﹇ᠪᠠᠳᠺᠠᠷ ᠰᠦᠮ᠎ᠡ ᠪᠠᠯᠭᠠᠰᠤ · ᠰᠢᠳᠢᠲᠦ ᠲᠤᠰᠬᠤᠨ﹈ ᠪᠠᠳᠺᠠᠷ ᠰᠦᠮ᠎ᠡ ᠪᠠᠯᠭᠠᠰᠤᠨ ᠤ ᠪᠠᠢ ᠼᠣᠣ ᠭᠸᠦ ᠲᠤᠰᠬᠤᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︽ᠪᠠᠭᠠᠴᠤᠳ ᠬᠡᠦᠬᠡᠳ ᠤᠨ ᠰᠡᠳᠭᠢᠯ ᠨᠠᠮ ᠳᠤ ᠪᠠᠨ · ᠪᠢ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠣᠶᠢᠵᠢᠬᠤ︾ ᠭᠤᠣᠯ ᠰᠡᠳᠦᠪᠲᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2025/5/21
        ᠵᠠᠯᠠᠭᠤᠴᠤᠳ ᠪᠠᠭᠠᠴᠤᠳ ᠤᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠭᠠᠷᠭᠠᠭᠰᠠᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠪᠠ ᠳᠡᠭᠡᠳᠦ ᠱᠠᠲᠤᠨ ᠤ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠨᠡᠶᠢᠭᠡᠮ ᠵᠢᠷᠤᠮ ᠤᠨ ᠵᠥᠪ ᠭᠤᠤᠯᠯᠠᠭᠴᠢ ᠥᠷᠲᠡᠭ ᠤᠨ ᠦᠵᠡᠯᠲᠡ ᠶᠢ ᠬᠦᠴᠦᠯᠡᠨ ᠳᠡᠭᠡᠭᠰᠢᠯᠡᠭᠦᠯᠵᠦ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠬᠤ ᠡᠷᠡᠭᠦᠯ ᠮᠡᠨᠳᠦ ᠶᠢᠨ ᠲᠠᠪᠴᠠᠩ ᠢ ᠪᠣᠶ ᠪᠣᠯᠭᠠᠬᠤ ᠶᠢᠨ ᠲᠦᠯᠦᠭᠡ᠂ 5 ᠳ᠋ᠤᠭᠠᠷ ᠰᠠᠷ᠎ᠠ ᠶᠢᠨ 17 ᠤ ᠡᠳᠦᠷ᠂ ᠪᠠᠳᠺᠠᠷ ᠰᠦᠮ᠎ᠡ ᠪᠠᠯᠭᠠᠰᠤᠨ ᠤ ᠪᠠᠢ ᠼᠣᠣ ᠭᠧᠦ ᠲᠣᠰᠬᠤᠨ ᠤ ᠬᠤᠶᠢᠴᠢ ᠦᠶ᠎ᠡ  ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠰᠢᠭᠤᠶᠢᠲᠤ ᠶᠢᠨ ᠰᠢᠭᠤᠶᠢᠲᠤ  ᠪᠠᠭᠠᠴᠤᠳ ᠤᠨ ᠣᠷᠳᠣᠨ ᠲᠠᠢ ᠬᠠᠮᠲᠤᠷᠠᠨ᠂ ︽ᠪᠠᠭᠠᠴᠤᠳ ᠬᠡᠦᠬᠡᠳ ᠤᠨ ᠰᠡᠳᠭᠢᠯ ᠨᠠᠮ ᠳᠤ ᠪᠠᠨ  · ᠪᠢ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠣᠶᠢᠵᠢᠬᠤ ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠪᠠᠳᠺᠠᠷ ᠰᠦᠮ᠎ᠡ ᠪᠠᠯᠭᠠᠰᠤᠨ ᠤ ᠠᠮᠤᠷ ᠢ ᠬᠠᠮᠠᠭᠠᠯᠠᠬᠤ ᠥᠷᠲᠡᠭᠡ ᠶᠢᠨ ᠬᠡᠦᠬᠡᠳ ᠤᠨ ᠬᠢᠨᠠᠨ ᠵᠢᠯᠣᠭᠤᠳᠤᠭᠴᠢ ᠵᠣᠣ ᠰᠢᠶᠤᠤ ᠵᠢᠦᠸᠠᠨ ᠵᠢᠴᠢ 5 ︽ᠲᠠᠪᠤᠨ ᠠᠬᠠᠮᠠᠳ︾ ᠬᠥᠮᠦᠰ ᠠᠵᠢᠯᠯᠠᠭ᠎ᠠ ᠳᠤ ᠣᠷᠣᠯᠴᠠᠪᠠ᠃        ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠬᠦᠷ ᠬᠦᠭᠵᠢᠶᠡᠨ ᠪᠢᠯᠬᠠᠵᠤ ᠂ ᠪᠠᠭᠠᠴᠤᠳ ᠬᠡᠦᠬᠡᠳ ︽ᠬᠤᠶᠠᠷ ᠬᠥᠮᠦᠨ ᠭᠤᠷᠪᠠᠨ ᠬᠦᠯ ︾᠂ ᠲᠣᠭᠠᠨ ᠤ ᠤᠬᠠᠭᠠᠨ ᠤ ᠵᠦᠢᠴᠢᠯᠡᠯ᠂ ᠪᠡᠶ᠎ᠡ ᠮᠠᠬᠠᠪᠤᠳ ᠢᠶᠠᠷ ᠢᠶᠠᠨ ᠦᠰᠦᠭ ᠪᠢᠴᠢᠬᠦ᠂ ᠵᠢᠵᠢᠭ ᠲᠡᠷᠭᠡ ᠵᠢᠯᠣᠭᠤᠳᠬᠤ᠂ ᠬᠥᠯ ᠪᠥᠮᠪᠦᠭᠡ ᠶᠢᠨ ᠬᠠᠷᠰᠢ ᠰᠠᠭᠠᠳ ᠤᠨ ᠤᠷᠤᠯᠳᠤᠭᠠᠨ ᠵᠡᠷᠭᠡ ᠲᠣᠭᠯᠠᠭᠠᠮ ᠤᠨ ᠳᠤᠮᠳᠠ ᠤᠷᠮ᠎ᠠ ᠵᠣᠷᠢᠭ ᠣᠷᠭᠢᠯᠤᠨ ᠪᠠᠳᠠᠷᠠᠵᠤ᠂ ᠨᠠᠷᠢᠨ ᠨᠢᠮᠪᠠᠢ ᠲᠥᠯᠥᠪᠯᠡᠭᠰᠡᠨ ᠲᠣᠭᠯᠠᠭᠠᠮ ᠤᠨ ᠭᠤᠭᠴᠤᠭ᠎ᠠ ᠪᠠᠷ ᠳᠠᠮᠵᠢᠭᠤᠯᠤᠨ᠂ ᠪᠠᠭᠠᠴᠤᠳ ᠬᠡᠦᠬᠡᠳ ᠤᠨ ᠡᠬᠡ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠴᠢᠩ ᠦᠨᠡᠨᠴᠢ ᠰᠡᠳᠬᠢᠯᠭᠡ ᠶᠢ ᠦᠨᠡᠨ ᠬᠦ ᠬᠥᠭᠵᠢᠭᠡᠵᠦ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠵᠥᠪ ᠦᠷᠳᠡᠭ ᠤᠨ ᠦᠵᠡᠯᠲᠡ ᠪᠠ ᠠᠮᠢᠳᠤᠷᠠᠬᠤᠢ ᠶᠢᠨ ᠦᠵᠡᠯᠲᠡ ᠶᠢ ᠪᠤᠢ ᠪᠣᠯᠭᠠᠵᠤ᠂ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠨᠡᠮᠡᠷᠢᠯᠡᠪᠡ᠃
        ᠠᠵᠢᠯᠯᠠᠭ᠎ᠠ ᠶᠢᠨ ᠶᠠᠪᠤᠴᠠ ᠳᠤ᠂ ︽ᠲᠠᠪᠤᠨ ᠠᠬᠠᠮᠠᠳ︾ ᠬᠥᠮᠦᠰ ᠪᠠᠰᠠ ᠪᠠᠭᠠᠴᠤᠳ ᠬᠡᠤᠬᠡᠳ ᠲᠤ ᠨᠠᠷᠢᠨ ᠨᠢᠮᠪᠠᠶ ᠪᠡᠯᠡᠳᠬᠡᠭᠰᠡᠨ ᠵᠢᠵᠢᠭ ᠪᠡᠯᠡᠭ ᠬᠦᠷᠭᠡᠵᠡᠶ᠂ ᠲᠡᠳᠡ᠂ ︽6 · 1  ︾ ᠤ ᠬᠡᠤᠬᠡᠳ ᠤᠨ ᠪᠠᠶᠠᠷ ᠬᠦᠷᠴᠦ ᠢᠷᠡᠬᠦ ᠲᠠᠰᠢᠷᠠᠮ ᠳᠤ᠂ ᠠᠪᠤ ᠡᠵᠢ ᠲᠠᠢ ᠪᠠᠨ ᠬᠠᠮᠲᠤ ᠪᠠᠷ ᠡᠶᠢᠮᠦ ᠪᠠᠶᠠᠯᠢᠭ ᠰᠠᠶᠢᠬᠠᠨ᠂ ᠤᠳᠬ᠎ᠠ ᠠᠭᠤᠯᠭ᠎ᠠ ᠲᠠᠢ ᠠᠵᠢᠯᠯᠠᠭ᠎ᠠ ᠳᠤ ᠣᠷᠣᠯᠴᠠᠵᠤ᠂ ᠮᠠᠰᠢ ᠪᠠᠶᠠᠷ ᠲᠠᠢ ᠪᠠᠶᠢᠨ᠎ᠠ ᠭᠡᠵᠦ ᠢᠯᠡᠳᠬᠡᠵᠡᠭᠡᠪᠡ᠃
图片6.png
        ᠲᠣᠰ ᠤᠳᠠᠭᠠᠨ ᠤ ︽ᠪᠠᠭᠠᠴᠤᠳ ᠬᠡᠦᠬᠡᠳ ᠤᠨ ᠰᠡᠳᠭᠢᠯ ᠨᠠᠮ ᠳᠤ ᠪᠠᠨ · ᠪᠢ ᠡᠬᠡ ᠤᠯᠤᠰ ᠲᠠᠢ ᠪᠠᠨ ᠬᠠᠮᠲᠤ ᠪᠠᠷ ᠦᠰᠦᠨ ᠪᠣᠶᠢᠵᠢᠬᠤ ︾ ᠭᠤᠤᠯ ᠰᠡᠳᠦᠪᠲᠦ ᠠᠵᠢᠯᠯᠠᠭ᠎ᠠ ᠨᠢ ᠪᠠᠭᠠᠴᠤᠳ ᠬᠡᠤᠬᠡᠳ ᠪᠣᠯᠤᠨ ᠭᠡᠷ ᠤᠨ ᠠᠬᠠᠮᠠᠳ ᠲᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠪᠠᠶᠠᠷ ᠪᠠᠶᠠᠰᠬᠤᠯᠠᠩᠲᠤ ᠴᠠᠭ ᠮᠥᠴᠡ ᠶᠢ ᠬᠠᠮᠲᠤ ᠪᠠᠷ ᠦᠩᠭᠡᠷᠡᠭᠦᠯᠬᠦ ᠠᠵᠠ ᠲᠣᠬᠢᠶᠠᠯ ᠬᠠᠩᠭᠠᠵᠤ᠂ ᠡᠴᠢᠭᠡ ᠡᠬᠡ ᠦᠷ᠎ᠡ ᠬᠡᠦᠬᠡᠳ ᠤᠨ ᠬᠤᠭᠤᠷᠤᠨᠳᠤᠬᠢ ᠬᠠᠮᠵᠢᠯᠴᠠᠭ᠎ᠠ ᠶᠢ  ᠴᠢᠩᠭᠠᠳᠬᠠᠭᠰᠠᠨ ᠢᠶᠠᠷ ᠪᠠᠷᠠᠬᠤ ᠥᠬᠡᠶ᠂ ᠨᠠᠩ ᠴᠤ ᠪᠠᠭᠠᠴᠤᠳ ᠬᠡᠤᠬᠡᠳ ᠲᠤ ᠪᠠᠶᠠᠷ ᠪᠠᠶᠠᠰᠤᠯ ᠤᠨ ᠳᠤᠮᠳᠠ ᠨᠠᠮ ᠪᠣᠯᠤᠨ ᠤᠯᠤᠰ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠪᠡ᠃ ᠳᠠᠷᠠᠭᠠᠴᠢ ᠶᠢᠨ ᠠᠯᠬᠤᠮ ᠳᠤ᠂ ᠪᠠᠳᠺᠠᠷ ᠰᠦᠮ᠎ᠡ ᠪᠠᠯᠭᠠᠰᠤ ᠦᠷᠭᠦᠯᠵᠢᠯᠡᠨ ᠪᠠᠶᠠᠯᠢᠭ ᠤᠯᠠᠨ ᠶᠠᠩᠵᠤ ᠶᠢᠨ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠡᠯ᠎ᠡ ᠵᠦᠢᠯ ᠤᠨ ᠠᠵᠢᠯ ᠢ ᠭᠦᠨᠵᠡᠭᠡᠢ ᠠᠬᠢᠭᠤᠯᠵᠤ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠳᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠦᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号