︽5 · 1︾ ᠤ ᠬᠤᠭᠤᠴᠠᠭᠠᠨ ᠳᠠᠬᠢ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠢ ᠦᠨᠡᠨ ᠬᠦ | ᠪᠠᠲᠤᠯᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠵᠤ᠂ | ᠥᠷᠭᠡᠨ ᠣᠯᠠᠨ ᠲᠦᠮᠡᠨ ᠢ ᠠᠮᠤᠷ ᠠᠮᠤᠭᠤᠯᠠᠩ᠂ ᠥᠯᠵᠡᠢ ᠪᠡᠯᠭᠡ ᠲᠠᠢ ᠠᠮᠠᠷᠠᠯᠲᠠ ᠶᠢᠨ ᠬᠤᠭᠤᠴᠠᠭ᠎ᠠ ᠶᠢ | ᠥᠩᠭᠡᠷᠡᠭᠦᠯᠬᠦ ᠶᠢᠨ ᠲᠥᠯᠥᠭᠡ᠂ ᠰᠢᠭᠤᠶᠢᠲᠤ ᠵᠡᠭᠡᠯᠢ ᠭᠤᠳᠤᠮᠵᠢ ︽5 · 1︾ ᠤ ᠪᠠᠶᠠᠷ ᠤᠨ ᠡᠳᠦᠷ ᠠᠴᠠ ᠡᠮᠦᠨᠡᠬᠢ | ᠠᠮᠤᠷ ᠲᠦᠪᠰᠢᠨ ᠤ ᠶᠡᠭᠡ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ | ᠭᠤᠤᠯᠳᠠᠯᠭ᠎ᠠ ᠪᠣᠯᠬᠤ ᠠᠵᠢᠯ ᠲᠥᠷᠥᠯ ᠤᠨ ᠬᠦᠷᠢᠶ᠎ᠡ ᠴᠠᠷᠠᠭ᠎ᠠ᠂ ᠭᠤᠤᠯᠳᠠᠯᠭ᠎ᠠ ᠪᠣᠯᠬᠤ ᠲᠠᠯᠠᠪᠤᠷ ᠭᠠᠵᠠᠷ ᠢ ᠪᠥᠬᠦ | ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠠᠶᠤᠯ ᠦᠭᠡᠢ ᠦᠢᠯᠡᠳᠪᠦᠷᠢᠯᠡᠯ ᠪᠠ ᠭᠠᠯ ᠤᠨᠲᠠᠷᠠᠭᠠᠬᠤ | ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ᠃ | | ᠲᠣᠰ ᠤᠳᠠᠭᠠᠨ ᠤ ᠪᠠᠶᠢᠴᠠᠭᠠᠯᠲᠠ ᠶᠢᠨ ᠠᠵᠢᠯᠯᠠᠭ᠎ᠠ ᠨᠢ ︽ᠪᠦᠬᠦᠨ ᠢ ᠬᠠᠮᠤᠷᠬᠤ᠂ ᠥᠴᠦᠬᠡᠨ ᠴᠦ | ᠠᠭᠤᠴᠢᠯᠠᠬᠤ ᠥᠬᠡᠶ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ︾ ᠱᠠᠭᠠᠷᠳᠠᠯᠭ᠎ᠠ ᠶᠣᠰᠣᠭᠠᠷ᠂ ᠬᠥᠮᠦᠨ | ᠬᠠᠷ᠎ᠠ ᠲᠦᠪᠯᠡᠷᠡᠭᠰᠡᠨ ᠲᠠᠯᠠᠪᠤᠷ᠂ ᠪᠠᠷᠢᠯᠭ᠎ᠠ ᠶᠢᠨ ᠭᠠᠵᠠᠷ ᠂ ᠶᠢᠰᠦᠨ ᠵᠢᠵᠢᠭ ᠲᠠᠯᠠᠪᠤᠷ ᠵᠡᠷᠭᠡ ᠬᠦᠷᠢᠶ᠎ᠡ ᠶᠢ | ᠭᠤᠤᠯᠳᠠᠯᠭ᠎ᠠ ᠲᠠᠢ ᠪᠠᠶᠢᠴᠠᠭᠠᠪᠠ᠃ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠲᠤ ᠴᠢᠭᠯᠡᠭᠦᠯᠦᠨ᠂ ᠭᠠᠯ | ᠤᠨᠲᠠᠷᠠᠭᠠᠬᠤ ᠪᠡᠯᠡᠳᠬᠡᠮᠵᠢ ᠶᠢ ᠳᠣᠭᠢᠷᠠᠭᠤᠯᠬᠤ᠂ ᠲᠠᠷᠬᠠᠭᠠᠬᠤ ᠵᠠᠮ ᠰᠠᠭᠠᠳ ᠥᠬᠡᠶ ᠨᠡᠪᠲᠡᠷᠡᠬᠦ᠂ ᠴᠠᠬᠢᠯᠭᠠᠨ | ᠱᠤᠭᠤᠮ ᠤᠨ ᠠᠮᠤᠷ ᠲᠦᠪᠰᠢᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ︔ ᠪᠠᠷᠢᠯᠭ᠎ᠠ ᠶᠢᠨ ᠠᠵᠢᠯ ᠤᠨ | ᠪᠠᠷᠢᠯᠭ᠎ᠠ ᠶᠢᠨ ᠭᠠᠵᠠᠷ ᠤᠨ ᠥᠨᠳᠥᠷ ᠣᠭᠲᠠᠷᠭᠤᠶ ᠳᠤ ᠠᠵᠢᠯᠯᠠᠵᠤ ᠰᠡᠷᠭᠡᠶᠢᠯᠡᠨ ᠬᠠᠮᠠᠭᠠᠯᠠᠯᠲᠠ ᠂ ᠪᠠᠷᠢᠯᠭ᠎ᠠ ᠶᠢᠨ | ᠲᠥᠬᠦᠭᠡᠷᠦᠮᠵᠢ ᠶᠢᠨ ᠠᠮᠤᠷ ᠲᠦᠪᠰᠢᠨ᠂ ᠲᠦᠷ ᠴᠠᠭ ᠤᠨ ᠴᠠᠬᠢᠯᠭᠠᠨ ᠬᠡᠷᠡᠭᠯᠡᠬᠦ ᠵᠢᠷᠤᠮᠵᠢᠯ ᠵᠡᠷᠭᠡ ᠶᠢᠨ | ᠲᠣᠭᠤᠷᠢᠨ ᠳᠤ ᠵᠢᠭᠰᠠᠭᠠᠨ ᠪᠠᠶᠢᠴᠠᠭᠠᠯᠲᠠ ᠦᠷᠨᠢᠭᠦᠯᠪᠡ ︔ ᠶᠢᠰᠦᠨ ᠵᠢᠵᠢᠭ ᠲᠠᠯᠠᠪᠤᠷ ᠭᠠᠵᠠᠷ ᠲᠤ ᠬᠤᠨᠤᠬᠤ᠂ | ᠬᠥᠮᠥᠷᠭᠡᠯᠡᠨ ᠬᠠᠳᠠᠭᠠᠯᠠᠬᠤ᠂ ᠡᠵᠡᠩᠨᠡᠬᠦ ᠠᠮᠤᠷ ᠲᠦᠪᠰᠢᠨ ᠤ ᠬᠠᠮᠢᠶᠠᠷᠤᠯᠲᠠ ᠳᠤ ᠪᠥᠬᠦ ᠲᠠᠯ᠎ᠠ ᠶᠢᠨ ᠪᠠᠶᠢᠴᠠᠭᠠᠯᠲᠠ | ᠬᠢᠵᠦ᠂ ᠶᠠᠮᠠᠷᠪᠠ ᠠᠮᠤᠷ ᠲᠦᠪᠰᠢᠨ ᠤ ᠳᠠᠯᠳᠠ ᠭᠡᠮ ᠢ ᠴᠤ ᠠᠯᠳᠠᠬᠤ ᠦᠭᠡᠢ ᠪᠠᠶᠢᠬᠤ ᠶᠢ ᠦᠨᠡᠨ ᠬᠦ ᠪᠠᠲᠤᠯᠠᠪᠠ ᠃ | | ᠠᠵᠢᠯᠲᠠᠳ ᠡᠯ᠎ᠡ ᠠᠵᠤ ᠠᠬᠤᠶᠢᠯᠠᠯ᠂ ᠡᠵᠡᠩᠨᠡᠯᠲᠡ ᠶᠢᠨ ᠨᠢᠭᠡᠴᠢ ᠪᠣᠯᠤᠨ ᠶᠢᠰᠦᠨ ᠵᠢᠵᠢᠭ ᠲᠠᠯᠠᠪᠤᠷ ᠲᠤ | ᠭᠦᠨᠵᠡᠭᠡᠶᠢᠷᠡᠵᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ᠂ | ᠲᠤᠬᠠᠶ ᠶᠢᠨ ᠭᠠᠵᠠᠷ ᠲᠤᠨᠢ ᠯᠠᠪᠯᠠᠨ ᠠᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠤᠷ ᠲᠠᠲᠠᠬᠤ | ᠮᠠᠶ᠋ᠢᠭ ᠤᠨ ᠵᠢᠭᠰᠠᠭᠠᠨ ᠪᠠᠶᠢᠴᠠᠭᠠᠯᠲᠠ ᠥᠷᠨᠢᠭᠦᠯᠪᠡ᠃ ᠪᠠᠶᠢᠴᠠᠭᠠᠬᠤ ᠶᠠᠪᠤᠴᠠ ᠳᠤ᠂ ᠬᠡᠰᠡᠭ ᠭᠠᠵᠠᠷ ᠲᠠᠯᠠᠪᠤᠷ ᠲᠤ | ᠭᠠᠯ ᠰᠡᠷᠭᠡᠶᠢᠯᠡᠯᠲᠡ ᠶᠢᠨ ᠨᠡᠪᠲᠡᠷᠡᠬᠦ ᠵᠠᠮ ᠳᠤ ᠡᠯᠳᠡᠪ ᠶᠠᠭᠤᠮ᠎ᠠ ᠣᠪᠤᠭᠠᠯᠠᠭᠰᠠᠨ ᠂ ᠭᠠᠯ ᠤᠨᠲᠠᠷᠠᠭᠠᠭᠤᠷ ᠤᠨ | ᠬᠤᠭᠤᠴᠠᠭ᠎ᠠ ᠨᠢ ᠥᠩᠭᠡᠷᠡᠭᠰᠡᠨ ᠪᠠᠶᠢᠲᠠᠯ᠎ᠠ ᠴᠠᠭ ᠲᠤᠬᠠᠶ ᠳᠤᠨᠢ ᠰᠣᠯᠢᠭᠰᠠᠨ ᠥᠬᠡᠶ᠂ ᠪᠠᠷᠢᠯᠭ᠎ᠠ ᠶᠢᠨ ᠠᠵᠢᠯᠲᠠᠨ | ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠭᠰᠡᠯ ᠢ ᠵᠡᠭᠦᠭᠰᠡᠨ ᠨᠢ ᠵᠢᠷᠤᠮᠵᠢᠯ ᠦᠭᠡᠢ ᠵᠡᠷᠭᠡ ᠠᠰᠠᠭᠤᠳᠠᠯ | ᠣᠷᠣᠰᠢᠵᠤ ᠪᠠᠶᠢᠬᠤ ᠶᠢ ᠣᠯᠵᠤ ᠮᠡᠳᠡᠪᠡ᠃ ᠣᠯᠵᠤ ᠮᠡᠳᠡᠭᠰᠡᠨ ᠳᠠᠯᠳᠠ ᠭᠡᠮ ᠳᠤ ᠴᠢᠭᠯᠡᠭᠦᠯᠦᠨ᠂ ᠬᠠᠮᠢᠶ᠎ᠠ ᠪᠥᠬᠦᠶ | ᠨᠢᠭᠡᠴᠢ ᠶᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ | ᠳᠡᠶᠢᠯᠬᠦ ᠥᠬᠡᠶ ᠶᠢ ᠨᠢ ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ | ᠬᠡᠮᠵᠢᠶ᠎ᠡ ᠪᠠ ᠴᠡᠭᠴᠡᠯᠡᠨ ᠰᠠᠶᠢᠵᠢᠷᠠᠭᠤᠯᠬᠤ ᠬᠤᠭᠤᠴᠠᠭ᠎ᠠ ᠶᠢ ᠲᠣᠳᠣᠷᠬᠠᠶᠢᠯᠠᠵᠤ᠂ ᠪᠢᠲᠡᠭᠦᠦ ᠬᠠᠮᠢᠶᠠᠷᠤᠯᠲᠠ ᠶᠢ | ᠬᠡᠷᠡᠭᠵᠢᠭᠦᠯᠦᠨ᠂ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠶ | ᠭᠡᠵᠦ ᠱᠠᠭᠠᠷᠳᠠᠪᠠ᠃ | ︽5.1︾ ᠤ ᠬᠤᠭᠤᠴᠠᠭᠠᠨ ᠳᠤ᠂ ᠰᠢᠭᠤᠶᠢᠲᠤ ᠵᠡᠭᠡᠯᠢ ᠭᠤᠳᠤᠮᠵᠢ ᠠᠶᠤᠯ ᠦᠭᠡᠢ ᠦᠢᠯᠡᠳᠪᠦᠷᠢᠯᠡᠯ ᠪᠠ | ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ | ᠤᠳᠤᠷᠢᠳᠤᠯᠭ᠎ᠠ ᠡᠭᠡᠯᠵᠢ ᠳᠠᠭᠠᠭᠤᠯᠬᠤ ᠪᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ | ᠴᠢᠮᠡᠭᠡ ᠨᠡᠪᠲᠡᠷᠡᠯᠭᠡ ᠶᠢᠨ ᠰᠠᠭᠠᠳ ᠥᠬᠡᠶ ᠨᠡᠪᠲᠡᠷᠡᠬᠦ ᠶᠢ ᠪᠠᠲᠤᠯᠠᠵᠤ᠂ ᠭᠡᠨᠡᠳᠲᠡ ᠶᠢᠨ ᠬᠡᠷᠡᠭ ᠡᠭᠦᠰᠪᠡᠯ᠂ ᠦᠳᠲᠡᠷ | ᠲᠦᠷᠭᠡᠨ ᠳᠠᠭᠠᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ | ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭ᠎ᠠ ᠪᠣᠯᠬᠤ ᠣᠷᠣᠨ ᠪᠦᠰᠡ᠂ ᠭᠤᠤᠯᠳᠠᠯᠭ᠎ᠠ | ᠪᠣᠯᠬᠤ ᠣᠷᠣᠨ ᠪᠠᠶᠢᠷᠢ ᠳᠤ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠤᠭᠤᠴᠢᠨ ᠪᠠᠶᠢᠴᠠᠭᠠᠯᠲᠠ ᠬᠢᠵᠦ᠂ | ᠪᠠᠶᠢᠴᠠᠭᠠᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ | ᠭᠠᠷᠬᠤ ᠶᠢ ᠡᠷᠡᠰ ᠬᠤᠷᠢᠭᠯᠠᠵᠤ᠂ ᠥᠷᠭᠡᠨ ᠣᠯᠠᠨ ᠲᠦᠮᠡᠨ ᠳᠤ ᠠᠮᠤᠷ ᠲᠦᠪᠰᠢᠨ ᠲᠣᠭᠲᠠᠭᠤᠨ ᠪᠠᠶᠠᠷ ᠤᠨ | ᠡᠳᠦᠷ ᠤᠨ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ ᠃ | |