ᠡᠮᠨᠡᠯᠭᠡ ᠶᠢᠨ ᠰᠠᠯᠬᠢ ᠰᠢᠭᠤᠶᠢᠲᠤ ᠶᠢᠨ ᠢᠯᠪᠢᠵᠤ ᠂ ᠬᠦᠢᠯᠡᠰᠦᠨ ᠤᠢ ᠬᠤᠲᠠ ᠲᠦᠭᠦᠷᠡᠩ ᠃ | ᠡᠨᠡ ᠵᠢᠯ ᠪᠤᠭᠤᠲᠤ ᠬᠤᠲᠠ ︽ᠡᠮᠴᠢᠯᠡᠭᠡᠨ ᠤ ᠥᠨᠳᠦᠷᠯᠢᠭ ᠢ ᠤᠯᠠᠮ ᠨᠢᠭᠡ ᠠᠯᠬᠤᠮ ᠡᠭᠦᠳᠦᠨ | ᠪᠠᠶᠢᠭᠤᠯᠵᠤ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠶ | ᠬᠡᠷᠡᠭᠵᠢᠭᠦᠯᠬᠦ ᠲᠥᠰᠦᠯ︾ ᠢ ᠨᠡᠶᠢᠲᠡᠯᠡᠵᠦ᠂ 2025 ᠣᠨ ᠤ ᠡᠴᠦᠰ ᠪᠣᠯᠬᠤ ᠳᠤ᠂ ᠪᠤᠭᠤᠲᠤ ᠬᠤᠲᠠ ᠲᠦᠷᠦᠭᠦᠤ | ᠪᠦᠯᠦᠭ ᠤᠨ 10 ︽ ᠡᠮᠴᠢᠯᠡᠭᠡ ᠪᠤᠭᠤᠲᠤ ᠳᠤ ᠪᠠᠶᠢᠬᠤ︾ ᠨᠠᠷᠠᠲᠤ ᠲᠡᠮᠳᠡᠭᠲᠦ ᠶᠢᠨ ᠰᠢᠨᠵᠢᠯᠡᠭᠡᠨ ᠤ ᠰᠠᠯᠠᠭ᠎ᠠ ᠶᠢ | ᠪᠠᠶᠢᠭᠤᠯᠵᠤ᠂ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ ᠤᠨᠴᠠᠯᠢᠬᠳᠤ ᠡᠮᠴᠢᠯᠡᠭᠡᠨ ᠤ ᠭᠤᠤᠯᠳᠠᠯᠭ᠎ᠠ ᠪᠣᠯᠬᠤ | ᠲᠤᠰᠬᠠᠶ ᠰᠠᠯᠠᠭ᠎ᠠ ᠶᠢ ᠪᠠᠶᠢᠭᠤᠯᠵᠤ᠂ ᠡᠪᠡᠳᠴᠢᠲᠡᠨ ᠤ ᠬᠠᠨᠤᠮᠵᠢ ᠶᠢᠨ ᠬᠡᠮᠵᠢᠶ᠎ᠡ ᠶᠢ 90% ᠠᠴᠠ ᠳᠡᠭᠡᠭᠰᠢ ᠪᠣᠯᠲᠠᠯ᠎ᠠ | ᠳᠡᠭᠡᠭᠰᠢᠯᠡᠭᠦᠯᠦᠨ᠎ᠡ ᠃ | ᠪᠤᠭᠤᠲᠤ ᠬᠤᠲᠠ ᠶᠢᠨ ᠬᠢᠨ ᠡᠮᠴᠢᠯᠡᠭᠡᠨ ᠤ ᠥᠨᠳᠦᠷᠯᠢᠭ ᠢ ᠪᠥᠲᠥᠭᠡᠨ ᠪᠠᠶᠢᠭᠤᠯᠬᠤ ᠠᠤᠭ᠎ᠠ ᠰᠦᠷᠯᠢᠭ | ᠦᠵᠡᠮᠵᠢ ᠳᠤ᠂ ᠰᠢᠭᠤᠶᠢᠲᠤ ᠲᠣᠭᠤᠷᠢᠭ ᠤᠨ ᠬᠠᠮᠵᠢᠯᠴᠠᠨ ᠬᠥᠭᠵᠢᠬᠦ ᠠᠯᠬᠤᠴᠠ ᠢᠳᠡ ᠬᠦᠴᠦᠨ ᠲᠠᠢ ᠪᠠᠶᠢᠵᠤ ᠂ | ᠪᠥᠬᠦ ᠲᠤᠭᠤᠷᠢᠭ ᠢᠶᠠᠷ ᠢᠶᠠᠨ ᠥᠭᠡᠷᠡᠴᠢᠯᠡᠯᠲᠡ ᠶᠢᠨ ᠰᠡᠳᠦᠪ ᠢ ᠡᠪᠳᠡᠵᠦ᠂ ᠰᠢᠨ᠎ᠡ ᠶᠢ ᠡᠭᠦᠳᠬᠦ ᠪᠠᠷ ᠡᠨᠧᠷᠭᠢ | ᠣᠯᠭᠤᠵᠤ᠂ ᠡᠮᠴᠢᠯᠡᠭᠡᠨ ᠤ ᠡᠬᠢ ᠪᠠᠶᠠᠯᠢᠭ ᠢ ᠲᠥᠪᠯᠡᠷᠡᠭᠦᠯᠬᠦ᠂ ᠤᠨᠴᠠᠯᠢᠬᠳᠤ ᠰᠠᠯᠠᠭ᠎ᠠ ᠲᠠᠰᠤᠭ ᠤᠨ ᠪᠥᠲᠥᠭᠡᠨ | ᠪᠠᠶᠢᠭᠤᠯᠤᠯᠲᠠ᠂ ᠦᠨᠳᠦᠰᠦᠨ ᠱᠠᠲᠤᠨ ᠤ ᠡᠮᠴᠢᠯᠡᠭᠡᠨ ᠤ ᠡᠬᠢ ᠪᠠᠶᠠᠯᠢᠭ ᠢ ᠳᠣᠭᠢᠷᠠᠭᠤᠯᠬᠤ᠂ ᠣᠶᠤᠨᠴᠢ | ᠦᠢᠯᠡᠴᠢᠯᠡᠭᠡ ᠶᠢ ᠲᠠᠰ ᠳᠡᠪᠰᠢᠭᠦᠯᠬᠦ ᠵᠡᠷᠭᠡ ᠬᠦᠷᠢᠶᠡᠨ ᠳᠤ ᠣᠯᠠᠨ ᠰᠢᠨ᠎ᠡ ᠶᠢ ᠡᠭᠦᠳᠬᠦ ᠵᠠᠭᠪᠤᠷ ᠢ ᠪᠣᠶ ᠪᠣᠯᠭᠠᠵᠤ᠂ | ᠪᠤᠭᠤᠲᠤ ᠬᠤᠲᠠ ᠪᠥᠬᠦ ᠤᠯᠤᠰ ᠲᠤ ᠠᠯᠳᠠᠷᠲᠠᠶ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠲᠠᠰ ᠤᠨ᠂ ᠤᠮᠠᠷᠠᠲᠤ | ᠣᠷᠣᠨ ᠪᠠ ᠪᠠᠷᠠᠭᠤᠨ ᠬᠤᠶᠢᠲᠤ ᠣᠷᠣᠨ ᠢ ᠨᠥᠯᠥᠭᠡᠯᠡᠨ ᠳᠠᠶᠢᠴᠢᠯᠠᠬᠤ ᠡᠮᠴᠢᠯᠡᠭᠡᠨ ᠤ ᠥᠨᠳᠦᠷᠯᠢᠭ ᠤᠨ ᠪᠥᠲᠥᠭᠡᠨ | ᠪᠠᠶᠢᠭᠤᠯᠤᠯᠲᠠ ᠶᠢᠨ ᠠᠤᠭ᠎ᠠ ᠵᠢᠷᠤᠭ ᠲᠥᠰᠦᠪ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ᠃ | | ᠲᠤᠰᠬᠠᠢ ᠰᠠᠯᠠᠭᠠᠨ ᠤ ᠪᠦᠲᠦᠭᠡᠨ ᠪᠠᠶᠢᠭᠤᠯᠤᠯᠲᠠ ᠶᠢ ᠳᠣᠪᠤᠶᠢᠯᠭᠠᠵᠤ ᠂ ᠵᠥᠷᠢᠶᠡᠲᠦ ᠬᠥᠭᠵᠢᠯᠲᠡ ᠶᠢᠨ | ᠪᠠᠶᠢᠷᠢᠰᠢᠯ ᠢ ᠪᠣᠢ ᠪᠣᠯᠭᠠᠪᠠ | ︽ ᠰᠠᠶ᠋ᠢ ᠡᠮᠨᠡᠯᠭᠡ ᠳᠤ ᠣᠷᠤᠬᠤ ᠳᠤ ᠪᠢ ᠰᠠᠭᠤᠬᠤ ᠳᠤ ᠪᠦᠷ ᠢᠳᠡ ᠣᠷᠤᠵᠤ ᠪᠠᠶᠢᠵᠠᠢ ᠂ ᠣᠳᠣ ᠪᠦᠷ | ᠪᠡᠶ᠎ᠡ ᠪᠠᠨ ᠳᠠᠭᠠᠭᠠᠵᠤ ᠬᠡᠳᠦᠨ ᠠᠯᠬᠤᠮ ᠠᠯᠬᠤᠴᠢᠬᠠᠨᠠ ᠂ ᠡᠨᠡ ᠡᠷᠡᠭᠦᠯᠵᠢᠯ ᠤᠨ ᠪᠣᠯᠪᠠᠰᠤᠷᠠᠯ ᠦᠨᠡᠬᠡᠷ | ᠬᠡᠷᠡᠭᠴᠡᠭᠡ ᠲᠠᠢ ᠪᠠᠶᠢᠨ᠎ᠠ︾ ᠭᠡᠵᠦ ᠵᠠᠩ ᠢᠦᠢ ᠮᠢᠩ ᠰᠤᠷᠪᠤᠯᠵᠢᠯᠠᠭᠴᠢ ᠳᠤ ᠰᠡᠳᠬᠢᠯ ᠳᠣᠭᠳᠣᠯᠤᠨ ᠬᠡᠯᠡᠪᠡ᠃ | ᠣᠶᠢᠯᠠᠭᠠᠭᠰᠠᠨ ᠢᠶᠠᠷ᠂ ᠡᠪᠡᠳᠴᠢᠲᠡᠨ ᠵᠠᠩ ᠢᠦᠶ ᠮᠢᠩ 2024 ᠣᠨ ᠤ 5 ᠳ᠋ᠤᠭᠠᠷ ᠰᠠᠷ᠎ᠠ ᠶᠢᠨ ᠳᠤᠮᠳᠠᠴᠢ ᠪᠠᠷ | ᠡᠮᠨᠡᠯᠭᠡ ᠳᠤ ᠣᠷᠤᠪᠠ ᠂ ᠲᠡᠷᠡ ᠦᠶ᠎ᠡ ᠳᠤ ᠨᠢᠭᠡᠨᠲᠡ ᠡᠪᠡᠳᠴᠢᠯᠡᠭᠡᠳ 1 ᠰᠠᠷ᠎ᠠ ᠢᠯᠡᠭᠦᠦ ᠪᠣᠯᠵᠠᠢ ᠂ ᠣᠢ ᠪᠢᠯᠢᠭ | ᠨᠢ ᠬᠡᠳᠦ᠋ᠢᠪᠡᠷ ᠰᠡᠪᠡᠭᠦᠨ ᠪᠣᠯᠪᠠᠴᠤ ᠮᠥᠴᠢ ᠶᠢᠨ ᠴᠢᠳᠠᠪᠤᠷᠢ ᠨᠢ ᠬᠦᠨᠳᠦ ᠨᠣᠴᠢᠲᠠᠶ ᠬᠤᠬᠢᠷᠠᠯ ᠳᠤ ᠤᠴᠠᠷᠠᠵᠤ᠂ | ᠳᠡᠭᠡᠳᠦ ᠳᠤᠤᠷᠠᠳᠤ ᠮᠥᠴᠢ ᠶᠢᠨ ᠪᠤᠯᠴᠢᠩ ᠪᠠ ᠪᠤᠯᠴᠢᠩ ᠤᠨ ᠴᠢᠳᠠᠪᠤᠷᠢ ᠨᠢ ᠴᠥᠮ 0 ᠳᠡᠰ ᠪᠠᠶᠢᠪᠠ ᠃ ᠡᠶᠢᠮᠦ | ᠲᠦᠪᠡᠭᠲᠡᠢ ᠡᠪᠡᠳᠴᠢᠨ ᠤ ᠪᠠᠶᠢᠳᠠᠯ ᠤᠨ ᠡᠮᠦᠨ᠎ᠡ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ︽ᠬᠢᠲᠠᠳ | ᠡᠮᠨᠡᠯᠭᠡ + ᠣᠶᠤᠨᠴᠢ ᠡᠷᠡᠭᠦᠯᠵᠢᠯ︾ ᠣᠨᠴᠠᠯᠢᠭᠲᠤ ᠲᠤᠰᠬᠠᠢ ᠰᠠᠯᠠᠭᠠᠨ ᠤ ᠪᠦᠯᠬᠦᠮ ᠳᠤ ᠪᠠᠨ ᠲᠦᠰᠢᠭᠯᠡᠨ ᠂ | ᠲᠡᠭᠦᠨ ᠳᠤ ᠥᠪᠡᠷᠮᠢᠴᠡ ᠡᠷᠡᠭᠦᠯᠵᠢᠯ ᠤᠨ ᠲᠥᠰᠦᠯ ᠲᠣᠭᠲᠠᠭᠠᠵᠤ ᠥᠭᠴᠡᠢ᠃ ᠡᠮᠨᠡᠨ ᠵᠠᠰᠠᠬᠤ ᠶᠠᠪᠤᠴᠠ ᠳᠤ᠂ | ᠬᠢᠲᠠᠳ ᠡᠮᠨᠡᠯᠭᠡ ᠶᠢᠨ ᠤᠯᠠᠮᠵᠢᠯᠠᠯᠲᠤ ᠵᠠᠰᠠᠯᠭ᠎ᠠ ᠬᠢᠭᠡᠳ ᠣᠶᠤᠨᠴᠢ ᠡᠷᠡᠭᠦᠯᠵᠢᠯ ᠤᠨ ᠮᠡᠷᠭᠡᠵᠢᠯ ᠭᠦᠨᠵᠡᠭᠡᠶ | ᠠᠭᠤᠰᠤᠯᠴᠠᠪᠠ ᠂ ᠵᠢᠱᠢᠶᠡᠯᠡᠪᠡᠯ ᠬᠢᠲᠠᠳ ᠡᠮᠨᠡᠯᠭᠡ ᠶᠢᠨ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠶᠢ ᠬᠡᠷᠡᠭᠯᠡᠨ | ᠰᠤᠳᠠᠯ ᠢ ᠨᠢ ᠨᠡᠪᠲᠡᠷᠡᠭᠦᠯᠬᠦ ᠪᠠ ᠣᠶᠤᠨᠲᠤ ᠡᠷᠡᠭᠦᠯᠵᠢᠯ ᠤᠨ ᠪᠠᠭᠠᠵᠢ ᠬᠡᠷᠡᠭᠰᠡᠯ ᠢ ᠬᠡᠷᠡᠭᠡᠯᠡᠨ ᠮᠥᠴᠢ ᠶᠢᠨ | ᠬᠥᠳᠡᠯᠭᠡᠭᠡᠨ ᠤ ᠪᠣᠯᠪᠠᠰᠤᠷᠠᠯ ᠢ ᠣᠨᠤᠪᠴᠢᠲᠠᠢ ᠲᠤᠰᠠᠯᠠᠬᠤ ᠲᠠᠢ ᠤᠶᠠᠯᠳᠤᠭᠤᠯᠤᠨ ᠂ ᠡᠷᠡᠭᠦᠯᠵᠢᠯ ᠤᠨ ᠦᠷ᠎ᠡ | ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ ᠣᠯᠠᠨ ᠱᠠᠲᠤᠨ ᠤ ᠰᠢᠰᠲ᠋ᠧᠮ ᠲᠠᠢ ᠡᠮᠴᠢᠯᠡᠭᠡ ᠪᠠᠷ ᠳᠠᠮᠵᠢᠨ᠂ ᠵᠠᠩ | ᠢᠦᠶ ᠮᠢᠩ ᠤᠨ ᠡᠷᠡᠭᠦᠯᠵᠢᠯ ᠤᠨ ᠠᠬᠢᠴᠠ ᠬᠥᠮᠦᠰ ᠢ ᠪᠠᠶᠠᠷᠯᠠᠭᠤᠯᠵᠠᠶ᠃ ᠬᠠᠮᠤᠭ ᠲᠦᠷᠦᠭᠦᠨ ᠳᠤ ᠪᠡᠶ᠎ᠡ ᠪᠠᠨ | ᠳᠠᠭᠠᠭᠠᠵᠤ ᠬᠦᠳᠡᠯᠬᠦ ᠶᠢᠨ ᠠᠷᠭ᠎ᠠ ᠦᠭᠡᠢ ᠪᠠᠶᠢᠭᠰᠠᠨ ᠠᠴᠠ ᠣᠳᠣ ᠪᠡᠶ᠎ᠡ ᠪᠠᠨ ᠳᠠᠭᠠᠭᠠᠵᠤ ᠡᠮᠴᠢᠯᠡᠭᠡᠨ ᠤ ᠴᠢᠨᠠᠷᠲᠠᠢ | ᠶᠠᠪᠠᠭᠠᠨ ᠢᠶᠠᠨ ᠪᠡᠶᠡᠯᠡᠭᠦᠯᠵᠦ ᠳᠡᠶᠢᠯᠬᠦ ᠪᠣᠯᠵᠤ᠂ ᠬᠢᠨᠠᠨ ᠬᠠᠮᠠᠭᠠᠯᠠᠬᠤ ᠪᠠᠶᠢᠳᠠᠯ ᠳᠣᠣᠷ᠎ᠠ ᠭᠡᠷ ᠪᠦᠯᠢ ᠶᠢᠨ ᠴᠢᠨᠠᠷᠲᠠᠶ | ᠠᠯᠬᠤᠭ᠎ᠠ ᠪᠠᠨ ᠪᠡᠶᠡᠯᠡᠭᠦᠯᠵᠦ᠂ ᠪᠠᠭ᠎ᠠ ᠬᠡᠮᠵᠢᠶᠡᠨ ᠤ ᠬᠠᠪᠰᠤᠷᠤᠯᠭ᠎ᠠ ᠳᠣᠣᠷ᠎ᠠ ᠨᠡᠶᠢᠭᠡᠮ ᠲᠣᠭᠤᠷᠢᠭ ᠤᠨ ᠴᠢᠨᠠᠷᠲᠠᠶ | ᠠᠯᠬᠤᠭ᠎ᠠ ᠪᠠᠨ ᠪᠡᠶᠡᠯᠡᠭᠦᠯᠵᠦ ᠳᠡᠶᠢᠯᠦᠨ᠎ᠡ ︔ ᠳᠡᠭᠡᠳᠦ ᠮᠥᠴᠢ ᠶᠢᠨ ᠴᠢᠳᠠᠮᠵᠢ ᠨᠢ ᠴᠦ ᠵᠥᠪᠬᠡᠨ ᠳᠡᠮᠵᠢᠯᠭᠡ ᠳᠣᠣᠷ᠎ᠠ | ᠬᠥᠳᠡᠯᠭᠡᠭᠡᠨ ᠬᠢᠵᠦ ᠳᠡᠶᠢᠯᠬᠦ ᠪᠠᠶᠢᠭᠰᠠᠨ ᠠᠴᠠ ᠂ ᠪᠡᠶ᠎ᠡ ᠶᠢᠨ ᠲᠠᠮᠢᠷ ᠤᠨ ᠰᠢᠳᠠᠮ ᠢ ᠠᠳᠬᠤᠵᠤ ᠬᠡᠰᠡᠭ | ᠠᠵᠢᠯᠯᠠᠭ᠎ᠠ ᠶᠢ ᠪᠡᠶᠡᠯᠡᠭᠦᠯᠵᠦ ᠳᠡᠶᠢᠯᠬᠦ ᠪᠣᠯᠪᠠ ᠃ | ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠵᠠᠩ | ᠢᠦᠢ ᠮᠢᠩ ᠤᠨ ᠡᠷᠡᠭᠦᠯᠵᠢᠯ ᠪᠣᠯ ᠡᠮᠨᠡᠯᠭᠡ ᠶᠢᠨ ᠬᠤᠷᠢᠶᠠᠨ ᠤ ︽ᠬᠢᠲᠠᠳ ᠡᠮᠨᠡᠯᠭᠡ + ᠣᠶᠤᠨᠴᠢ ᠡᠷᠡᠭᠦᠯᠵᠢᠯ︾ | ᠣᠨᠴᠠᠯᠢᠭᠲᠤ ᠲᠤᠰᠬᠠᠢ ᠰᠠᠯᠠᠭᠠᠨ ᠤ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠠᠮᠢᠳᠤᠯᠢᠭ ᠢᠯᠡᠷᠡᠯ | ᠮᠥᠨ᠃ ᠣᠶᠢᠷ᠎ᠠ ᠶᠢᠨ ᠵᠢᠯ ᠳᠤ᠂ ᠡᠮᠨᠡᠯᠭᠡ ᠶᠢᠨ ᠬᠤᠷᠢᠶ᠎ᠠ ᠨᠢ ᠬᠡᠤᠬᠡᠳ ᠤᠨ ᠡᠷᠡᠭᠦᠯᠵᠢᠯ ᠤᠨ ᠣᠨᠴᠠᠯᠢᠭᠲᠤ | ᠲᠤᠰᠬᠠᠶ ᠰᠠᠯᠠᠭ᠎ᠠ ᠶᠢ ᠨᠡᠮᠡᠨ ᠪᠠᠶᠢᠭᠤᠯᠵᠤ᠂ ᠣᠷᠣᠨ ᠪᠦᠰᠡ ᠶᠢᠨ ᠡᠮᠴᠢᠯᠡᠭᠡᠨ ᠤ ᠬᠤᠭᠤᠰᠣᠨ ᠪᠠ ᠳᠤᠲᠠᠭᠤᠳᠠᠯ ᠢ | ᠣᠨᠣᠪᠴᠢᠲᠠᠶ ᠨᠥᠬᠦᠪᠥᠷᠢᠯᠡᠵᠦ᠂ ᠡᠪᠡᠳᠴᠢᠲᠡᠨ ᠳᠤ ᠨᠠᠩ ᠰᠢᠯᠢᠳᠡᠭ᠂ ᠨᠠᠩ ᠲᠤᠰᠬᠠᠶ ᠮᠡᠷᠭᠡᠵᠢᠯ ᠤᠨ ᠡᠮᠴᠢᠯᠡᠭᠡᠨ ᠤ | ᠦᠢᠯᠡᠴᠢᠯᠡᠭᠡ ᠬᠠᠩᠭᠠᠭᠰᠠᠨ ᠢᠶᠠᠷ ᠪᠠᠷᠠᠬᠤ ᠥᠬᠡᠶ᠂ ᠪᠠᠰᠠ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠳᠤ | ᠥᠪᠡᠷᠮᠢᠴᠡ ᠥᠷᠢᠰᠥᠯᠳᠦᠭᠡᠨ ᠤ ᠳᠠᠪᠠᠭᠤᠯᠢᠭ ᠢ ᠪᠣᠶ ᠪᠣᠯᠭᠠᠭᠰᠠᠨ ᠪᠠᠶᠢᠨ᠎ᠠ᠃ ᠢᠷᠡᠭᠡᠳᠦᠢ ᠳᠤ᠂ ᠡᠮᠨᠡᠯᠭᠡ ᠶᠢᠨ | ᠬᠤᠷᠢᠶ᠎ᠠ ︽ᠬᠢᠲᠠᠳ ᠡᠮᠨᠡᠯᠭᠡ + ᠣᠶᠤᠨᠴᠢ ᠡᠷᠡᠭᠦᠯᠵᠢᠯ︾ ᠤᠨ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ | ᠤᠨᠴᠠᠯᠢᠬᠳᠤ ᠲᠤᠰᠬᠠᠢ ᠮᠡᠷᠭᠡᠵᠢᠯ ᠤᠨ ᠪᠠᠶᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠪᠦᠬᠦ ᠬᠤᠳᠠ ᠶᠢᠨ | ᠡᠮᠴᠢᠯᠡᠭᠡᠨ ᠤ ᠡᠬᠢ ᠪᠠᠶᠠᠯᠢᠭ ᠢ ᠨᠡᠶᠢᠳᠬᠡᠬᠦ ᠶᠢ ᠠᠬᠢᠭᠤᠯᠬᠤ᠂ ᠣᠷᠣᠨ ᠪᠦᠰᠡ ᠶᠢᠨ ᠡᠮᠴᠢᠯᠡᠭᠡᠨ ᠤ ᠲᠦᠪᠰᠢᠨ ᠢ | ᠳᠡᠭᠡᠭᠰᠢᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠷᠬᠡᠶᠢᠯᠡᠪᠡ᠃ | | ᠦᠢᠯᠡᠴᠢᠯᠡᠭᠡᠨ ᠤ ᠲᠣᠭᠲᠠᠯᠴᠠᠭ᠎ᠠ ᠶᠢ ᠰᠢᠯᠢᠳᠡᠭᠵᠢᠭᠦᠯᠦᠨ ᠦᠨᠳᠦᠰᠦᠨ ᠱᠠᠲᠤᠨ ᠤ ᠡᠮᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠪᠡ | ᠡᠪᠡᠳᠴᠢᠨ ᠦᠵᠡᠭᠦᠯᠬᠦ ᠲᠥᠷᠥᠭᠳᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠪᠡᠳᠴᠢᠲᠡᠨ ᠤ | ᠥᠩᠭᠡᠷᠡᠯᠲᠡ ᠶᠢ ᠳᠡᠭᠡᠭᠰᠢᠯᠡᠭᠦᠯᠦᠨ᠂ ᠬᠠᠷᠢᠶᠠᠲᠤ ᠲᠣᠭᠤᠷᠢᠭ ᠤᠨ ᠳᠣᠲᠣᠷᠠᠬᠢ ᠤᠳᠠᠭᠠᠨ ᠴᠢᠨᠠᠷᠲᠠᠶ ᠡᠪᠡᠳᠴᠢᠲᠡᠨ ᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠥᠯᠥᠭᠡ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠨᠢ | ᠪᠤᠭᠤᠲᠤ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠯᠤᠭ᠎ᠠ ᠢᠳᠡᠪᠬᠢᠲᠡᠶ ᠪᠠᠷ ᠤᠳᠠᠭᠠᠨ ᠴᠢᠨᠠᠷᠲᠠᠶ | ᠡᠪᠡᠳᠴᠢᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢ ᠭᠤᠶᠤᠴᠢᠯᠠᠵᠤ᠂ 2024 ᠣᠨ ᠤ 5 ᠳ᠋ᠤᠭᠠᠷ | ᠰᠠᠷ᠎ᠠ ᠳᠤ ᠪᠣᠭᠤᠲᠤ ᠬᠤᠲᠠ ᠶᠢᠨ ᠤᠳᠠᠭᠠᠨ ᠴᠢᠨᠠᠷᠲᠠᠢ ᠡᠪᠡᠳᠴᠢᠨ ᠤ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ | ᠪᠣᠯᠭᠠᠬᠤ ᠪᠠᠷ ᠭᠤᠶᠤᠴᠢᠯᠠᠪᠠ ᠃ ︽ᠨᠢᠭᠡ ᠯᠠ ᠦᠷᠲᠡᠭᠡ ᠮᠠᠶ᠋ᠢᠭ ᠤᠨ ᠦᠢᠯᠡᠴᠢᠯᠡᠭᠡᠨ ᠤ ᠲᠥᠪ︾᠂ ︽ᠨᠢᠭᠡ ᠯᠡ | ᠤᠳᠠᠭ᠎ᠠ ᠶᠢᠨ ᠴᠢᠨᠠᠷᠲᠠᠶ ᠳ᠋ᠦᠩᠨᠡᠨ ᠪᠤᠳᠤᠬᠤ︾ ᠵᠡᠷᠭᠡ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠨᠢ ᠂ ᠡᠪᠡᠳᠴᠢᠲᠡᠨ ᠤ ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠵᠦ᠂ ᠬᠠᠷᠢᠶ᠎ᠠ ᠲᠣᠭᠤᠷᠢᠭ ᠤᠨ | ᠤᠳᠠᠭᠠᠨ ᠴᠢᠨᠠᠷᠲᠠᠶ ᠡᠪᠡᠳᠴᠢᠲᠡᠨ ᠢ ᠬᠢᠨᠠᠨ ᠲᠣᠭᠲᠠᠭᠠᠬᠤ ᠦᠢᠯᠡᠴᠢᠯᠡᠭᠡᠨ ᠢ ︽ᠬᠡᠷ ᠤᠨ ᠡᠭᠦᠳᠡᠨ ᠳᠤ ᠪᠠᠨ | ᠭᠦᠢᠴᠡᠳᠭᠡᠬᠦ︾ ᠶᠢ ᠪᠡᠶᠡᠯᠡᠭᠦᠯᠵᠦ᠂ ᠣᠯᠠᠨ ᠲᠦᠮᠡᠨ ᠤ ᠭᠦᠶᠦᠬᠦ ᠤᠳᠠᠭ᠎ᠠ ᠶᠢ ᠦᠨᠡᠨ ᠬᠦ ᠪᠠᠭᠠᠰᠬᠠᠪᠠ᠃ ᠡᠭᠦᠨ ᠤ | ᠬᠠᠮᠲᠤ᠂ ᠲᠤᠭᠤᠷᠢᠭ ᠤᠨ ᠡᠮᠨᠡᠯᠭᠡ ᠶᠢᠨ ᠬᠤᠷᠢᠶ᠎ᠠ ᠪᠠᠷ ᠬᠥᠲᠥᠴᠢ ᠪᠣᠯᠭᠠᠵᠤ᠂ ᠪᠥᠬᠦ ᠲᠤᠭᠤᠷᠢᠭ ᠤᠨ ᠴᠢᠨᠠᠷ ᠰᠠᠶᠢᠲᠠᠶ | ᠡᠮᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ | ᠬᠠᠮᠵᠢᠯᠴᠠᠨ ᠬᠥᠭᠵᠢᠬᠦ ᠶᠢ ᠳᠠᠶᠢᠴᠢᠯᠠᠪᠠ᠃ ᠦᠷᠭᠦᠯᠵᠢᠯᠡᠨ ᠪᠡᠯᠡ ᠮᠦᠩᠬᠦ ᠣᠷᠣᠭᠤᠯᠬᠤ ᠪᠠᠷ ᠳᠠᠮᠵᠢᠭᠤᠯᠤᠨ | ᠡᠮᠴᠢᠯᠡᠭᠡᠨ ᠤ ᠲᠥᠬᠦᠭᠡᠷᠦᠮᠵᠢ ᠶᠢ ᠰᠢᠨᠡᠳᠬᠡᠬᠦ᠂ ᠡᠮᠴᠢᠯᠡᠭᠡᠨ ᠤ ᠲᠥᠬᠦᠭᠡᠷᠦᠮᠵᠢ ᠶᠢ ᠦᠭᠡᠷᠡᠴᠢᠯᠡᠵᠦ ᠂ ᠦᠨᠳᠦᠰᠦᠨ | ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠪᠡ ᠃ 2025 | ᠣᠨ ᠤ ᠡᠴᠦᠰ ᠪᠣᠯᠬᠤ ᠳᠤ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠲᠥᠬᠦᠭᠡᠷᠦᠮᠵᠢ ᠶᠢᠨ | ᠣᠷᠣᠭᠤᠯᠤᠯᠲᠠ ᠪᠠ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠵᠦ᠂ ᠣᠯᠠᠨ ᠲᠦᠮᠡᠨ ᠳᠤ | ᠬᠡᠷ ᠤᠨ ᠡᠭᠦᠳᠡᠨ ᠳᠤ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃ | ᠰᠢᠭᠤᠶᠢᠲᠤ ᠨᠡᠶᠢᠭᠡᠮ ᠲᠣᠭᠤᠷᠢᠭ ᠤᠨ ᠸᠠᠩ ᠡᠪᠦᠭᠡᠨ ᠡᠭᠦᠨ ᠤ ᠲᠤᠬᠠᠢ ᠮᠠᠰᠢ ᠶᠡᠭᠡ ᠲᠥᠷᠥᠭᠳᠡᠯ ᠲᠠᠢ᠃ | ᠡᠨᠡ ᠵᠢᠯ ᠤᠨ ᠡᠬᠢ ᠪᠠᠷ᠂ ᠸᠠᠩ ᠡᠪᠦᠭᠡᠨ ᠭᠡᠨᠡᠳᠲᠡ ᠴᠡᠭᠡᠵᠢ ᠪᠦᠭᠯᠡᠷᠡᠵᠦ ᠪᠠᠴᠢᠮᠳᠠᠬᠤ ᠪᠠᠶᠢᠳᠠᠯ ᠲᠠᠢ | ᠡᠬᠦᠰᠦᠭᠰᠡᠨ ᠠᠴᠠ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠪᠠᠴᠢᠮ | ᠬᠦᠷᠭᠡᠭᠳᠡᠪᠡ ᠃ ᠥᠩᠭᠡᠷᠡᠭᠰᠡᠨ ᠳᠤ᠂ ᠡᠶᠢᠮᠦᠷᠬᠦᠦ ᠪᠠᠶᠢᠳᠠᠯ ᠢ ᠶᠡᠭᠡ ᠲᠥᠯᠥᠪ ᠲᠣᠭᠤᠷᠢᠭ ᠤᠨ ᠡᠮᠨᠡᠯᠭᠡ ᠶᠢᠨ | ᠬᠤᠷᠢᠶᠠᠨ ᠳᠤ ᠰᠢᠯᠵᠢᠭᠦᠯᠦᠨ ᠡᠮᠨᠡᠭᠦᠯᠬᠦ ᠬᠡᠷᠡᠭᠲᠡᠢ᠃ ᠡᠳᠦᠭᠡ᠂ ᠳᠡᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭᠠᠬᠢ | ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠨᠢ ᠰᠢᠨ᠎ᠡ ᠲᠥᠬᠦᠭᠡᠷᠦᠮᠵᠢ | ᠲᠣᠬᠢᠷᠠᠭᠤᠯᠵᠤ᠂ ᠡᠮᠴᠢ ᠠᠯᠤᠰ ᠡᠵᠡᠮᠰᠢᠯᠲᠦ ᠬᠠᠮᠲᠤᠷᠠᠨ ᠣᠨᠣᠰᠢᠯᠠᠬᠤ ᠰᠢᠰᠲ᠋ᠧᠮ ᠢᠶᠠᠷ ᠳᠠᠮᠵᠢᠨ᠂ ᠲᠣᠭᠤᠷᠢᠭ ᠤᠨ | ᠡᠮᠨᠡᠯᠭᠡ ᠶᠢᠨ ᠬᠤᠷᠢᠶᠠᠨ ᠤ ᠡᠮᠴᠢ ᠲᠠᠢ ᠦᠳᠲᠡᠷ ᠲᠦᠷᠭᠡᠨ ᠬᠠᠷᠢᠯᠴᠠᠪᠠ᠃ ᠠᠯᠤᠰ ᠡᠵᠡᠮᠰᠢᠯ ᠢᠶᠠᠷ | ᠵᠢᠯᠣᠭᠤᠳᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠡᠮᠴᠢ ᠸᠠᠩ ᠡᠪᠦᠭᠡᠨ ᠳᠤ ᠠᠩᠬ᠎ᠠ ᠠᠯᠬᠤᠮ ᠤᠨ | ᠣᠨᠣᠰᠢᠯᠠᠯᠲᠠ ᠪᠠ ᠡᠮᠴᠢᠯᠡᠭᠡ ᠬᠢᠭᠰᠡᠨ ᠪᠥᠭᠡᠳ ︽ᠨᠢᠭᠡ ᠯᠠ ᠦᠷᠲᠡᠭᠡ ᠮᠠᠶ᠋ᠢᠭ ᠤᠨ ᠦᠢᠯᠡᠴᠢᠯᠡᠭᠡᠨ ᠤ ᠲᠥᠪ︾ | ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠵᠡᠷᠭᠡ ᠭᠠᠷᠳᠠᠮ ᠢ ᠪᠡᠶᠡᠯᠡᠭᠦᠯᠦᠭᠰᠡᠨ ᠪᠠᠶᠢᠨ᠎ᠠ | ᠃ ︽ ᠣᠳᠣ ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠵᠦ ᠳᠡᠶᠢᠯᠬᠦ ᠪᠣᠯᠵᠠᠢ ᠂ ᠪᠠᠰᠠ ᠨᠠᠭᠠᠰᠢ ᠴᠠᠭᠠᠰᠢ | ᠬᠦᠶᠦᠬᠦ ᠬᠡᠷᠡᠭ ᠦᠭᠡᠢ᠂ ᠦᠨᠡᠬᠡᠷ ᠳᠥᠭᠦᠮ ᠪᠣᠯᠵᠠᠢ︾ ᠭᠡᠵᠦ ᠸᠠᠩ ᠡᠪᠦᠭᠡᠨ ᠬᠡᠯᠡᠪᠡ ᠃ | | ᠴᠢᠳᠠᠪᠤᠷᠢᠲᠠᠨ ᠡᠯᠰᠡᠬᠦ ᠰᠡᠳᠬᠢᠴᠡ ᠪᠠᠨ ᠥᠷᠭᠡᠳᠬᠡᠵᠦ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠪᠠ | ᠰᠢᠭᠤᠶᠢᠳᠤ ᠲᠣᠭᠤᠷᠢᠭ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠲᠦᠷᠭᠡᠳᠬᠡᠨ ᠠᠬᠢᠭᠤᠯᠬᠤ ᠶᠠᠪᠤᠴᠠ ᠳᠤ᠂ ︽ᠠᠷᠭ᠎ᠠ ᠪᠣᠳᠣᠯᠭ᠎ᠠ ᠶᠢ ᠠᠷᠠᠳ ᠠᠴᠠ ᠠᠰᠠᠭᠤᠬᠤ᠂ | ᠬᠡᠷᠡᠭᠴᠡᠭᠡ ᠶᠢ ᠠᠷᠠᠳ ᠠᠴᠠ ᠠᠰᠠᠭᠤᠬᠤ︾ ᠦᠢᠯᠡᠴᠢᠯᠡᠭᠡᠨ ᠤ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ | ᠪᠠᠶᠢᠩᠭᠤᠵᠢᠭᠤᠯᠤᠭᠰᠠᠨ ᠬᠡᠷᠡᠭᠴᠡᠭᠡ ᠱᠠᠭᠠᠷᠳᠠᠯᠭ᠎ᠠ ᠶᠢ ᠠᠰᠠᠭᠤᠬᠤ ᠲᠣᠭᠲᠠᠴᠠ ᠶᠢ ᠪᠠᠶᠢᠭᠤᠯᠬᠤ ᠪᠠᠷ ᠦᠨᠳᠦᠰᠦ | ᠪᠣᠯᠭᠠᠵᠤ᠂ ᠤᠯᠠᠨ ᠲᠦᠮᠡᠨ ᠤ ᠡᠮ ᠡᠮᠨᠡᠯᠭᠡ ᠶᠢᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠪᠠ᠃ | ᠡᠨᠡ ᠬᠦ ᠪᠠᠳᠣ ᠪᠠᠬᠢ ᠰᠠᠭᠤᠷᠢᠨ ᠲᠡᠭᠡᠷ᠎ᠡ᠂ ᠰᠢᠭᠤᠶᠢᠳᠣ ᠲᠤᠭᠤᠷᠢᠭ ᠴᠢᠳᠠᠪᠦᠷᠢᠳᠠᠨ ᠣᠷᠢᠵᠦ ᠣᠶᠦᠨ | ᠤᠬᠠᠭᠠᠨ ᠣᠷᠤᠭᠤᠯᠬᠤ ᠰᠡᠳᠭᠢᠴᠡ ᠪᠠᠨ ᠢᠳᠡᠪᠬᠢᠲᠡᠢ ᠦᠷᠭᠡᠳᠬᠡᠵᠦ ᠂ ︽ᠰᠠᠭᠠᠳ ᠦᠭᠡᠢ ᠨᠡᠪᠲᠡᠷᠡᠬᠦ ᠵᠠᠮ︾ ᠢᠶᠠᠷ | ᠭᠠᠷᠳᠠᠵᠦ᠂ ᠡᠮᠡᠭᠳᠠᠢ ᠶᠢᠨ ᠬᠦᠩᠭᠡᠵᠢᠬᠦᠯᠬᠦ ᠰᠠᠯᠠᠭ᠎ᠠ᠂ ᠭᠠᠳᠠᠷ ᠡᠮᠨᠡᠯᠭᠡ᠂ ᠶᠠᠰᠤᠨ ᠤ ᠡᠮᠨᠡᠯᠭᠡ ᠵᠡᠷᠭᠡ | ᠭᠤᠣᠯᠳᠠᠯᠭ᠎ᠠ ᠪᠣᠯᠬᠤ ᠰᠠᠯᠠᠭ᠎ᠠ ᠲᠠᠰᠤᠭ ᠤᠨ ᠪᠣᠳᠠᠳᠣ ᠬᠡᠷᠡᠭᠯᠡᠬᠡᠨ ᠤ ᠬᠡᠯᠪᠡᠷᠢ᠂ ᠲᠤᠳᠠᠭᠳᠠᠵᠦ ᠪᠠᠶᠢᠭ᠎ᠠ | ᠴᠢᠳᠠᠪᠤᠷᠢᠲᠠᠨ ᠢ ᠬᠠᠨᠳᠤᠯᠭ᠎ᠠ ᠲᠠᠢ ᠪᠠᠷ ᠣᠷᠣᠭᠤᠯᠵᠦ ᠠᠪᠴᠢᠷᠠᠪᠠ᠃ ᠳᠡᠭᠡᠳᠦ ᠲᠠᠰ ᠳᠠᠪᠬᠤᠷᠭ᠎ᠠ ᠶᠢᠨ | ᠴᠢᠳᠠᠪᠤᠷᠢᠲᠠᠨ ᠳᠤ ᠴᠢᠭᠯᠡᠭᠦᠯᠦᠨ᠂ ︽ᠨᠢᠭᠡ ᠬᠥᠮᠦᠨ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠲᠤᠰᠬᠠᠶ | ᠣᠷᠣᠭᠤᠯᠤᠨ ᠠᠪᠴᠢᠷᠠᠬᠤ ᠲᠥᠰᠦᠯ ᠢ ᠲᠣᠭᠲᠠᠭᠠᠵᠤ᠂ ᠴᠠᠯᠢᠩ ᠣᠯᠭᠤᠮᠵᠢ᠂ ᠣᠷᠣᠨ ᠰᠠᠭᠤᠴᠠ ᠶᠢᠨ ᠪᠠᠲᠤᠯᠠᠭ᠎ᠠ᠂ | ᠦᠷ᠎ᠡ ᠬᠡᠤᠬᠡᠳ ᠤᠨ ᠰᠤᠷᠭᠠᠨ ᠬᠥᠮᠦᠵᠢᠯ ᠵᠡᠷᠭᠡ ᠲᠠᠯ᠎ᠠ ᠪᠠᠷ ᠪᠥᠬᠦ ᠲᠠᠯ᠎ᠠ ᠶᠢᠨ ᠳᠡᠮᠵᠢᠯᠭᠡ ᠦᠵᠡᠭᠦᠯᠪᠡ᠃ | ᠡᠭᠦᠨ ᠠᠴᠠ ᠭᠠᠳᠠᠨ᠎ᠠ᠂ ᠰᠢᠭᠤᠶᠢᠳᠤ ᠲᠣᠭᠤᠷᠢᠭ ᠭᠤᠤᠯᠯᠠᠭᠴᠢ ᠠᠵᠢᠯᠲᠠᠨ ᠢ ᠪᠤᠶᠢᠵᠢᠭᠤᠯᠬᠤ ᠲᠣᠭᠲᠠᠴᠠ ᠶᠢ | ᠬᠦᠴᠦᠯᠡᠨ ᠪᠠᠶᠢᠭᠤᠯᠵᠤ᠂ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠤᠨ᠂ ᠳᠡᠭᠡᠳᠦ ᠱᠠᠲᠤᠨ ᠤ ᠭᠤᠷᠪᠠᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ ᠲᠠᠢ ︽ᠨᠢᠭᠡ | ᠬᠠᠷᠢᠴᠠᠬᠤ ᠨᠢᠭᠡ︾ ᠶᠢᠨ ᠬᠤᠤᠰᠯᠠᠵᠤ ᠬᠠᠪᠰᠤᠷᠤᠨ ᠲᠡᠳᠬᠦᠬᠦ ᠬᠠᠷᠢᠴᠠᠭ᠎ᠠ ᠶᠢ ᠪᠠᠶᠢᠭᠤᠯᠵᠤ᠂ ᠨᠠᠷᠢᠯᠢᠭ | ᠣᠨᠤᠪᠴᠢᠲᠠᠢ ᠳᠠᠪᠲᠠᠨ ᠰᠤᠷᠤᠯᠴᠠᠬᠤ ᠪᠠᠷ ᠳᠠᠮᠵᠢᠭᠤᠯᠤᠨ᠂ ᠡᠮᠴᠢᠯᠡᠭᠡᠨ ᠤ ᠣᠨᠣᠰᠢᠯᠠᠨ ᠡᠮᠨᠡᠬᠦ᠂ ᠰᠠᠯᠠᠭ᠎ᠠ | ᠲᠠᠰᠤᠭ ᠤᠨ ᠬᠠᠮᠢᠶᠠᠷᠤᠯᠲᠠ ᠵᠡᠷᠭᠡ ᠭᠤᠤᠯᠯᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ ᠮᠥᠷᠲᠡᠭᠡᠨ ᠬᠠᠮᠢᠶᠠᠷᠬᠤ ᠳᠤ ᠴᠢᠳᠠᠮᠠᠭᠠᠶ ᠨᠢᠭᠡᠨ ᠰᠠᠯᠠᠭ᠎ᠠ ᠲᠤᠰᠬᠠᠶ ᠮᠡᠷᠭᠡᠵᠢᠯ ᠤᠨ ᠡᠩᠨᠡᠭᠡ ᠶᠢ | ᠪᠠᠶᠢᠭᠤᠯᠬᠤ ᠪᠠᠷ ᠴᠢᠷᠮᠠᠶᠢᠵᠤ᠂ ᠰᠢᠭᠤᠶᠢᠲᠤ ᠲᠣᠭᠤᠷᠢᠭ ᠤᠨ ᠡᠮᠴᠢᠯᠡᠭᠡᠨ ᠤ ᠥᠨᠳᠦᠷᠯᠢᠭ ᠤᠨ ᠪᠥᠲᠥᠭᠡᠨ | ᠪᠠᠶᠢᠭᠤᠯᠤᠯᠲᠠ ᠳᠤ ᠴᠢᠳᠠᠪᠤᠷᠢᠲᠠᠨ ᠤ ᠰᠠᠭᠤᠷᠢ ᠶᠢ ᠪᠠᠬᠢᠵᠢᠭᠦᠯᠵᠦ᠂ ᠣᠷᠣᠨ ᠪᠦᠰᠡ ᠶᠢᠨ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ | ᠬᠠᠮᠠᠭᠠᠯᠠᠵᠤ ᠥᠭᠪᠡ᠃ | | ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ ᠮᠡᠳᠡᠭᠡ ᠵᠠᠩᠭᠢᠵᠢᠯᠲᠠ ᠪᠠᠷ | ᠠᠷᠠᠳ ᠲᠤ ᠠᠰᠢᠭ ᠬᠦᠷᠲᠡᠭᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠪᠡ | ︽ ᠳ᠋ᠢ ᠂ ᠲᠠ ᠰᠢᠨ᠎ᠡ ᠵᠠᠬᠢᠶᠠᠯᠠᠭ᠎ᠠ ᠶᠢᠨ ᠬᠠᠭᠤᠳᠠᠰᠤ ᠲᠠᠢ ᠪᠣᠯᠵᠠᠢ ︾ ᠃ ᠣᠶᠢᠷ᠎ᠠ ᠳᠤ ᠂ ᠨᠢᠭᠡᠨ ᠬᠤᠩᠬᠤ | ᠴᠢᠮᠡᠭᠡ ᠳᠤᠤᠭᠠᠷᠬᠤ ᠶᠢ ᠳᠠᠭᠠᠯᠳᠤᠨ᠂ ᠰᠢᠭᠤᠶᠢᠲᠤ ᠲᠣᠭᠤᠷᠢᠭ ᠤᠨ ᠡᠮᠨᠡᠯᠭᠡ ᠶᠢᠨ ᠬᠤᠷᠢᠶ᠎ᠠ ᠠᠩᠬᠠᠳᠠᠭᠴᠢ ︽ | ᠢᠨᠲ᠋ᠧᠷ ᠰᠦᠯᠵᠢᠶ᠎ᠡ + ᠰᠤᠪᠢᠯᠠᠬᠤ ᠦᠢᠯᠡᠴᠢᠯᠡᠭᠡ︾ ᠶᠢᠨ ᠤᠷᠢᠳᠴᠢᠯᠠᠨ ᠪᠣᠯᠵᠣᠬᠤ ᠮᠡᠳᠡᠭᠳᠡᠯ ᠣᠯᠪᠠ᠃ | ᠰᠢᠭᠤᠶᠢᠲᠤ ᠰᠢᠨ᠎ᠡ ᠲᠣᠭᠤᠷᠢᠭ ᠲᠤ ᠰᠠᠭᠤᠭ᠎ᠠ ᠵᠠᠩ ᠠᠪᠠᠭ᠋ᠠᠢ ᠡᠵᠢ ᠪᠠᠨ ᠬᠠᠪᠰᠤᠷᠤᠨ ᠨᠠᠮᠵᠢᠭᠤᠨ ᠰᠤᠳᠠᠯ ᠢᠶᠠᠷ | ᠴᠢᠰᠤ ᠠᠪᠬᠤ ᠭᠡᠷ ᠲᠤ ᠬᠦᠷᠬᠦ ᠦᠢᠯᠡᠴᠢᠯᠡᠭᠡ ᠶᠢ ᠪᠣᠯᠵᠤᠪᠠ ᠃ ᠰᠤᠪᠢᠯᠠᠯᠲᠠ ᠶᠢᠨ ᠭᠠᠵᠠᠷ ᠤᠨ ᠬᠠᠷᠢᠭᠤᠴᠠᠯᠭᠠᠲᠠᠨ | ᠲᠡᠷᠡ ᠳᠠᠷᠤᠶ ᠳᠤᠨᠢ ᠡᠪᠡᠳᠴᠢᠲᠡᠨ ᠤ ᠬᠡᠷ ᠪᠦᠯᠢ ᠶᠢᠨ ᠬᠢᠨ ᠲᠠᠢ ᠬᠠᠷᠢᠯᠴᠠᠵᠤ᠂ ᠪᠣᠳᠠᠲᠠᠶ ᠪᠠᠶᠢᠳᠠᠯ ᠢ ᠣᠶᠢᠯᠠᠭᠠᠪᠠ᠃ | ︽ᠡᠨᠡ ᠰᠦᠯᠵᠢᠶᠡᠨ ᠳᠡᠭᠡᠷ᠎ᠡ ᠪᠣᠯᠵᠤᠵᠤ ᠂ ᠰᠦᠯᠵᠢᠶᠡᠨ ᠭᠠᠳᠠᠨ᠎ᠠ ᠦᠢᠯᠡᠴᠢᠯᠡᠬᠦ ᠬᠡᠪ ᠵᠠᠭᠪᠤᠷ ᠦᠨᠡᠬᠡᠷ ᠶᠡᠭᠡ | ᠳᠥᠭᠦᠮ ᠪᠣᠯᠵᠠᠢ︕ ᠮᠢᠨᠤ ᠡᠵᠢ ᠤᠳᠠᠭᠠᠨ ᠵᠢᠯ ᠬᠡᠪᠲᠡᠵᠦ᠂ ᠬᠥᠳᠡᠯᠬᠦ ᠳᠤ ᠳᠥᠭᠦᠮ ᠦᠭᠡᠢ᠂ ᠬᠡᠷᠪᠡ ᠡᠨᠡ | ᠦᠢᠯᠡᠴᠢᠯᠡᠭᠡ ᠪᠠᠶᠢᠭᠰᠠᠨ ᠦᠭᠡᠢ ᠪᠣᠯ᠂ ᠨᠢᠭᠡ ᠡᠮᠨᠡᠯᠭᠡ ᠳᠤ ᠣᠴᠢᠬᠤ ᠳᠤ ᠦᠨᠡᠬᠡᠷ ᠶᠡᠭᠡ ᠬᠦᠴᠦ ᠪᠠᠷᠠᠳᠠᠭ ᠶᠤᠮ︾ | ᠭᠡᠵᠦ ᠵᠠᠩ ᠠᠪᠠᠭ᠋ᠠᠢ ᠰᠤᠷᠪᠤᠯᠵᠢᠯᠠᠭᠴᠢ ᠳᠤ ᠬᠡᠯᠡᠪᠡ ᠃ | | ᠰᠢᠭᠤᠶᠢᠲᠤ ᠲᠣᠭᠤᠷᠢᠭ ᠨᠢ ᠡᠮᠴᠢᠯᠡᠭᠡ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠢᠳᠡᠪᠬᠢᠲᠡᠢ ᠠᠬᠢᠭᠤᠯᠵᠤ᠂ ︽ᠢᠨᠲ᠋ᠧᠷ ᠰᠦᠯᠵᠢᠶ᠎ᠡ + ᠡᠮᠴᠢᠯᠡᠭᠡ | ᠡᠷᠡᠭᠦᠯ ᠮᠡᠨᠳᠦ︾ ᠶᠢᠨ ᠦᠢᠯᠡᠴᠢᠯᠡᠭᠡ ᠶᠢ ᠭᠦᠨᠵᠡᠭᠡᠶᠢᠷᠡᠭᠦᠯᠪᠡ ᠃ ᠨᠢᠭᠡ ᠲᠠᠯ᠎ᠠ ᠪᠠᠷ ︽ᠰᠢᠭᠤᠶᠢᠲᠤ ᠲᠣᠭᠤᠷᠢᠭ ᠤᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︾ ᠤᠨ ᠸᠢᠴᠠᠲ ᠤᠨ ᠨᠡᠶᠢᠲᠡ ᠶᠢᠨ ᠳ᠋ᠤᠭᠠᠷ ᠪᠠ ︽ᠯᠦ ᠴᠧᠩ | ᠡᠷᠡᠭᠦᠯ ᠮᠡᠨᠳᠦ ᠶᠢᠨ 365︾ ᠵᠢᠵᠢᠭ ᠫᠷᠤᠭ᠍ᠷᠠᠮ ᠳᠤ ᠲᠦᠰᠢᠭᠯᠡᠨ ᠰᠦᠯᠵᠢᠶᠡᠨ ᠳᠡᠭᠡᠷᠡᠬᠢ ᠦᠢᠯᠡᠴᠢᠯᠡᠭᠡ ᠬᠢᠵᠦ᠂ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠴᠤᠭᠯᠠᠭᠤᠯᠬᠤ ᠶᠢ ᠪᠡᠶᠡᠯᠡᠭᠦᠯᠪᠡ︔ ᠨᠥᠭᠦᠭᠡ | ᠲᠠᠯ᠎ᠠ ᠪᠠᠷ ᠡᠮᠴᠢᠯᠡᠭᠡᠨ ᠤ ᠦᠢᠯᠡᠴᠢᠯᠡᠭᠡᠨ ᠤ ᠪᠠᠶᠢᠴᠠᠭᠠᠨ ᠰᠤᠳᠤᠯᠬᠤ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ | ᠨᠡᠶᠢᠭᠡᠮ ᠲᠣᠭᠤᠷᠢᠭ᠂ ᠮᠠᠯᠵᠢᠬᠤ ᠲᠠᠷᠢᠶᠠᠯᠠᠬᠤ ᠣᠷᠣᠨ ᠳᠤ ᠭᠦᠨᠵᠡᠭᠡᠶᠢᠷᠡᠨ ᠤᠯᠠᠷᠢᠯ ᠤᠨ ᠴᠢᠨᠠᠷᠲᠠᠶ ᠰᠤᠷᠪᠤᠯᠵᠢᠯᠠᠨ | ᠪᠠᠶᠢᠴᠠᠭᠠᠨ ᠰᠤᠳᠤᠯᠤᠯᠲᠠ ᠬᠢᠵᠦ᠂ ᠡᠪᠡᠳᠴᠢᠨ ᠡᠮᠭᠡᠭ ᠤᠨ ᠵᠢᠭᠰᠠᠯ ᠤᠨ ᠵᠠᠳᠠᠯᠤᠯᠲᠠ᠂ ᠭᠤᠤᠯᠳᠠᠯᠭ᠎ᠠ ᠪᠣᠯᠬᠤ | ᠬᠥᠮᠦᠰ ᠤᠨ ᠡᠷᠡᠭᠦᠯ ᠮᠡᠨᠳᠦ ᠶᠢᠨ ᠬᠡᠷᠡᠭᠴᠡᠭᠡ᠂ ᠡᠪᠡᠳᠴᠢᠨ ᠦᠵᠡᠭᠦᠯᠬᠦ ᠡᠪᠡᠷᠰᠢᠶᠡᠯ ᠲᠠᠢ ᠭᠠᠵᠠᠷ ᠵᠡᠷᠭᠡ | ᠠᠭᠤᠯᠭ᠎ᠠ ᠶᠢ ᠬᠠᠮᠤᠷᠤᠭᠰᠠᠨ ᠬᠥᠳᠡᠯᠦᠩᠭᠦᠶ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠪᠣᠶ ᠪᠣᠯᠭᠠᠵᠤ᠂ | ᠡᠮᠴᠢᠯᠡᠭᠡᠨ ᠤ ᠡᠬᠢ ᠪᠠᠶᠠᠯᠢᠭ ᠢ ᠨᠠᠷᠢᠯᠢᠭ ᠣᠨᠤᠪᠴᠢᠲᠠᠢ ᠳᠣᠭᠢᠷᠠᠭᠤᠯᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ | ᠬᠠᠩᠭᠠᠪᠠ᠃ ᠰᠦᠯᠵᠢᠶᠡᠨ ᠳᠡᠭᠡᠷ᠎ᠡ ᠪᠣᠯᠵᠣᠬᠤ᠂ ᠰᠦᠯᠵᠢᠶᠡᠨ ᠳᠡᠭᠡᠷ᠎ᠡ ᠣᠨᠣᠰᠢᠯᠠᠨ ᠡᠮᠨᠡᠬᠦ᠂ ᠰᠦᠯᠵᠢᠶᠡᠨ ᠳᠡᠭᠡᠷ᠎ᠡ | ᠠᠰᠠᠭᠤᠨ ᠯᠠᠪᠯᠠᠬᠤ ᠵᠡᠷᠭᠡ ᠣᠯᠠᠨ ᠵᠦᠢᠯ ᠤᠨ ᠦᠢᠯᠡᠴᠢᠯᠡᠭᠡᠨ ᠤ ᠵᠠᠭᠪᠤᠷ ᠢᠶᠠᠷ ᠳᠠᠮᠵᠢᠭᠤᠯᠤᠨ᠂ ᠰᠠᠭᠤᠭᠠᠯᠢ ᠠᠷᠠᠳ | ᠬᠦᠳᠡᠯᠦᠩᠭᠦᠢ ᠪᠠᠷ ᠳ᠋ᠤᠭᠠᠷᠯᠠᠬᠤ᠂ ᠠᠰᠠᠭᠤᠨ ᠯᠠᠪᠯᠠᠬᠤ᠂ ᠪᠣᠯᠵᠣᠵᠤ ᠪᠠᠶᠢᠴᠠᠭᠠᠬᠤ ᠵᠡᠷᠭᠡ ᠴᠤᠪᠤᠷᠠᠯ ᠢ ᠪᠡᠶᠡᠯᠡᠭᠦᠯᠵᠦ᠂ | ᠡᠪᠡᠳᠴᠢᠨ ᠦᠵᠡᠭᠦᠯᠬᠦ ᠴᠠᠭ ᠢ ᠪᠦᠲᠦᠮᠵᠢᠲᠡᠶ ᠪᠣᠭᠤᠨᠢᠰᠬᠠᠵᠤ᠂ ᠡᠮᠴᠢᠯᠡᠭᠡᠨ ᠤ ᠦᠢᠯᠡᠴᠢᠯᠡᠭᠡᠨ ᠤ ᠳᠥᠭᠦᠮ ᠳᠥᠲᠡ | ᠴᠢᠨᠠᠷ ᠪᠠ ᠪᠣᠯᠤᠮᠵᠢᠲᠤ ᠴᠢᠨᠠᠷ ᠢ ᠳᠡᠭᠡᠭᠰᠢᠯᠡᠭᠦᠯᠦᠨ᠂ ︽ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ | ᠲᠦᠮᠡᠨ ᠢ ᠳᠤᠲᠠᠭᠤ ᠭᠦᠶᠦᠯᠭᠡᠬᠦ︾ ᠶᠢ ᠰᠢᠭᠤᠶᠢᠲᠤ ᠲᠣᠭᠤᠷᠢᠭ ᠤᠨ ᠡᠮᠴᠢᠯᠡᠭᠡᠨ ᠤ ᠬᠦᠷᠢᠶᠡᠨ ᠳᠤ ᠪᠣᠳᠠᠲᠤ ᠠᠬᠤᠶ | ᠪᠣᠯᠭᠠᠪᠠ᠃ | ᠡᠷᠡᠭᠦᠯ ᠮᠡᠨᠳᠦ ᠰᠢᠭᠤᠶᠢᠲᠤ ᠲᠣᠭᠤᠷᠢᠭ ᠤᠨ ᠠᠮᠢᠳᠤᠯᠢᠭ ᠦᠢᠯᠡᠳᠦᠯᠭᠡ ᠣᠷᠣᠨ ᠪᠦᠰᠡ ᠶᠢᠨ | ᠬᠥᠭᠵᠢᠯᠲᠡ ᠶᠢᠨ ᠶᠡᠭᠡ ᠤᠷᠤᠰᠬᠠᠯ ᠳᠤ ᠠᠭᠤᠰᠤᠯᠴᠠᠬᠤ ᠳᠤ ᠂ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠬᠥᠮᠦᠰ ᠵᠣᠷᠢᠭᠲᠠᠢ ᠪᠠᠷ ᠲᠦᠷᠦᠭᠦᠯᠡᠬᠦ ᠰᠥᠰᠥ ᠵᠣᠷᠢᠭ᠂ ᠠᠷᠠᠳ ᠲᠤ ᠠᠰᠢᠭ ᠬᠦᠷᠲᠡᠭᠡᠬᠦ | ᠳᠤᠯᠠᠭᠠᠴᠠ ᠪᠠᠷ ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ᠂ ᠰᠢᠨᠵᠢᠯᠡᠭᠡᠨ ᠤ ᠰᠠᠯᠠᠭ᠎ᠠ ᠶᠢᠨ | ᠪᠠᠶᠢᠭᠤᠯᠤᠯᠲᠠ᠂ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ᠂ ᠬᠢᠲᠠᠳ ᠡᠮ ᠡᠮᠨᠡᠯᠭᠡ ᠶᠢᠨ ᠬᠥᠭᠵᠢᠯᠲᠡ᠂ | ᠤᠨᠴᠠᠯᠢᠬᠳᠤ ᠡᠮ ᠡᠮᠨᠡᠯᠭᠡ ᠵᠡᠷᠭᠡ ᠤᠯᠠᠨ ᠲᠠᠯ᠎ᠠ ᠶᠢᠨ ᠠᠵᠢᠯᠯᠠᠭ᠎ᠠ ᠶᠢ ᠲᠦᠷᠭᠡᠳᠬᠡᠨ ᠠᠬᠢᠭᠤᠯᠵᠤ᠂ ᠡᠨᠡ ᠬᠦ ᠭᠠᠵᠠᠷ | ᠰᠢᠷᠣᠢ ᠳᠡᠭᠡᠷ᠎ᠡ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠴᠠᠭ | ᠦᠶ᠎ᠡ ᠶᠢᠨ ᠢᠷᠠᠭᠤ ᠬᠠᠭᠤᠳᠠᠰᠤ ᠶᠢ ᠪᠢᠴᠢᠭᠯᠡᠵᠦ᠂ ᠰᠢᠭᠤᠶᠢᠲᠤ ᠲᠣᠭᠤᠷᠢᠭ ᠤᠨ ᠬᠥᠭᠵᠢᠯᠲᠡ ᠳᠤ ᠡᠷᠡᠭᠦᠯ | ᠮᠡᠨᠳᠦ ᠶᠢᠨ ᠬᠥᠳᠡᠯᠭᠡᠬᠦ ᠬᠦᠴᠦᠨ ᠨᠡᠮᠡᠷᠢᠯᠡᠨ᠎ᠡ᠃ | |