ᠡᠨᠡ ᠵᠢᠯ ᠤᠨ ︽ᠬᠤᠶᠠᠷ ᠬᠤᠷᠠᠯ︾ ᠤᠨ ᠬᠤᠭᠤᠴᠠᠭᠠᠨ ᠳᠤ᠂ ︽ᠡᠷᠡᠭᠦᠯ ᠡᠩᠬᠡ ᠳᠤᠮᠳᠠᠳᠤ ᠤᠯᠤᠰ ᠤᠨ | ᠪᠠᠶᠢᠭᠤᠯᠤᠯᠲᠠ ᠶᠢ ᠠᠬᠢᠭᠤᠯᠬᠤ︾ ᠨᠢ ᠴᠢᠬᠤᠯᠠ ᠵᠥᠪᠯᠡᠬᠦ ᠵᠦᠢᠯ ᠪᠣᠯᠪᠠ ᠃ ᠪᠤᠭᠤᠲᠤ ᠬᠤᠲᠠ ᠡᠮᠴᠢᠯᠡᠭᠡᠨ ᠤ | ᠥᠨᠳᠦᠷᠯᠢᠭ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠠᠶᠢᠨ ᠰᠥᠪᠡᠭᠴᠢᠯᠡᠯᠲᠡ ᠪᠠ | ᠰᠢᠪᠲᠤᠯᠤᠯᠲᠠ ᠪᠣᠯ ᠶᠠᠭ ︽ᠡᠷᠡᠭᠦᠯ ᠡᠩᠬᠡ ᠳᠤᠮᠳᠠᠳᠤ ᠤᠯᠤᠰ︾ ᠤᠨ ᠪᠠᠶᠢᠯᠳᠤᠬᠤ ᠪᠣᠳᠣᠯᠭ᠎ᠠ ᠶᠢᠨ ᠠᠮᠢᠳᠤᠯᠢᠭ | ᠦᠢᠯᠡᠳᠦᠯᠭᠡ ᠮᠥᠨ᠃ ᠣᠶᠢᠷ᠎ᠠ ᠳᠤ᠂ ᠤᠯᠤᠰ ᠤᠨ ᠮᠡᠳᠡᠷᠡᠯ ᠤᠨ ᠰᠢᠰᠲ᠋ᠧᠮ ᠤᠨ ᠡᠪᠡᠳᠴᠢᠨ ᠡᠮᠭᠡᠭ ᠤᠨ | ᠡᠮᠴᠢᠯᠡᠭᠡᠨ ᠤ ᠠᠨᠠᠭᠠᠬᠤ ᠤᠬᠠᠭᠠᠨ ᠤ ᠰᠤᠳᠤᠯᠭᠠᠨ ᠤ ᠲᠥᠪ ᠤᠨ ᠥᠪᠥᠷ ᠮᠣᠩᠭᠤᠯ ᠳᠠᠬᠢ ᠬᠤᠪᠢᠶᠠᠷᠢ ᠲᠥᠪ ᠤᠨ | ᠬᠤᠲᠠ ᠶᠢᠨ ᠲᠥᠪ ᠡᠮᠨᠡᠯᠭᠡ ᠶᠢᠨ ᠬᠤᠷᠢᠶ᠎ᠠ ᠳᠤ ᠨᠣᠲᠤᠭᠰᠢᠭᠰᠠᠨ ᠨᠢ ᠪᠤᠭᠤᠲᠤ ᠬᠤᠲᠠ ᠶᠢᠨ ︽ᠡᠮᠴᠢᠯᠡᠭᠡᠨ ᠤ | ᠥᠨᠳᠦᠷᠯᠢᠭ ᠭᠠᠵᠠᠷ︾ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠪᠠᠲᠤᠲᠠᠶ ᠠᠬᠢᠴᠠ ᠲᠠᠢ ᠪᠣᠯᠤᠭᠰᠠᠨ ᠢ | ᠬᠠᠷᠠᠭᠤᠯᠵᠤ ᠪᠠᠶᠢᠨ᠎ᠠ᠃ | ᠡᠨᠡ ᠬᠦ ᠠᠷᠭ᠎ᠠ ᠬᠡᠮᠵᠢᠶ᠎ᠡ ᠶᠢᠨ ᠠᠷᠤ ᠳᠤ ᠪᠤᠭᠤᠲᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠠᠷᠠᠳ ᠤᠨ ᠠᠮᠢᠳᠤᠷᠠᠯ ᠤᠨ ᠠᠵᠠ ᠵᠢᠷᠭᠠᠯ ᠳᠤ ᠦᠵᠡᠭᠦᠯᠦᠭᠰᠡᠨ ᠭᠦᠨ ᠵᠤᠵᠠᠭᠠᠨ ᠬᠠᠯᠠᠮᠵᠢᠯᠠᠯ | ᠪᠣᠯᠤᠨ᠎ᠠ᠃ ᠣᠶᠢᠷ᠎ᠠ ᠶᠢᠨ ᠵᠢᠯ ᠠᠴᠠ᠂ ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ︽ᠨᠢᠭᠡ ᠬᠤᠷᠢᠶ᠎ᠠ | ᠬᠤᠶᠠᠷ ᠲᠣᠭᠤᠷᠢᠭ︾ ᠤᠨ ᠪᠠᠶᠢᠷᠢᠰᠢᠭᠤᠯᠤᠯᠲᠠ ᠶᠢ ᠪᠡᠶᠡᠯᠡᠭᠦᠯᠬᠦ ᠠᠴᠠ ᠳᠡᠭᠡᠳᠦ ᠲᠠᠰ ᠳᠠᠪᠬᠤᠷᠭ᠎ᠠ ᠶᠢᠨ ᠠᠨᠠᠭᠠᠬᠤ | ᠤᠬᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠦᠷᠲᠡᠯ᠎ᠡ᠂ ᠳᠠᠬᠢᠨ ᠴᠢᠨᠠᠷ ᠰᠠᠶᠢᠲᠠᠶ ᠡᠮᠴᠢᠯᠡᠭᠡᠨ ᠤ ᠡᠬᠢ | ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠬᠤ ᠶᠢ ᠳᠥᠯᠭᠢᠨ ᠠᠬᠢᠭᠤᠯᠬᠤ ᠬᠦᠷᠲᠡᠯ᠎ᠡ᠂ ᠪᠤᠭᠤᠲᠤ ᠶᠠᠭ | ᠰᠢᠰᠲ᠋ᠧᠮ ᠤᠨ ᠰᠡᠳᠬᠢᠬᠦᠶ ᠪᠠᠷ ᠡᠮᠴᠢᠯᠡᠭᠡᠨ ᠤ ᠬᠡᠪᠯᠡᠯ ᠤᠨ ᠵᠢᠷᠤᠭ ᠢ ᠳᠠᠬᠢᠨ ᠴᠣᠭᠴᠠᠯᠠᠵᠤ ᠪᠠᠶᠢᠨ᠎ᠠ᠃ | ᠢᠷᠡᠭᠡᠳᠦᠶ ᠳᠤ᠂ ᠪᠤᠭᠤᠲᠤ ᠬᠤᠲᠠ ᠪᠠᠰᠠ ᠡᠮᠴᠢᠯᠡᠭᠡᠨ ᠤ ᠰᠢᠨᠵᠢᠯᠡᠬᠦ ᠤᠬᠠᠭᠠᠨ ᠤ ᠰᠤᠳᠤᠯᠭᠠᠨ ᠤ | ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠣᠨᠣᠰᠢᠯᠠᠨ ᠡᠮᠨᠡᠬᠦ ᠠᠴᠠ ᠡᠷᠡᠭᠦᠯᠵᠢᠯ ᠬᠦᠷᠲᠡᠯᠡᠬᠢ ᠪᠥᠬᠦ | ᠬᠡᠯᠬᠢᠶ᠎ᠡ ᠶᠢᠨ ᠦᠢᠯᠡᠴᠢᠯᠡᠭᠡ ᠶᠢ ᠪᠣᠶ ᠪᠣᠯᠭᠠᠨ᠎ᠠ︔ ᠡᠭᠦᠨ ᠤ ᠬᠠᠮᠲᠤ᠂ ︽ᠡᠮᠴᠢᠯᠡᠭᠡᠨ ᠤ ᠬᠤᠯᠪᠣᠭᠠᠲᠤ ᠴᠣᠭᠴᠠ︾ | ᠶᠢᠨ ᠪᠥᠲᠥᠭᠡᠨ ᠪᠠᠶᠢᠭᠤᠯᠤᠯᠲᠠ ᠪᠠᠷ ᠳᠠᠮᠵᠢᠭᠤᠯᠤᠨ ᠨᠠᠩ ᠣᠯᠠᠨ ᠴᠢᠨᠠᠷ ᠰᠠᠶᠢᠲᠠᠶ ᠡᠬᠢ ᠪᠠᠶᠠᠯᠢᠭ ᠢ ᠦᠨᠳᠦᠰᠦᠨ | ᠱᠠᠲᠤᠨ ᠳᠤ ᠬᠦᠷᠲᠡᠯ᠎ᠡ ᠤᠷᠲᠤᠳᠬᠠᠨ᠎ᠠ᠃ ︽ ᠡᠮᠴᠢᠯᠡᠭᠡ ᠪᠤᠭᠤᠲᠤ ᠳᠤ ᠪᠠᠶᠢᠬᠤ ︾ ᠨᠢ ᠬᠤᠲᠠ ᠶᠢᠨ ᠰᠢᠨ᠎ᠡ | ᠨᠡᠷ᠎ᠡ ᠶᠢᠨ ᠬᠠᠭᠤᠳᠠᠰᠤ ᠪᠣᠯᠵᠣ᠂ ᠬᠠᠲᠤᠨ ᠭᠤᠤᠯ ᠤᠨ ᠬᠥᠪᠡᠭᠡᠨ ᠳᠠᠬᠢ ᠡᠨᠡ ᠬᠤᠲᠠ ᠶᠢᠨ ᠲᠤᠰᠢᠶᠠᠭᠰᠠᠨ | ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠨᠠᠩ ᠬᠠᠯᠠᠭᠤᠨ ᠳᠤᠯᠠᠭᠠᠨ ᠬᠦᠴᠦᠲᠡᠶ ᠪᠣᠯᠤᠨ᠎ᠠ᠃ | ᠡᠮᠴᠢᠯᠡᠭᠡᠨ ᠤ ᠦᠨᠳᠦᠷᠯᠢᠭ ᠭᠠᠵᠠᠷ ᠤᠨ ᠪᠥᠲᠥᠭᠡᠨ ᠪᠠᠶᠢᠭᠤᠯᠤᠯᠲᠠ ᠨᠢ ᠬᠤᠲᠠ ᠶᠢᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ ᠬᠤᠲᠠ ᠶᠢᠨ ᠠᠷᠠᠳ ᠤᠨ | ᠵᠣᠯ ᠵᠢᠷᠭᠠᠯ ᠤᠨ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠭᠰᠡᠨ ᠪᠠᠶᠢᠨ᠎ᠠ᠃ ᠣᠳᠣᠬᠢᠴᠢᠯᠠᠭᠰᠠᠨ | ᠡᠮᠴᠢᠯᠡᠭᠡᠨ ᠤ ᠲᠥᠬᠦᠭᠡᠷᠦᠮᠵᠢ ᠠᠴᠠ ᠬᠠᠯᠠᠭᠤᠨ ᠳᠤᠯᠠᠭᠠᠨ ᠲᠠᠭᠠᠯᠠᠮᠵᠢᠲᠠᠶ ᠡᠪᠡᠳᠴᠢᠨ ᠦᠵᠡᠭᠦᠯᠬᠦ ᠣᠷᠴᠢᠨ | ᠲᠣᠭᠤᠷᠢᠨ ᠬᠦᠷᠲᠡᠯ᠎ᠡ᠂ ᠲᠤᠰᠬᠠᠶ ᠮᠡᠷᠭᠡᠵᠢᠯᠲᠡᠨ ᠤ ᠨᠠᠷᠠᠲᠤ ᠡᠮᠴᠢ ᠶᠢᠨ ᠤᠷ᠎ᠠ ᠮᠡᠷᠭᠡᠵᠢᠯ ᠠᠴᠠ ᠡᠮᠴᠢ | ᠰᠤᠪᠢᠯᠠᠭᠴᠢ ᠶᠢᠨ ᠳᠣᠲᠣᠨᠣ ᠬᠠᠯᠠᠮᠵᠢᠯᠠᠯ ᠬᠦᠷᠲᠡᠯ᠎ᠡ᠂ ᠨᠠᠷᠢᠨ ᠵᠦᠢᠯᠡᠰ ᠨᠢᠭᠡᠪᠦᠷᠢ ᠨᠢ ᠴᠥᠮ ᠪᠤᠭᠤᠲᠤ ᠬᠤᠲᠠ ᠶᠢᠨ | ᠠᠷᠠᠳ ᠲᠦᠮᠡᠨ ᠤ ᠡᠷᠡᠭᠦᠯ ᠮᠡᠨᠳᠦ ᠶᠢ ᠴᠢᠬᠤᠯᠠᠴᠢᠯᠠᠵᠤ ᠪᠠᠶᠢᠬᠤ ᠶᠢ ᠬᠠᠷᠠᠭᠤᠯᠪᠠ ᠃ ᠡᠮᠴᠢᠯᠡᠭᠡᠨ ᠤ ᠥᠨᠳᠦᠷᠯᠢᠭ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠠᠭᠢᠬᠤ ᠶᠢ ᠳᠠᠭᠠᠯᠳᠤᠨ᠂ ᠪᠤᠭᠤᠲᠤ ᠬᠤᠲᠠ | ᠡᠷᠡᠭᠦᠯ ᠡᠩᠬᠡ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠳᠤᠮᠳᠠ ᠨᠠᠩ ᠬᠡᠷᠡᠯ ᠰᠠᠴᠤᠷᠠᠩᠭᠤᠶ | ᠬᠠᠭᠤᠳᠠᠰᠤ ᠶᠢ ᠪᠢᠴᠢᠭᠯᠡᠵᠦ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠳᠤ ᠨᠠᠩ ᠪᠠᠲᠤ ᠴᠢᠩᠭ᠎ᠠ ᠪᠠᠲᠤᠯᠠᠭ᠎ᠠ | ᠬᠠᠩᠭᠠᠬᠤ ᠨᠢ ᠯᠠᠪᠲᠠᠶ ᠶᠤᠮ᠃ | |