ᠬᠢᠴᠢᠶᠡᠯ ᠨᠡᠭᠡᠭᠡᠵᠡᠢ︕ ᠰᠢᠨᠵᠢᠯᠡᠬᠦ ᠤᠬᠠᠭᠠᠨᠳᠡᠳ ᠤᠨ ᠣᠶᠤᠨ ᠰᠠᠨᠠᠭᠠᠨ ᠤ ᠮᠡᠳᠡᠭᠦᠯᠦᠯᠲᠡ ᠶᠢᠨ ᠪᠦᠯᠬᠦᠮ ᠤᠨ ᠭᠡᠰᠢᠭᠦᠨ ᠰᠢᠭᠤᠶᠢᠲᠤ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2025/5/20
        ︽ᠵᠣᠷᠢᠭ ᠰᠢᠭᠤᠳᠤᠨ ᠰᠢᠨ᠎ᠡ ᠶᠢ ᠡᠭᠦᠳᠦᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠤᠶ᠎ᠠ︾᠂ ᠬᠤᠷᠢᠨ ᠲᠠᠪᠤᠳᠤᠭᠠᠷ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ᠂ ᠪᠦᠬᠦ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠢᠰᠦᠳᠦᠭᠡᠷ ᠠᠵᠢᠯᠲᠠᠨ ᠤ ᠡᠳᠦᠷ ᠬᠦᠷᠴᠦ ᠢᠷᠡᠬᠦ ᠲᠠᠰᠢᠷᠠᠮ ᠢᠶᠠᠷ᠂ ᠪᠤᠭᠤᠲᠤ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠪᠤᠭᠤᠲᠤ ᠬᠤᠳᠠ ᠶᠢᠨ ᠰᠤᠷᠭᠠᠨ ᠬᠥᠮᠦᠵᠢᠯ ᠤᠨ ᠲᠤᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ ᠤᠨ ᠪᠤᠭᠤᠲᠤ ᠬᠤᠳᠠ ᠶᠢᠨ ᠬᠤᠷᠢᠶ᠎ᠠ ᠲᠠᠢ ᠬᠠᠮᠲᠤᠷᠠᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠪᠣᠯᠤᠨ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠦᠬᠦ ᠨᠡᠶᠢᠭᠡᠮ ᠳᠤ ᠰᠢᠨᠵᠢᠯᠡᠬᠦ ᠤᠬᠠᠭᠠᠨ ᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ ᠃
图片1.png
        ᠲᠦᠷᠦᠭᠦᠬᠡᠨ᠂ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠲᠣᠭᠤᠷᠢᠨ ᠲᠠᠶᠢᠯᠪᠤᠷᠢᠯᠠᠬᠤ ᠠᠵᠢᠯᠯᠠᠭ᠎ᠠ ᠰᠢᠭᠤᠶᠢᠲᠤ ᠲᠣᠭᠤᠷᠢᠭ ᠲᠤ ᠬᠦᠷᠴᠦ᠂ ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ᠂ ᠰᠦ᠋ ᠮᠧᠩ ᠲᠤᠷᠰᠢᠯᠲᠠ ᠶᠢᠨ ᠰᠤᠷᠭᠠᠭᠤᠯᠢ ᠪᠣᠯᠤᠨ ᠰᠢᠭᠤᠶᠢᠲᠤ ᠨᠢᠭᠡᠳᠦᠭᠡᠷ ᠳᠤᠮᠳᠠᠳᠤ ᠰᠤᠷᠭᠠᠭᠤᠯᠢ ᠳᠤ ᠬᠦᠷᠴᠦ᠂ ᠥᠷᠭᠡᠨ ᠣᠯᠠᠨ ᠪᠠᠭᠰᠢ ᠰᠤᠷᠤᠭᠴᠢᠳ ᠲᠤ ᠨᠢᠭᠡ ᠤᠳᠠᠭᠠᠨ ᠤ ᠥᠪᠡᠷᠮᠢᠴᠡ ᠣᠨᠴᠠᠯᠢᠭ ᠲᠠᠢ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭᠠᠨ ᠤ ᠲᠠᠶᠢᠯᠤᠮᠵᠢ ᠣᠯᠭᠤᠵᠤ᠂ ᠰᠤᠷᠤᠭᠴᠢᠳ ᠤᠨ ᠰᠡᠳᠬᠢᠯ ᠳᠤ  ᠴᠢᠷᠮᠠᠶᠢᠨ ᠰᠤᠷᠤᠯᠴᠠᠵᠤ᠂ ᠰᠢᠨᠵᠢᠯᠡᠬᠦ ᠤᠬᠠᠭᠠᠨ ᠤ ᠦᠢᠯᠡᠰ ᠲᠤ ᠣᠷᠤᠯᠴᠠᠬᠤ ᠦᠷ᠎ᠡ ᠶᠢ ᠰᠠᠴᠤᠪᠠ ᠃        ᠪᠤᠭᠤᠲᠤ ᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠤᠨ ᠳᠣᠲᠣᠷ᠎ᠠ ᠬᠤᠭᠤᠰᠣᠨ ᠰᠠᠭᠤᠳᠠᠯ ᠪᠠᠢᠬᠤ ᠦᠭᠡᠢ᠃ ᠯᠢ ᠸᠧᠶ ᠭᠧ ᠪᠠᠭᠰᠢ ᠶᠠᠷᠢᠶᠠᠨ ᠤ ᠲᠠᠪᠴᠠᠩ ᠳᠤ ᠭᠠᠷᠴᠤ᠂ ᠥᠨᠳᠥᠷ ᠳᠤᠮᠳᠠᠳᠤ ᠶᠢᠨ ᠨᠢᠭᠡᠳᠦᠭᠡᠷ ᠣᠨ ᠤ ᠪᠦᠬᠦ ᠰᠤᠷᠤᠭᠴᠢᠳ ᠲᠤ ᠬᠤᠶᠠᠷ ᠪᠥᠮᠪᠦᠭᠡ ᠨᠢᠭᠡ ᠣᠳᠣ ᠶᠢᠨ ᠰᠢᠨᠵᠢᠯᠡᠬᠦ ᠤᠬᠠᠭᠠᠨᠲᠠᠨ ᠭᠦᠸᠧ ᠶᠦᠩ ᠬᠤᠸᠠᠢ ᠪᠣᠯᠤᠨ ᠯᠢ ᠫᠧᠢ ᠶᠢᠨ ᠦᠯᠢᠭᠡᠷ ᠢ ᠳᠠᠭᠤ ᠰᠡᠳᠭᠢᠯᠭᠡ ᠬᠤᠤᠰᠯᠠᠭᠤᠯᠤᠨ  ᠶᠠᠷᠢᠪᠠ ᠃ ᠬᠠᠮᠲᠤ ᠰᠤᠷᠤᠭᠴᠢᠳ ᠰᠢᠷᠡᠭᠡᠨ ᠤ ᠡᠮᠦᠨ᠎ᠡ ᠲᠣᠯᠤᠭᠠᠢ ᠪᠦᠭᠦᠶᠢᠨ ᠂ ᠲᠠᠶᠢᠯᠤᠮᠵᠢ ᠶᠢᠨ ᠠᠭᠤᠯᠭ᠎ᠠ ᠶᠢᠨ ᠭᠤᠤᠯᠳᠠᠯᠭ᠎ᠠ ᠲᠠᠢ ᠰᠤᠳᠠᠰᠤ ᠪᠠ ᠥᠪᠡᠷ ᠪᠣᠳᠤᠭᠰᠠᠨ ᠰᠠᠨᠠᠭᠰᠠᠨ  ᠲᠦᠷᠦᠭᠳᠡᠯ ᠢᠶᠠᠨ ᠨᠠᠷᠢᠨ ᠬᠢᠨᠠᠮᠠᠭᠠᠶ ᠲᠡᠮᠳᠡᠭᠯᠡᠪᠡ᠃ ᠦᠭᠡ ᠦᠰᠦᠭ ᠦᠭᠦᠯᠡᠪᠦᠷᠢ ᠪᠦᠷᠢ ᠨᠢ ᠬᠠᠮᠤᠭ ᠤᠨ ᠨᠠᠷᠢᠨ ᠵᠡᠭᠦᠦ ᠪᠣᠯᠵᠤ᠂ ᠰᠤᠷᠤᠭᠴᠢᠳ ᠤᠨ ᠰᠡᠳᠬᠢᠯ ᠳᠤ ᠤᠯᠤᠰ ᠭᠡᠷ ᠤᠨ ᠶᠡᠭᠡ ᠵᠢᠷᠤᠮ ᠪᠠ ᠦᠨᠳᠦᠰᠦᠲᠡᠨ ᠤ ᠬᠠᠷᠢᠭᠤᠴᠠᠯᠭ᠎ᠠ ᠶᠢᠨ ᠲᠤᠬᠠᠢ ᠲᠣᠣᠷ ᠢ ᠰᠦᠯᠵᠢᠵᠦ᠂ ᠲᠡᠳᠡᠨ ᠤ ᠢᠷᠡᠭᠡᠳᠦᠢ ᠶᠢᠨ ᠵᠠᠮ ᠳᠤ ᠪᠠᠨ ᠵᠣᠷᠢᠭᠲᠠᠢ ᠣᠷᠣᠭᠰᠢᠯᠠᠬᠤ ᠶᠢ ᠵᠢᠯᠤᠭᠤᠳᠤᠨ᠎ᠠ ᠃        ︽ᠯᠢ ᠪᠠᠭᠰᠢ ᠶᠢᠨ ᠲᠠᠶᠢᠯᠦᠮᠵᠢ ᠪᠠᠷ ᠂ ᠪᠢ ᠭᠦᠸᠧ ᠶᠦᠩ ᠬᠤᠸᠠᠢ ᠠᠪᠤᠭᠠᠢ ᠶᠢᠨ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠵᠠᠢ᠂ ᠲᠡᠷᠡ ᠴᠢᠩᠭ᠎ᠠ ᠨᠢᠮᠪᠠᠢ ᠪᠣᠳᠠᠲᠠᠢ ᠶᠢ ᠡᠷᠬᠢᠮᠯᠡᠵᠦ᠂ ᠨᠠᠷᠢᠨ ᠬᠢᠨᠠᠮᠠᠭᠠᠢ ᠬᠠᠷᠢᠭᠤᠴᠠᠵᠤ ᠂ ᠳᠠᠪᠠᠯᠭᠠᠨ ᠢ ᠰᠦᠷᠦᠨ ᠤᠷᠤᠭᠰᠢᠯᠠᠬᠤ ᠦᠭᠡᠢ ᠪᠠᠶᠢᠵᠤ᠂ ᠬᠤᠪᠢ ᠬᠥᠮᠦᠨ ᠤ ᠳᠤᠷ᠎ᠠ ᠰᠣᠨᠢᠷᠬᠠᠯ ᠢᠶᠠᠨ ᠡᠬᠡ ᠤᠯᠤᠰ ᠤᠨ ᠬᠤᠪᠢ ᠵᠠᠶᠠᠭ᠎ᠠ᠂ ᠤᠯᠤᠰ ᠣᠷᠣᠨ ᠤ ᠬᠤᠪᠢ ᠵᠠᠶᠠᠭ᠎ᠠ ᠲᠠᠢ ᠨᠢᠭᠲᠠ ᠤᠶᠠᠯᠳᠤᠭᠤᠯᠵᠠᠢ᠂ ᠲᠡᠭᠦᠨ ᠤ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠪᠣᠯᠤᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠪᠢᠳᠡ ᠬᠦᠨᠳᠦᠳᠬᠡᠨ ᠰᠤᠷᠤᠯᠴᠠᠭᠤᠰᠢᠲᠠᠢ ᠶᠤᠮ︾ ᠭᠡᠵᠦ ᠪᠣᠭᠤᠲᠤ ᠶᠢᠨ ᠠᠷᠪᠠᠨ ᠲᠠᠪᠤᠳᠤᠭᠠᠷ ᠳᠤᠮᠳᠠᠳᠤ  ᠰᠤᠷᠭᠠᠭᠤᠯᠢ ᠶᠢᠨ ᠦᠨᠳᠦᠷ ᠳᠤᠮᠳᠠᠳᠤ ᠶᠢᠨ ᠨᠢᠭᠡᠳᠦᠭᠡᠷ ᠣᠨ ᠤ ᠬᠤᠶᠠᠳᠤᠭᠠᠷ ᠠᠩᠭᠢ ᠶᠢᠨ  ᠰᠤᠷᠤᠭᠴᠢ ᠵᠢᠶᠤᠤ ᠴᠢ ᠶᠠᠨ ᠬᠡᠯᠡᠪᠡ᠃
        ᠰᠦ᠋ ᠮᠧᠩ ᠳᠣᠷᠰᠢᠯᠲᠠ ᠶᠢᠨ ᠰᠣᠷᠭᠠᠭᠤᠯᠢ ᠶᠢᠨ ᠶᠤᠰᠤᠯᠠᠯ ᠤᠨ ᠲᠠᠩᠭᠢᠮ ᠳᠤ ᠶᠠᠩ ᠳ᠋ᠠ  ᠳᠣᠩ ᠪᠠᠭᠰᠢ ᠦᠪᠦᠷ ᠮᠣᠩᠭᠤᠯ ᠤᠨ ᠨᠤᠲᠤᠭ ᠳᠡᠪᠢᠰᠬᠡᠷ ᠠᠴᠠ ᠡᠭᠦᠰᠴᠤ᠂ ᠠᠰᠠᠭᠤᠯᠲᠠ ᠶᠢᠨ ᠬᠡᠯᠪᠠᠷᠢ ᠪᠠᠷ ᠰᠢᠭᠤᠶᠢᠲᠤ ᠨᠢᠭᠡᠲᠣᠭᠡᠷ ᠳᠣᠮᠲᠠᠲᠤ ᠰᠣᠷᠭᠠᠭᠤᠯᠢ ᠪᠤᠯᠣᠠ ᠰᠦ᠋ ᠮᠧᠩ ᠳᠣᠷᠰᠢᠯᠲᠠ  ᠰᠣᠷᠭᠠᠭᠤᠯᠢ ᠶᠢᠨ ᠰᠣᠷᠣᠬᠴᠢᠣᠠ ᠢ ᠲᠠᠭᠠᠭᠤᠯᠣᠠ ᠡᠷᠳᠡᠨ ᠤ ᠠᠮᠢᠲᠤ ᠪᠤᠲᠠᠰ ᠤᠨ ᠣᠬᠠᠭᠠᠨ ᠤ ᠲᠠᠯᠠᠭᠡᠢ ᠶᠢᠷᠲᠢᠠᠴᠤ ᠳᠤ ᠠᠪᠴᠢᠷᠠᠵᠠᠢ᠃ ᠲᠡᠷᠡ ᠡᠪᠦᠭᠡ ᠠᠪᠤ ᠶᠠᠩ ᠵᠦᠩ ᠵᠢᠶᠠᠨ ᠠᠺᠠᠳᠧᠮᠢᠴᠢ ᠶᠢᠨ ᠨᠢᠭᠡ ᠨᠠᠰᠤᠨ ᠤ ᠭᠤᠶᠢᠳᠠ ᠰᠠᠶᠢᠬᠠᠨ ᠥᠩᠭᠡᠷᠡᠯᠲᠡ ᠶᠢ ᠨᠠᠷᠢᠨ ᠶᠠᠷᠢᠵᠤ᠂ ᠰᠤᠷᠤᠭᠴᠢᠳ ᠢ ᠰᠠᠶᠢᠲᠤᠷ ᠰᠤᠷᠤᠯᠴᠠᠵᠤ᠂ ᠦᠨᠡᠨ ᠢ ᠪᠠᠷᠢᠮᠲᠠᠯᠠᠨ ᠬᠠᠶᠢᠨ ᠰᠦᠪᠡᠭᠴᠢᠯᠡᠨ ᠂ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠲᠠᠭᠠᠨ ᠬᠦᠴᠦ ᠪᠠᠨ ᠡᠷᠭᠦᠬᠦ ᠶᠢ ᠵᠣᠷᠢᠭᠵᠢᠭᠤᠯᠪᠠ ᠃ ᠲᠠᠶᠢᠯᠤᠮᠵᠢ ᠳᠤ ᠣᠷᠣᠯᠴᠠᠬᠤ ᠪᠠᠷ ᠢᠷᠡᠭᠰᠡᠨ ᠰᠤᠷᠤᠭᠴᠢᠳ ᠨᠠᠷᠢᠨ ᠬᠢᠨᠠᠮᠠᠭᠠᠶ ᠰᠣᠨᠣᠰᠴᠤ᠂ ᠢᠳᠡᠪᠬᠢᠲᠡᠶ ᠬᠠᠷᠢᠯᠴᠠᠨ ᠬᠥᠳᠡᠯᠦᠯᠴᠡᠵᠦ᠂ ᠲᠤᠬᠠᠶ ᠶᠢᠨ ᠲᠠᠯᠠᠪᠤᠷ ᠤᠨ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠯ᠎ᠠ᠃        ︽ᠥᠨᠥᠳᠦᠷ ᠶᠠᠩ ᠵᠦᠩ ᠵᠢᠶᠠᠨ ᠠᠺᠠᠳᠧᠮᠢᠴᠢ ᠶᠢᠨ ᠨᠢᠭᠡ ᠨᠠᠰᠤᠨ ᠤ ᠦᠢᠯᠡ ᠠᠵᠢᠯᠯᠠᠭ᠎ᠠ ᠶᠢ ᠰᠣᠨᠣᠰᠤᠭᠠᠳ ᠪᠢ ᠶᠡᠬᠡᠳᠡ ᠰᠡᠳᠬᠢᠯ ᠬᠥᠳᠡᠯᠵᠡᠶ᠃ ᠶᠠᠩ ᠵᠦᠩ ᠵᠢᠶᠠᠨ ᠠᠺᠠᠳᠧᠮᠢᠴᠢ ᠳᠤᠮᠳᠠᠳᠤ ᠤᠯᠤᠰ ᠤᠨ ᠡᠷᠲᠡᠨ ᠤ ᠰᠡᠭᠡᠷᠲᠡᠨ ᠠᠮᠢᠲᠠᠨ ᠤ ᠤᠬᠠᠭᠠᠨ ᠤ ᠰᠠᠭᠤᠷᠢ ᠲᠠᠯᠪᠢᠭᠴᠢ ᠪᠣᠯᠤᠭᠰᠠᠨ ᠤ ᠬᠤᠪᠢ ᠳᠤ᠂ ᠨᠢᠭᠡ ᠨᠠᠰᠤ ᠪᠠᠷ ᠢᠶᠠᠨ ᠰᠢᠨᠵᠢᠯᠡᠬᠦ ᠤᠬᠠᠭᠠᠨ ᠤ ᠰᠤᠳᠤᠯᠭᠠᠨ ᠪᠠ ᠰᠤᠷᠭᠠᠨ ᠬᠥᠮᠦᠵᠢᠯ ᠤᠨ ᠲᠥᠯᠥᠭᠡ ᠵᠢᠳᠬᠦᠵᠡᠢ ᠂ ᠲᠡᠭᠦᠨ ᠤ ᠤᠯᠤᠰ ᠢᠶᠠᠨ ᠬᠠᠶᠢᠷᠠᠯᠠᠬᠤ ᠰᠡᠳᠬᠢᠯᠭᠡ ᠪᠠ ᠨᠡᠷ᠎ᠡ ᠲᠥᠷᠥ ᠶᠢ ᠬᠥᠭᠡᠭᠡᠴᠡᠯᠳᠦᠬᠦ ᠦᠭᠡᠢ ᠵᠠᠩ ᠴᠢᠨᠠᠷ ᠢ ᠪᠢᠳᠡ ᠰᠤᠷᠤᠯᠴᠠᠭᠤᠰᠢᠲᠠᠶ ᠶᠤᠮ᠃ ᠪᠠᠭᠰᠢ ᠪᠣᠯᠤᠭᠰᠠᠨ ᠤ ᠬᠤᠪᠢ ᠳᠤ᠂ ᠪᠢ ᠰᠤᠷᠤᠭᠴᠢᠳ ᠲᠤ ᠪᠠᠨ  ᠡᠨᠡ ᠬᠦ ᠤᠯᠤᠰ ᠢᠶᠠᠨ ᠬᠠᠶᠢᠷᠠᠯᠠᠬᠤ ᠵᠣᠷᠢᠭ ᠰᠠᠨᠠᠭ᠎ᠠ ᠶᠢ ᠤᠯᠠᠮᠵᠢᠯᠠᠵᠤ᠂ ᠲᠡᠳᠡᠨ ᠤ ᠬᠤᠶᠢᠰᠢᠳᠠ ᠶᠢᠨ ᠬᠥᠭᠵᠢᠯᠲᠡ ᠳᠤᠮᠳᠠ ᠡᠬᠡ ᠤᠯᠤᠰ ᠤᠨ ᠦᠢᠯᠡᠰ ᠲᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︾ ᠭᠡᠵᠦ ᠰᠦ᠋ ᠮᠧᠩ ᠳᠣᠷᠰᠢᠯᠲᠠ ᠶᠢᠨ ᠰᠣᠷᠭᠠᠭᠤᠯᠢ ᠶᠢᠨ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ ᠭᠤᠷᠪᠠᠳᠤᠭᠠᠷ ᠠᠩᠭᠢ ᠶᠢᠨ ᠪᠠᠭᠰᠢ ᠳᠠᠩ ᠷᠦ᠋ᠢ ᠬᠤᠸᠠᠨ ᠬᠡᠯᠡᠪᠡ ᠃
        ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠬᠦᠰᠡᠯ ᠬᠥᠭᠡᠭᠡᠴᠡᠯᠳᠦᠬᠦ ᠬᠥᠮᠦᠨ ᠪᠣᠯᠬᠤ ᠪᠠᠷ ᠴᠢᠷᠮᠠᠶᠢᠶ᠎ᠠ ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠤᠨ ᠬᠢᠨ ᠬᠠᠮᠢᠶ᠎ᠠ ᠪᠦᠬᠦᠢ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠰᠢᠨᠵᠢᠯᠡᠬᠦ ᠤᠬᠠᠭᠠᠨᠲᠠᠨ ᠤ ᠤᠶᠤᠨ ᠰᠠᠨᠠᠭᠠᠨ ᠤ ᠴᠢᠰᠤᠨ ᠰᠤᠳᠠᠰᠤ ᠶᠢ ᠦᠷᠭᠦᠯᠵᠢᠯᠡᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠯᠤᠰ ᠲᠠᠭᠠᠨ ᠵᠢᠳᠬᠦᠬᠦ ᠰᠡᠳᠬᠢᠯᠭᠡ ᠶᠢ ᠬᠥᠮᠦᠵᠢᠭᠦᠯᠦᠨ᠎ᠡ᠃ ᠡᠭᠦᠨ ᠤ ᠬᠠᠮᠲᠤ᠂ ᠪᠠᠶᠢᠭᠤᠯᠭ᠎ᠠ᠂ ᠰᠤᠷᠭᠠᠭᠤᠯᠢ ᠶᠢᠨ ᠬᠦᠷᠢᠶ᠎ᠡ᠂ ᠠᠵᠤ ᠠᠬᠤᠶᠢᠯᠠᠯ ᠤᠨ ᠳᠤᠮᠳᠠ ᠰᠢᠨᠵᠢᠯᠡᠬᠦ ᠤᠬᠠᠭᠠᠨ ᠰᠣᠶᠣᠯ ᠤᠨ ᠬᠥᠷᠥᠰᠥ ᠰᠢᠷᠣᠶ ᠶᠢ ᠵᠤᠵᠠᠭᠠᠳᠬᠠᠵᠤ᠂ ᠨᠡᠶᠢᠭᠡᠮ ᠳᠠᠶᠠᠭᠠᠷ ᠢ ᠬᠥᠲᠥᠯᠥᠨ ᠵᠢᠯᠣᠭᠤᠳᠴᠤ ᠪᠠᠶᠢᠭᠠᠳ ᠵᠥᠪ ᠥᠷᠲᠡᠭ ᠤᠨ ᠦᠵᠡᠯᠲᠡ ᠪᠠ ᠰᠢᠨᠵᠢᠯᠡᠬᠦ ᠤᠬᠠᠭᠠᠨᠴᠢ ᠦᠵᠡᠯᠲᠡ ᠶᠢ ᠪᠤᠢ ᠪᠣᠯᠭᠠᠨ᠎ᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号