ᠰᠢᠭᠤᠶᠢᠳᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠢᠭᠡᠳ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠬᠤ ᠶᠢᠨ ᠬᠠᠮᠲᠤ ᠰᠤᠷᠭᠠᠭᠤᠯᠢ ᠶᠢᠨ ᠲᠡᠷᠭᠡ ᠶᠢᠨ ᠬᠠᠮᠲᠤᠷᠠᠭᠰᠠᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/5/16
        ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠭᠰᠢ ᠰᠤᠷᠤᠭᠴᠢᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠨ ᠰᠤᠷᠭᠠᠨ ᠬᠥᠮᠦᠵᠢᠯ ᠤᠨ ᠰᠢᠰᠲ᠋ᠧᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠤᠨ ᠬᠠᠮᠲᠤᠷᠠᠭᠰᠠᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠯᠢ ᡁᠢ ᠴᠧᠩ ᠬᠤᠷᠠᠯ ᠢ ᠡᠷᠭᠢᠯᠡᠵᠦ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠳᠡᠳ᠋ ᠳᠠᠷᠤᠭ᠎ᠠ ᠴᠢᠨ ᠸᠧᠨ ᠯᠢᠶᠠᠩ᠂ ᠶᠠᠩ ᠹᠸᠢ᠂ ᠬᠠᠮᠢᠶᠠᠷᠴᠤ ᠤᠬᠠᠭᠤᠯᠬᠤ ᠳᠤᠮᠳᠠ ᠠᠩᠭᠢ ᠶᠢᠨ ᠳᠤᠮᠳᠠ ᠠᠩᠭᠢ ᠶᠢᠨ ᠳᠠᠷᠤᠭ᠎ᠠ ᠵᠣᠣ ᠶᠠᠨ ᠵᠢᠶᠧ ᠵᠢᠴᠢ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠲᠣᠰ ᠤᠳᠠᠭᠠᠨ ᠤ ᠬᠤᠷᠠᠯ ᠳᠤ ᠣᠷᠣᠯᠴᠠᠪᠠ᠃
图片1.png
        ᠬᠤᠷᠠᠯ ᠠᠴᠠ ᠡᠩ ᠲᠡᠷᠢᠭᠦᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠵᠦ᠂ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠬᠢ ᠤᠢᠢᠷ᠎ᠠ ᠶᠢᠨ ᠬᠤᠭᠤᠴᠠᠭᠠᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠳᠠᠯ ᠲᠠᠢ ᠤᠶᠠᠯᠳᠤᠭᠤᠯᠵᠤ᠂ ᠰᠤᠷᠭᠠᠭᠤᠯᠢ ᠳᠤ ᠶᠠᠪᠤᠬᠤ ᠂ ᠰᠤᠷᠭᠠᠭᠤᠯᠢ ᠲᠠᠷᠬᠠᠬᠤ ᠬᠤᠭᠤᠴᠠᠭᠠᠨ ᠳᠤ ᠣᠷᠣᠰᠢᠵᠤ ᠮᠡᠳᠡᠬᠦ ᠵᠠᠮ ᠬᠠᠷᠢᠯᠴᠠᠭᠠᠨ ᠤ ᠠᠮᠤᠷ ᠲᠦᠪᠰᠢᠨ ᠤ ᠭᠡᠮ ᠰᠣᠭᠤᠭ ᠢ ᠵᠠᠳᠠᠯᠪᠠ᠃ ᠬᠤᠷᠠᠯ ᠠᠴᠠ ᠂ ᠵᠠᠮ ᠬᠠᠷᠢᠯᠴᠠᠭᠠᠨ ᠤ ᠠᠮᠤᠷ ᠲᠦᠪᠰᠢᠨ ᠨᠢ ᠰᠤᠷᠤᠭᠴᠢ ᠨᠢᠭᠡᠪᠦᠷᠢ ᠶᠢᠨ ᠠᠮᠢ ᠨᠠᠰᠤᠨ ᠤ ᠠᠮᠤᠷ ᠲᠦᠪᠰᠢᠨ ᠪᠣᠯᠤᠨ ᠭᠡᠷ ᠪᠦᠯᠢ ᠶᠢᠨ ᠵᠣᠯ ᠵᠢᠷᠭᠠᠯ ᠲᠠᠢ ᠬᠤᠯᠪᠣᠭᠳᠠᠵᠤ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠤᠨ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠤᠷᠠᠯ ᠳᠤ ᠣᠷᠣᠯᠴᠠᠭᠰᠠᠳ ᠪᠠᠰᠠ ᠠᠯᠢ ᠣᠯᠠᠨ ᠪᠣᠳᠠᠲᠠᠶ ᠠᠷᠭ᠎ᠠ ᠬᠡᠮᠵᠢᠶ᠎ᠡ ᠳᠤᠷᠠᠳᠪᠠ᠄ ᠨᠢᠭᠡ ᠳᠤ ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠰᠤᠷᠭᠠᠭᠤᠯᠢ ᠳᠤ ᠣᠷᠣᠬᠤ ᠪᠠ ᠰᠤᠷᠭᠠᠭᠤᠯᠢ ᠲᠠᠷᠬᠠᠬᠤ ᠣᠷᠭᠢᠯ ᠤᠨ ᠦᠶ᠎ᠡ ᠳᠤ ᠴᠠᠭᠳᠠᠭᠠᠨ ᠤ ᠬᠦᠴᠦᠨ ᠢ ᠨᠡᠮᠡᠭᠳᠡᠭᠦᠯᠵᠦ᠂ ᠵᠠᠮ ᠬᠠᠷᠢᠯᠴᠠᠭᠠᠨ ᠤ ᠰᠠᠭᠠᠳ ᠥᠬᠡᠶ ᠨᠡᠪᠲᠡᠷᠡᠬᠦ ᠶᠢ ᠦᠨᠡᠨ ᠬᠦ ᠪᠠᠲᠤᠯᠠᠨ᠎ᠠ︔ ᠬᠤᠶᠠᠷ ᠲᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠤ ᠡᠯ᠎ᠡ ᠰᠤᠷᠤᠯᠭ᠎ᠠ ᠶᠢᠨ ᠬᠤᠭᠤᠴᠠᠭᠠᠨ ᠤ ᠤᠬᠠᠭᠤᠯᠭ᠎ᠠ ᠶᠢᠨ ᠣᠬᠤᠷ ᠸᠢᠳᠢᠣ᠋ ᠵᠡᠷᠭᠡ ᠮᠠᠲ᠋ᠧᠷᠢᠶᠠᠯ ᠢ ᠲᠠᠷᠬᠠᠭᠠᠵᠤ᠂ ᠣᠯᠠᠨ ᠶᠠᠩᠵᠤ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠲᠠᠢ ᠬᠠᠮᠵᠢᠯᠴᠠᠨ ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠵᠢᠭᠠᠨ ᠰᠤᠷᠭᠠᠯᠲᠠ ᠳᠤ ᠠᠭᠤᠰᠤᠯᠴᠠᠭᠤᠯᠵᠤ᠂ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ ︔ ᠭᠤᠷᠪᠠ ᠳᠤ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠵᠠᠮ ᠬᠠᠷᠢᠯᠴᠠᠭᠠᠨ ᠤ ᠲᠡᠮᠳᠡᠭ᠂ ᠱᠣᠭᠤᠮ ᠲᠡᠮᠳᠡᠭ ᠵᠡᠷᠭᠡ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠰᠢᠨᠡᠳᠬᠡᠵᠦ᠂ ᠲᠥᠬᠦᠭᠡᠷᠦᠮᠵᠢ ᠨᠢ ᠲᠣᠳᠣᠷᠬᠠᠶ᠂ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠵᠤ᠂ ᠪᠠᠭᠰᠢ ᠰᠤᠷᠤᠭᠴᠢᠳ ᠤᠨ ᠶᠠᠪᠤᠵᠤ ᠰᠠᠭᠤᠬᠤ ᠳᠤ ᠠᠮᠤᠷ ᠲᠦᠪᠰᠢᠨ ᠤ ᠪᠠᠲᠤᠯᠠᠭ᠎ᠠ ᠬᠠᠩᠭᠠᠨ᠎ᠠ᠃
图片2.png
        ᠬᠤᠷᠠᠯ ᠠᠴᠠ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠳ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠡᠭᠦᠨ ᠢ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠴᠢᠬᠤᠯᠠ ᠠᠭᠤᠯᠭ᠎ᠠ ᠪᠣᠯᠭᠠᠨ ᠠᠳᠬᠤᠬᠤ ᠬᠡᠷᠡᠭᠲᠡᠶ᠃ ᠨᠢᠭᠡ ᠳᠤ ᠂ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠬᠤ ᠬᠡᠷᠡᠭᠲᠡᠶ︔ ᠬᠤᠶᠠᠷ ᠲᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠣᠷᠣᠭᠴᠢ ᠶᠢᠨ ᠨᠠᠰᠤᠨ ᠤ ᠣᠨᠴᠠᠯᠢᠭ ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠰᠤᠷᠭᠠᠨ ᠬᠥᠮᠦᠵᠢᠯ ᠤᠨ ᠲᠥᠰᠦᠯ ᠢ ᠲᠣᠭᠲᠠᠭᠠᠵᠤ᠂ ᠰᠤᠷᠭᠠᠨ ᠬᠥᠮᠦᠵᠢᠯ ᠤᠨ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ︔ ᠭᠤᠷᠪᠠ ᠳᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠶ ᠬᠠᠮᠵᠢᠯᠴᠠᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠰᠣᠷᠣᠭᠴᠢ ᠪᠠ ᠬᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠵᠠᠮ ᠬᠠᠷᠢᠯᠴᠠᠭᠠᠨ ᠤ ᠲᠦᠷᠢᠮ ᠢ ᠵᠢᠷᠤᠮᠯᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃        ᠬᠤᠷᠠᠯ ᠤᠨ ᠳᠠᠷᠠᠭ᠎ᠠ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠨᠤᠭᠤᠳ ᠂ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠠᠵᠢᠯ ᠳᠤ ᠢᠳᠡᠪᠬᠢᠲᠡᠶ ᠬᠠᠮᠵᠢᠯᠴᠠᠨ᠂ ᠰᠤᠷᠭᠠᠨ ᠬᠥᠮᠦᠵᠢᠯ ᠤᠨ ᠰᠢᠰᠲ᠋ᠧᠮ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠠᠵᠢᠯ ᠢ ᠬᠠᠮᠲᠤ ᠪᠠᠷ ᠰᠠᠶᠢᠲᠤᠷ ᠬᠢᠵᠦ᠂ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠡᠭᠦᠳᠴᠦ ᠥᠭᠭᠦᠨ᠎ᠡ ᠭᠡᠵᠦ ᠢᠯᠡᠷᠬᠡᠶᠢᠯᠡᠵᠡᠭᠡᠪᠡ ᠃        5 ᠳ᠋ᠤᠭᠠᠷ ᠰᠠᠷ᠎ᠠ ᠶᠢᠨ 15 ᠤ ᠡᠳᠦᠷ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠰᠤᠷᠭᠠᠭᠤᠯᠢ ᠳᠤ ᠭᠦᠨᠵᠡᠭᠡᠶᠢᠷᠡᠨ᠂ ᠰᠤᠷᠭᠠᠭᠤᠯᠢ ᠶᠢᠨ ᠲᠡᠷᠭᠡᠨ ᠳᠤ ᠠᠮᠤᠷ ᠲᠦᠪᠰᠢᠨ ᠤ ᠪᠠᠶᠢᠴᠠᠭᠠᠯᠲᠠ ᠬᠢᠪᠡ᠃ ᠪᠠᠶᠢᠴᠠᠭᠠᠬᠤ ᠠᠭᠤᠯᠭ᠎ᠠ ᠳᠤ ᠰᠤᠷᠭᠠᠭᠤᠯᠢ ᠶᠢᠨ ᠲᠡᠷᠭᠡᠨ ᠤ ᠭᠠᠳᠠᠷ ᠪᠠᠶᠢᠳᠠᠯ ᠤᠨ ᠲᠡᠮᠳᠡᠭ ᠨᠢ ᠲᠣᠳᠣᠷᠬᠠᠶ ᠪᠥᠭᠡᠳ ᠪᠦᠷᠢᠨ ᠪᠦᠲᠦᠨ ᠪᠠᠶᠢᠬᠤ ᠡᠰᠡᠬᠦ᠂ ᠲᠡᠷᠭᠡ ᠬᠥᠰᠬᠡ ᠶᠢᠨ ᠲᠣᠷᠣᠮᠰᠤᠯᠠᠯᠲᠠ᠂ ᠴᠢᠭᠯᠡᠯ ᠰᠢᠯᠵᠢᠯᠲᠡ᠂ ᠳ᠋ᠧᠩ ᠤᠨ ᠭᠡᠷᠡᠯ ᠵᠡᠷᠭᠡ ᠵᠠᠩᠭᠢᠯᠠᠭ᠎ᠠ ᠶᠢᠨ ᠤᠭᠰᠠᠷᠠᠭ᠎ᠠ ᠲᠣᠨᠤᠭ ᠨᠢ ᠴᠢᠳᠠᠮᠵᠢ ᠪᠠᠷ ᠰᠠᠶᠢᠨ ᠪᠠᠶᠢᠬᠤ ᠡᠰᠡᠬᠦ︔ ᠠᠮᠢ ᠵᠢᠭᠤᠲᠠᠬᠤ ᠲᠣᠨᠣᠭᠯᠠᠯ᠂ ᠭᠠᠯ ᠤᠨᠲᠠᠷᠠᠭᠠᠭᠤᠷ᠂ ᠴᠣᠩᠬᠤ ᠬᠠᠭᠠᠯᠬᠤ ᠠᠯᠤᠬ᠎ᠠ ᠂ ᠠᠶᠤᠯ ᠦᠭᠡᠢ ᠶᠢᠨ ᠪᠦᠰᠡ ᠵᠡᠷᠭᠡ ᠠᠶᠤᠯ ᠦᠭᠡᠢ ᠶᠢᠨ ᠲᠥᠬᠦᠭᠡᠷᠦᠮᠵᠢ ᠨᠢ ᠪᠦᠷᠢᠨ ᠭᠦᠢᠴᠡᠳ ᠪᠠᠶᠢᠬᠤ ᠮᠥᠷᠲᠡᠭᠡᠨ ᠬᠡᠪ ᠤᠨ ᠶᠣᠰᠣᠭᠠᠷ ᠬᠡᠷᠡᠭᠯᠡᠵᠦ ᠴᠢᠳᠠᠬᠤ ᠡᠰᠡᠬᠦ︔ ᠰᠤᠷᠭᠠᠭᠤᠯᠢ ᠶᠢᠨ ᠲᠡᠷᠭᠡ ᠶᠢᠨ ᠲᠡᠮᠳᠡᠭ ᠫᠠᠶᠢᠰᠠ᠂ ᠡᠵᠡᠩᠨᠡᠯᠲᠡ ᠶᠢᠨ ᠬᠢᠷᠢ ᠬᠡᠮ᠂ ᠵᠢᠯᠣᠭᠤᠴᠢ ᠶᠢᠨ ᠬᠢᠷᠢ ᠬᠡᠮ ᠪᠠ ᠲᠡᠷᠭᠡ ᠳᠠᠭᠠᠵᠤ ᠬᠠᠷᠠᠭᠠᠯᠵᠠᠨ ᠬᠠᠮᠢᠶᠠᠷᠤᠭᠴᠢ ᠶᠢ ᠲᠣᠬᠢᠷᠠᠭᠤᠯᠤᠭᠰᠠᠨ ᠪᠠᠶᠢᠳᠠᠯ ᠨᠢ ᠲᠣᠭᠲᠠᠭᠠᠯ ᠳᠤ ᠨᠡᠶᠢᠴᠡᠬᠦ ᠡᠰᠡᠬᠦ︔ ᠲᠡᠷᠭᠡ ᠬᠥᠰᠬᠡ ᠶᠢ ᠠᠷᠠᠴᠢᠯᠠᠨ ᠬᠠᠮᠠᠭᠠᠯᠠᠭᠰᠠᠨ ᠲᠡᠮᠳᠡᠭᠯᠡᠯ᠂ ᠶᠠᠪᠤᠬᠤ ᠵᠠᠮ ᠱᠤᠭᠤᠮ ᠵᠡᠷᠭᠡ ᠬᠠᠮᠢᠶ᠎ᠠ ᠪᠥᠬᠦᠶ ᠡᠬᠡ ᠲᠠᠩᠰᠠ ᠶᠢᠨ ᠮᠠᠲ᠋ᠧᠷᠢᠶᠠᠯ ᠨᠢ ᠪᠦᠷᠢᠨ ᠭᠦᠢᠴᠡᠳ ᠪᠠᠶᠢᠬᠤ ᠡᠰᠡᠬᠦ ᠵᠡᠷᠭᠡ ᠶᠢ  ᠪᠠᠭᠲᠠᠭᠠᠪᠠ ᠃
图片3.png
        ᠪᠠᠶᠢᠴᠠᠭᠠᠯᠲᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠵᠤ᠂ ᠬᠠᠮᠢᠶ᠎ᠠ ᠪᠦᠬᠦᠢ ᠬᠠᠷᠢᠭᠤᠴᠠᠯᠭᠠᠲᠠᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠰᠤᠷᠭᠠᠭᠤᠯᠢ ᠶᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠪᠠᠶᠢᠴᠠᠭᠠᠬᠤ ᠳᠤᠭᠤᠶᠢᠯᠠᠩ ᠪᠠᠰᠠ ᠰᠤᠷᠭᠠᠭᠤᠯᠢ ᠶᠢᠨ ᠲᠡᠷᠭᠡᠨ ᠤ ᠵᠢᠯᠣᠭᠤᠴᠢ ᠪᠠ ᠲᠡᠷᠭᠡ ᠳᠠᠭᠠᠵᠤ ᠪᠠᠶᠢᠭ᠎ᠠ ᠬᠠᠮᠢᠶᠠᠷᠤᠭᠴᠢ ᠳᠤ ᠲᠤᠬᠠᠶ ᠶᠢᠨ ᠲᠠᠯᠠᠪᠤᠷ ᠤᠨ ᠠᠮᠤᠷ ᠲᠦᠪᠰᠢᠨ ᠤ ᠬᠥᠮᠦᠵᠢᠯ ᠬᠢᠵᠦ᠂ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ ᠴᠡᠭᠡᠵᠢᠯᠡᠵᠦ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠰᠤᠷᠤᠭᠴᠢᠳ ᠤᠨ ᠲᠡᠷᠭᠡᠨ ᠳᠤ ᠰᠠᠭᠤᠬᠤ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠶ ᠭᠡᠵᠦ ᠰᠠᠨᠠᠭᠤᠯᠪᠠ᠃
图片4.png
        ᠲᠣᠰ ᠤᠳᠠᠭᠠᠨ ᠤ ᠬᠠᠮᠲᠤᠷᠠᠭᠰᠠᠨ ᠬᠤᠷᠠᠯ ᠪᠠ ᠬᠠᠮᠲᠤᠷᠠᠭᠰᠠᠨ ᠪᠠᠶᠢᠴᠠᠭᠠᠯᠲᠠ ᠨᠢ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠰᠢᠰᠲ᠋ᠧᠮ ᠬᠢᠭᠡᠳ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠪᠥᠬᠦ ᠲᠣᠭᠤᠷᠢᠭ ᠤᠨ ᠪᠠᠭᠰᠢ ᠰᠤᠷᠤᠭᠴᠢᠳ ᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠶ᠃ ᠲᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠬᠢᠭᠡᠳ ᠲᠣᠭᠤᠷᠢᠭ ᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠬᠠᠮᠲᠤᠷᠠᠨ ᠪᠠᠶᠢᠴᠠᠭᠠᠬᠤ ᠪᠠ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠡᠶ᠎ᠡ ᠵᠣᠬᠢᠴᠠᠯ ᠲᠠᠢ ᠶᠠᠪᠤᠵᠤ ᠰᠠᠭᠤᠬᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号