ᠰᠢᠭᠤᠶᠢᠲᠤ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠦᠷᠨᠢᠭᠦᠯᠵᠦ  ᠪᠦᠲᠦᠮᠵᠢ ᠮᠠᠭᠤᠲᠠᠢ ᠠᠵᠤ ᠠᠬᠤᠶᠢᠯᠠᠯ ᠢ ᠴᠡᠭᠴᠡᠯᠡᠨ  ᠵᠠᠰᠠᠬᠤ ᠳᠤ ᠬᠦᠴᠢᠷ  ᠠᠰᠠᠭᠤᠳᠠᠯ ᠢ ᠰᠢᠢᠳᠪᠦᠷᠢᠯᠡᠪᠡ
ᠨᠡᠶᠢᠲᠡᠯᠡᠭᠰᠡᠨ ᠴᠠᠭ᠄
2025/5/17
        5 ᠳ᠋ᠤᠭᠠᠷ ᠰᠠᠷ᠎ᠠ ᠶᠢᠨ 15 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠰᠢᠶᠠᠩ ᠬᠥᠩ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ ᠬᠤᠷᠠᠯ ᠤᠨ ᠭᠡᠰᠢᠭᠦᠨ ᠵᠢᠴᠢ ᠬᠠᠮᠢᠶ᠎ᠠ ᠪᠥᠬᠦᠶ ᠡᠲᠡᠭᠡᠳ ᠤᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠶᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠲᠤᠰᠬᠠᠶ ᠰᠡᠳᠦᠪ ᠢᠶᠠᠷ ᠪᠦᠲᠦᠮᠵᠢ ᠮᠠᠭᠤᠲᠠᠢ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ᠃        ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠪᠤᠭᠤᠲᠤ ᠬᠤᠳᠠ ᠶᠢᠨ ᠶᠢᠩ ᠺᠧ ᠷᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᠾᠧ ᠱᠦᠨ ᠰᠢᠨ᠎ᠡ ᠮᠠᠲ᠋ᠧᠷᠢᠶᠠᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠳᠠ ᠶᠢᠨ ᠸᠧᠢ ᠯᠢᠶᠠᠨ ᠬᠦᠳᠡᠷ ᠬᠠᠶᠢᠯᠤᠭᠤᠯᠬᠤ ᠬᠢᠵᠠᠭᠠᠷᠲᠤ ᠺᠣᠮᠫᠠᠨᠢ ᠶᠢᠨ ᠾᠧ ᠱᠦᠸᠧ ᠶᠤᠸᠠᠨ ᠴᠢᠯᠠᠭᠤᠨ ᠲᠤᠰᠤ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠳᠤ ᠬᠦᠷᠴᠦ᠂ ᠲᠤᠬᠠᠢ ᠶᠢᠨ ᠭᠠᠵᠠᠷ ᠲᠤᠨᠢ ᠰᠤᠷᠪᠤᠯᠵᠢᠯᠠᠬᠤ ᠪᠠ ᠬᠠᠷᠢᠭᠤ ᠮᠡᠳᠡᠭᠦᠯᠦᠯᠲᠡ ᠰᠣᠨᠣᠰᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠦᠷ᠎ᠡ ᠠᠰᠢᠭ ᠢᠶᠠᠷ ᠳᠣᠣᠷ᠎ᠠ ᠠᠵᠤ ᠠᠬᠤᠶᠢᠯᠠᠯ ᠤᠨ ᠣᠳᠣᠬᠢ ᠪᠠᠶᠢᠳᠠᠯ ᠪᠣᠯᠤᠨ ᠣᠷᠣᠰᠢᠵᠤ ᠪᠠᠶᠢᠭ᠎ᠠ ᠠᠰᠠᠭᠤᠳᠠᠯ ᠢ ᠨᠠᠷᠢᠨ ᠣᠶᠢᠯᠠᠭᠠᠪᠠ᠃        ᠪᠠᠶ ᠰᠢᠶᠠᠩ ᠬᠦᠩ᠂ ᠮᠠᠨ ᠤ ᠲᠤᠭᠤᠷᠢᠭ ᠶᠠᠭ ᠰᠢᠨ᠎ᠡ ᠬᠠᠭᠤᠴᠢᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠠᠬᠢᠭᠤᠯᠬᠤ ᠪᠣᠭᠤᠮᠲᠠ ᠰᠢᠪᠲᠤᠯᠬᠤ ᠬᠤᠭᠤᠴᠠᠭ᠎ᠠ᠂ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠠᠶᠢᠨ᠎ᠠ᠂ ᠦᠷ᠎ᠡ ᠠᠰᠢᠭ ᠢᠶᠠᠷ ᠳᠣᠣᠷ᠎ᠠ ᠠᠵᠤ ᠠᠬᠤᠶᠢᠯᠠᠯ ᠢ ᠴᠡᠭᠴᠡᠯᠡᠨ ᠵᠠᠰᠠᠬᠤ ᠶᠢ ᠲᠦᠷᠭᠡᠳᠬᠡᠬᠦ ᠪᠣᠯ ᠰᠢᠭᠤᠶᠢᠲᠤ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠷ᠎ᠡ ᠠᠰᠢᠭ ᠢᠶᠠᠷ ᠳᠣᠣᠷ᠎ᠠ ᠠᠵᠤ ᠠᠬᠤᠶᠢᠯᠠᠯ ᠢ ᠴᠡᠭᠴᠡᠯᠡᠨ ᠵᠠᠰᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠦᠷᠭᠦᠯᠵᠢᠯᠡᠨ ᠬᠠᠮᠢᠶ᠎ᠠ ᠪᠦᠬᠦᠢ ᠭᠡᠰᠢᠭᠦᠳ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ ᠢᠳᠡᠪᠬᠢᠲᠡᠢ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠥᠷᠭᠡᠨ ᠢᠶᠠᠷ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠦᠪᠯᠡᠵᠦ ᠂ ᠭᠡᠰᠢᠭᠦᠳ ᠤᠨ ᠰᠠᠨᠠᠯ ᠰᠠᠨᠠᠭᠤᠯᠭ᠎ᠠ ᠳᠤᠷᠠᠳᠴᠤ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ᠂ ᠪᠣᠳᠠᠲᠠᠶ ᠠᠷᠭ᠎ᠠ ᠬᠡᠮᠵᠢᠶ᠎ᠡ ᠠᠪᠬᠤ ᠶᠢ ᠬᠥᠲᠥᠯᠥᠨ ᠵᠢᠯᠣᠭᠤᠳᠴᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠲᠠᠢ ᠬᠦᠴᠦ ᠪᠠᠨ ᠬᠠᠮᠲᠤᠳᠬᠠᠨ ᠬᠠᠮᠵᠢᠯᠴᠠᠵᠤ᠂ ᠴᠢᠨᠠᠷ ᠰᠠᠶᠢᠲᠠᠶ ᠲᠤᠰᠬᠠᠶ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠳᠤ ᠠᠰᠢᠭᠲᠠᠢ ᠯᠠᠪᠯᠠᠯᠲᠠ ᠬᠠᠩᠭᠠᠵᠤ᠂ ᠮᠠᠨ ᠤ ᠲᠤᠭᠤᠷᠢᠭ ᠤᠨ ᠠᠵᠤ ᠦᠢᠯᠡᠰ ᠤᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠬᠦ᠂ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ  ᠴᠢᠬᠤᠯᠠᠴᠢᠯᠠᠪᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号