ᠤ ᠬᠡᠷᠡᠭ ᠶᠠᠪᠤᠳᠠᠯ  ᠤᠨ ᠵᠠᠰᠠᠯᠲᠠ ᠳᠤ ᠳᠤᠮᠳᠠᠳᠤ ᠤᠯᠤᠰ ᠤᠨ ᠲᠥᠰᠦᠯ  ᠢ ᠨᠡᠮᠡᠷᠢᠯᠡᠬᠦ ᠳᠤ ᠠᠰᠢᠭᠲᠠᠢ ᠶᠤᠮ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号