ᠣᠶᠢᠷ᠎ᠠ ᠳᠤ ᠂ ᠰᠢᠭᠤᠶᠢᠲᠤ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠢᠴᠠᠭᠠᠬᠤ ᠰᠠᠯᠠᠭ᠎ᠠ ᠮᠥᠴᠢᠷ ᠠᠵᠤ | ᠠᠬᠤᠶᠢᠯᠠᠯ ᠂ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠨ ᠂ ᠰᠡᠳᠭᠢᠯ ᠢ ᠳᠤᠯᠠᠭᠠᠴᠠᠭᠤᠯᠬᠤ ᠬᠠᠤᠯᠢ ᠬᠡᠷᠡᠭᠵᠢᠭᠦᠯᠬᠦ | ᠠᠵᠢᠯᠯᠠᠭ᠎ᠠ ᠥᠷᠨᠢᠭᠦᠯᠵᠦ᠂ ᠳᠣᠲᠣᠨᠣᠰᠤᠭ ᠦᠭᠡ ᠶᠠᠷᠢᠶ᠎ᠠ ᠨᠢᠭᠡᠪᠦᠷᠢ ᠪᠠᠷ ᠲᠤᠭ᠎ᠠ ᠲᠣᠮᠰᠢ ᠦᠭᠡᠢ ᠣᠯᠠᠨ | ᠬᠥᠳᠡᠯᠮᠦᠷᠢᠴᠢᠳ ᠤᠨ ᠰᠡᠳᠭᠢᠯ ᠢ ᠳᠤᠯᠠᠭᠠᠴᠠᠭᠤᠯᠪᠠ ᠃ | ᠨᠢᠭᠡᠨ ᠪᠠᠷᠢᠯᠭ᠎ᠠ ᠶᠢᠨ ᠭᠠᠵᠠᠷ ᠲᠤ᠂ ᠬᠥᠳᠡᠯᠮᠦᠷᠢ ᠶᠢᠨ ᠬᠢᠨᠠᠨ ᠪᠠᠶᠢᠴᠠᠭᠠᠬᠤ ᠠᠵᠢᠯᠲᠠᠳ ᠪᠠᠷᠢᠯᠭ᠎ᠠ ᠶᠢᠨ | ᠠᠵᠢᠯᠴᠢᠳ ᠲᠤ ᠂ ︽ᠲᠠ ᠨᠠᠷ ᠤᠨ ᠵᠦᠳᠡᠷᠡᠯ ᠢ ᠪᠢᠳᠡ ᠴᠥᠮ ᠨᠢᠳᠦᠨ ᠳᠤ ᠪᠠᠨ ᠦᠵᠡᠵᠦ ᠪᠠᠶᠢᠨ᠎ᠠ᠂ ᠬᠠᠤᠯᠢ | ᠶᠣᠰᠣᠨ ᠤ ᠡᠷᠬᠡ ᠠᠰᠢᠭ ᠢ ᠴᠢᠨᠢ ᠪᠢᠳᠡ ᠯᠠᠪᠲᠠᠢ ᠪᠦᠬᠦ ᠬᠦᠴᠦᠨ ᠢᠶᠠᠷ ᠢᠶᠠᠨ ᠪᠠᠲᠤᠯᠠᠨ᠎ᠠ︕︾ ᠭᠡᠪᠡ ᠃ | ᠲᠤᠬᠠᠢ ᠶᠢᠨ ᠲᠠᠯᠠᠪᠠᠢ ᠳᠤ ᠪᠠᠶᠢᠭᠰᠠᠨ ᠪᠠᠷᠢᠯᠭ᠎ᠠ ᠶᠢᠨ ᠠᠵᠢᠯᠴᠢᠳ ᠰᠣᠨᠣᠰᠤᠭᠠᠳ ᠴᠢᠷᠠᠢ ᠳᠤ ᠨᠢ ᠪᠠᠶᠠᠷ ᠤᠨ | ᠢᠨᠢᠶᠡᠮᠰᠦᠭᠯᠡᠯ ᠲᠣᠳᠤᠷᠠᠵᠤ ᠂ ᠰᠡᠳᠬᠢᠯ ᠰᠠᠨᠠᠭ᠎ᠠ ᠯᠠᠪᠳᠠᠭᠤᠨ ᠪᠠᠲᠤᠲᠠᠢ ᠪᠤᠯᠵᠤ᠂ ᠠᠵᠢᠯ ᠬᠢᠬᠦ ᠳᠤ ᠨᠡᠩ ᠤᠷᠮ᠎ᠠ | ᠵᠣᠷᠢᠭ ᠲᠠᠢ ᠪᠣᠯᠪᠠ ᠭᠡᠵᠦ ᠢᠯᠡᠳᠬᠡᠵᠡᠭᠡᠪᠡ ᠃ | ᠨᠢᠭᠡᠨ ᠦᠢᠯᠡᠳᠪᠦᠷᠢ ᠳᠤ᠂ ᠬᠥᠳᠡᠯᠮᠦᠷᠢ ᠶᠢᠨ ᠬᠢᠨᠠᠨ ᠪᠠᠶᠢᠴᠠᠭᠠᠬᠤ ᠠᠵᠢᠯᠲᠠᠳ ᠨᠢᠭᠡ ᠲᠠᠯ᠎ᠠ ᠪᠠᠷ | ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ | ᠲᠦᠭᠡᠮᠡᠯᠵᠢᠭᠦᠯᠵᠦ᠂ ᠨᠦᠭᠦᠭᠡ ᠲᠠᠯ᠎ᠠ ᠪᠠᠷ ᠢᠶᠠᠨ ᠬᠥᠳᠡᠯᠮᠦᠷᠢᠴᠢᠳ ᠤᠨ ᠬᠦᠰᠡᠯ ᠱᠠᠭᠠᠷᠳᠠᠯᠭ᠎ᠠ ᠶᠢ ᠬᠦᠯᠢᠴᠡᠩᠭᠦᠢ ᠪᠠᠷ | ᠰᠣᠨᠣᠰᠤᠭᠰᠠᠨ ᠪᠥᠭᠡᠳ ︽ᠬᠦᠴᠢᠷᠳᠡᠯ ᠪᠠᠶᠢᠪᠠᠯ ᠴᠠᠭ ᠢᠮᠠᠭᠲᠠ ᠪᠢᠳᠡᠨ ᠢ ᠡᠷᠢ ᠂ ᠪᠢᠳᠡ ᠯᠠᠪᠲᠠᠢ ᠤᠯᠠᠨ ᠢ | ᠬᠠᠪᠰᠤᠷᠴᠤ ᠰᠢᠢᠳᠪᠦᠷᠢᠯᠡᠵᠦ ᠥᠭᠭᠦᠨ᠎ᠡ︕ ᠴᠠᠯᠢᠩ ᠥᠷᠢᠲᠦᠬᠦ᠂ ᠴᠠᠭ ᠨᠡᠮᠡᠵᠦ ᠠᠵᠢᠯᠯᠠᠭᠰᠠᠨ ᠵᠠᠷᠤᠳᠠᠯ ᠤᠨ | ᠠᠰᠠᠭᠤᠳᠠᠯ ᠢ ᠪᠢᠳᠡ ᠡᠴᠦᠰ ᠲᠤᠨᠢ ᠲᠤᠯᠲᠠᠯ᠎ᠠ ᠪᠠᠶᠢᠴᠠᠭᠠᠨ᠎ᠠ᠂ ᠶᠠᠭᠠᠬᠢᠭᠰᠠᠨ ᠴᠤ ᠢᠯᠳᠠᠷ ᠬᠠᠶᠠᠬᠤ ᠦᠭᠡᠢ︕ ︾ | ᠭᠡᠵᠦ ᠲᠥᠪ ᠴᠢᠩᠭ᠎ᠠ ᠠᠮᠠᠯᠠᠭᠳᠠᠪᠠ᠃ ᠬᠥᠳᠡᠯᠮᠦᠷᠢ ᠶᠢᠨ ᠬᠢᠨᠠᠨ ᠪᠠᠶᠢᠴᠠᠭᠠᠬᠤ ᠠᠵᠢᠯᠲᠠᠳ ᠤᠨ ᠡᠷᠡᠰ ᠪᠠᠲᠤ | ᠣᠪᠣᠷ ᠨᠢ ᠂ ᠲᠤᠬᠠᠶ ᠶᠢᠨ ᠲᠠᠯᠠᠪᠠᠢ ᠶᠢᠨ ᠬᠥᠳᠡᠯᠮᠦᠷᠢᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠤᠯᠪᠠ᠃ | ᠰᠡᠳᠬᠢᠯ ᠵᠢᠷᠦᠬᠡ ᠶᠢ ᠳᠤᠯᠠᠭᠠᠴᠠᠭᠤᠯᠬᠤ ᠦᠭᠡ ᠪᠦᠷᠢ᠂ ᠬᠦᠲᠡᠯᠭᠡᠭᠡᠨ ᠪᠦᠷᠢ ᠨᠢ ᠬᠥᠳᠡᠯᠮᠦᠷᠢ ᠶᠢᠨ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠪᠣᠯᠤᠨ ᠬᠥᠳᠡᠯᠮᠦᠷᠢᠴᠢᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ | ᠬᠥᠳᠡᠯᠮᠦᠷᠢᠴᠢᠳ ᠲᠤ ᠨᠡᠶᠢᠭᠡᠮ ᠤᠨ ᠬᠠᠶᠢᠷ᠎ᠠ ᠬᠠᠯᠠᠮᠵᠢ ᠪᠣᠯᠤᠨ ᠡᠷᠬᠡ ᠲᠡᠭᠰᠢ ᠶᠢ ᠮᠡᠳᠡᠷᠡᠭᠦᠯᠦᠭᠰᠡᠨ ᠪᠠᠶᠢᠨ᠎ᠠ᠃ | ᠡᠶᠢᠮᠦᠷᠬᠦᠦ ᠬᠠᠶᠢᠷ᠎ᠠ ᠬᠠᠯᠠᠮᠵᠢ ᠶᠢᠨ ᠬᠦᠳᠡᠯᠭᠡᠭᠡᠨ ᠤ ᠳᠡᠮᠵᠢᠯᠭᠡ ᠳᠣᠣᠷ᠎ᠠ᠂ ᠬᠥᠳᠡᠯᠮᠦᠷᠢᠴᠢᠳ ᠤᠨ ᠢᠨᠢᠶᠡᠮᠰᠦᠭᠯᠡᠯ | ᠤᠯᠠᠮ ᠠᠴᠠ ᠤᠯᠠᠮ ᠣᠯᠠᠰᠢᠷᠠᠵᠤ᠂ ᠠᠵᠢᠯ ᠤᠨ ᠣᠷᠴᠢᠨ ᠲᠣᠭᠤᠷᠢᠨ ᠴᠤ ᠤᠯᠠᠮ ᠠᠴᠠ ᠤᠯᠠᠮ ᠰᠠᠶᠢᠨ ᠪᠣᠯᠬᠤ ᠶᠢ | ᠢᠲᠡᠭᠡᠵᠦ ᠪᠠᠶᠢᠨ᠎ᠠ︕ | |