ᠰᠢᠭᠤᠶᠢᠲᠤ ᠵᠡᠭᠡᠯᠢ ᠭᠤᠳᠤᠮᠵᠢ ᠳᠣᠲᠣᠭᠠᠳᠤ ᠪᠠᠶᠢᠭᠤᠯᠤᠮᠵᠢ ᠵᠢᠴᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠬᠤ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/21
        ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠠᠵᠢᠯᠲᠠᠨ ᠤ ᠠᠵᠢᠯ ᠤᠨ ᠬᠤᠪᠢᠶᠠᠷᠢᠯᠠᠯ ᠢ ᠰᠢᠯᠢᠳᠡᠭᠵᠢᠭᠦᠯᠬᠦ ᠶᠢᠨ ᠲᠥᠯᠥᠭᠡ᠂ 2025 ᠣᠨ ᠤ 5 ᠳ᠋ᠤᠭᠠᠷ ᠰᠠᠷ᠎ᠠ ᠶᠢᠨ 19 ᠤ ᠡᠳᠦᠷ᠂ ᠰᠢᠭᠤᠶᠢᠲᠤ ᠵᠡᠭᠡᠯᠢ ᠭᠤᠳᠤᠮᠵᠢ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠳᠣᠲᠣᠭᠠᠳᠤ ᠪᠠᠶᠢᠭᠤᠯᠤᠮᠵᠢ ᠵᠢᠴᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠡᠮᠬᠢᠯᠡᠨ ᠲᠣᠳᠣᠷᠬᠠᠶᠢᠯᠠᠪᠠ᠃ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠪᠦᠬᠦ ᠠᠵᠢᠯᠲᠠᠳ ᠬᠤᠷᠠᠯ ᠳᠤ ᠣᠷᠣᠯᠴᠠᠪᠠ᠃        ᠬᠤᠷᠠᠯ ᠳᠡᠭᠡᠷ᠎ᠡ᠂ ᠰᠢᠨ᠎ᠡ ᠪᠠᠷ ᠳᠠᠷᠤᠮᠠᠯᠯᠠᠨ ᠲᠠᠷᠬᠠᠭᠠᠭᠰᠠᠨ ︽ᠰᠢᠭᠤᠶᠢᠲᠤ ᠵᠡᠭᠡᠯᠢ ᠭᠤᠳᠤᠮᠵᠢ ᠶᠢᠨ ᠳᠣᠲᠣᠭᠠᠳᠤ ᠪᠠᠶᠢᠭᠤᠯᠤᠮᠵᠢ ᠵᠢᠴᠢ ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠲᠤᠬᠠᠶ ᠮᠡᠳᠡᠭᠳᠡᠯ︾ ᠳᠤ ᠨᠠᠷᠢᠨ ᠲᠠᠶᠢᠯᠤᠮᠵᠢ ᠬᠢᠵᠦ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠵᠢᠯ ᠤᠨ ᠪᠠᠶᠢᠷᠢ ᠶᠢᠨ ᠠᠵᠢᠯᠲᠠᠨ ᠢ ᠲᠣᠳᠣᠷᠬᠠᠶᠢᠯᠠᠵᠤ᠂ ᠬᠥᠮᠦᠨ ᠲᠣᠭᠲᠠᠭᠠᠬᠤ᠂ ᠠᠵᠢᠯ ᠤᠨ ᠪᠠᠶᠢᠷᠢ ᠶᠢ ᠲᠣᠭᠲᠠᠭᠠᠬᠤ᠂ ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ ᠶᠢ ᠪᠡᠶᠡᠯᠡᠭᠦᠯᠵᠦ᠂ ᠬᠤᠶᠢᠰᠢᠳᠠ ᠶᠢᠨ ᠠᠵᠢᠯ ᠤᠨ ᠡᠮᠬᠢ ᠵᠢᠷᠤᠮ ᠲᠠᠢ ᠥᠷᠨᠢᠭᠦᠯᠬᠦ ᠳᠤ ᠰᠠᠭᠤᠷᠢ ᠶᠢ ᠪᠠᠲᠤ ᠲᠠᠯᠪᠢᠪᠠ᠃ ᠰᠢᠭᠤᠶᠢᠲᠤ ᠵᠡᠭᠡᠯᠢ ᠭᠤᠳᠤᠮᠵᠢ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠬᠠᠰᠠ ᠳ᠋ᠦᠩᠨᠡᠯᠲᠡ ᠶᠢᠨ ᠶᠠᠷᠢᠶᠠᠨ ᠳᠠᠭᠠᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠤᠬᠠᠶ ᠳᠥᠷᠪᠡᠨ ᠲᠠᠯ᠎ᠠ ᠶᠢᠨ ᠪᠣᠳᠠᠲᠠᠶ ᠱᠠᠭᠠᠷᠳᠠᠯᠭ᠎ᠠ ᠳᠤᠷᠠᠳᠪᠠ᠄        ᠨᠢᠭᠡ ᠳᠤ ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠭᠤᠣᠯ ᠠᠭᠤᠯᠭ᠎ᠠ ᠶᠢ ᠡᠵᠡᠮᠰᠢᠨ ᠲᠣᠬᠢᠷᠠᠭᠤᠯᠬᠤ ᠬᠡᠷᠡᠭᠲᠡᠢ ᠃ ᠪᠥᠬᠦ ᠬᠥᠮᠦᠰ ᠲᠣᠰ ᠤᠳᠠᠭᠠᠨ ᠤ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠰᠢᠯᠢᠳᠡᠭᠵᠢᠭᠦᠯᠦᠨ ᠲᠣᠬᠢᠷᠠᠭᠤᠯᠬᠤ ᠪᠣᠯ ᠵᠡᠭᠡᠯᠢ ᠭᠤᠳᠤᠮᠵᠢ ᠶᠢᠨ ᠬᠥᠭᠵᠢᠯᠲᠡ ᠶᠢᠨ ᠰᠢᠨ᠎ᠡ ᠪᠠᠶᠢᠳᠠᠯ ᠳᠤ ᠵᠣᠬᠢᠴᠠᠬᠤ᠂ ᠠᠵᠢᠯ ᠢ ᠵᠣᠯᠭᠠᠭᠤᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠶ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠰᠢᠨ᠎ᠡ ᠠᠵᠢᠯ ᠤᠨ ᠪᠠᠶᠢᠷᠢ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠢᠯᠲᠠᠨ ᠤ ᠲᠣᠬᠢᠷᠠᠭᠤᠯᠤᠯᠲᠠ ᠪᠠ ᠲᠤᠬᠠᠶᠢᠯᠠᠭᠰᠠᠨ ᠠᠵᠢᠯ ᠢ ᠠᠬᠢᠭᠤᠯᠬᠤ ᠶᠢ ᠵᠡᠷᠭᠡᠪᠡᠷ ᠠᠬᠢᠭᠤᠯᠬᠤ ᠶᠢ ᠪᠠᠲᠤᠯᠠᠬᠤ ᠬᠡᠷᠡᠭᠲᠡᠶ᠃        ᠬᠤᠶᠠᠷ ᠲᠤ ᠂ ᠲᠤᠰᠢᠶᠠᠬᠤ ᠪᠠ ᠭᠥᠯᠢᠶᠡᠨ ᠠᠪᠬᠤ ᠶᠠᠪᠤᠴᠠ ᠶᠢ ᠵᠢᠷᠤᠮᠵᠢᠭᠤᠯᠵᠤ᠂ ᠠᠵᠢᠯ ᠢ ᠵᠣᠯᠭᠠᠭᠤᠯᠬᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠃ ᠡᠯ᠎ᠡ ᠠᠵᠢᠯ ᠤᠨ ᠪᠠᠶᠢᠷᠢ ᠶᠢᠨ ᠠᠵᠢᠯᠲᠠᠳ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠤᠤᠯ ᠤᠨ ᠠᠵᠢᠯ ᠤᠨ ᠪᠠᠶᠢᠷᠢ ᠶᠢᠨ ᠠᠵᠢᠯᠲᠠᠳ ᠲᠠᠢ ᠦᠳᠲᠡᠷ ᠲᠦᠷᠭᠡᠨ ᠠᠵᠢᠯ ᠢᠶᠠᠨ ᠵᠠᠯᠭᠠᠨ ᠠᠪᠴᠤ ᠲᠤᠰᠢᠶᠠᠬᠤ ᠪᠠ ᠭᠥᠯᠢᠶᠡᠨ ᠠᠪᠬᠤ ᠶᠢ ᠰᠠᠶᠢᠲᠤᠷ ᠬᠢᠵᠦ᠂ ᠭᠠᠷ ᠲᠠᠯ᠎ᠠ ᠶᠢᠨ ᠠᠵᠢᠯ᠂ ᠠᠵᠢᠯ ᠤᠨ ᠬᠤᠯᠪᠤᠭ᠎ᠠ ᠶᠢᠨ ᠬᠠᠮᠢᠶᠠᠷᠤᠯᠲᠠ ᠂ ᠲᠠᠩᠰᠠ ᠡᠪᠬᠡᠮᠡᠯ ᠤᠨ ᠮᠠᠲ᠋ᠧᠷᠢᠶᠠᠯ᠂ ᠲᠣᠭᠲᠠᠮᠠᠯ ᠬᠥᠷᠥᠩᠭᠡ ᠵᠢᠴᠢ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠵᠡᠷᠭᠡ ᠶᠢ ᠬᠠᠮᠤᠷᠴᠤ᠂ ᠣᠨᠴᠠᠭᠠᠶᠢᠯᠠᠨ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠬᠤ ᠬᠠᠮᠢᠶ᠎ᠠ ᠪᠥᠬᠦᠶ ᠠᠵᠢᠯ ᠢ ᠡᠷᠬᠡᠪᠰᠢ ᠵᠠᠪᠰᠠᠷ ᠥᠬᠡᠶ ᠵᠣᠯᠭᠠᠭᠤᠯᠬᠤ ᠶᠢ ᠪᠠᠲᠤᠯᠠᠵᠤ᠂ ᠲᠠᠩᠰᠠ ᠲᠠᠰᠤᠯᠬᠤ ᠪᠠ ᠲᠠᠩᠰᠠ ᠲᠠᠶᠢᠯᠬᠤ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃        ᠭᠤᠷᠪᠠ ᠳᠤ ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠠᠮᠵᠢᠯᠴᠠᠨ ᠠᠬᠢᠭᠤᠯᠬᠤ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ ᠃ ︽ᠨᠠᠷᠢᠨ ᠳᠠᠩᠰᠠᠵᠢᠭᠤᠯᠬᠤ᠂ ᠬᠠᠷᠢᠭᠤᠴᠠᠯᠭᠠᠵᠢᠭᠤᠯᠬᠤ︾ ᠪᠠᠷ ᠭᠠᠷᠳᠠᠴᠠ ᠪᠣᠯᠭᠠᠵᠤ᠂ ᠡᠮᠦᠨᠡᠬᠢ ᠬᠤᠭᠤᠴᠠᠭᠠᠨ ᠳᠤ ᠪᠡᠶᠡᠯᠡᠭᠦᠯᠦᠭᠰᠡᠨ ᠵᠡᠭᠡᠯᠢ ᠭᠤᠳᠤᠮᠵᠢ ᠶᠢᠨ ᠠᠵᠢᠯ ᠤᠨ ᠨᠠᠷᠢᠨ ᠳᠠᠩᠰᠠ ᠶᠢ ᠪᠣᠳᠠᠲᠠᠶ ᠠᠵᠢᠯᠯᠠᠭᠠᠨ ᠤ ᠭᠠᠷ ᠳᠡᠪᠲᠡᠷ ᠪᠣᠯᠭᠠᠨ ᠬᠤᠪᠢᠷᠠᠭᠤᠯᠵᠤ᠂ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠠᠵᠢᠯᠲᠠᠨ ᠤ ᠭᠠᠷ ᠲᠤ ᠳᠠᠷᠤᠮᠠᠯᠯᠠᠨ ᠲᠠᠷᠬᠠᠭᠠᠵᠤ᠂ ︽ᠠᠬᠠᠮᠠᠳ  ᠨᠢ ᠰᠢᠨ᠎ᠡ ᠶᠢ ᠳᠠᠭᠠᠭᠤᠯᠬᠤ︾ ᠬᠠᠪᠰᠤᠷᠤᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠰᠢᠨ᠎ᠡ ᠪᠠᠷ ᠠᠵᠢᠯ ᠳᠤ ᠣᠷᠣᠬᠤ ᠬᠥᠮᠦᠰ ᠤᠨ ᠠᠵᠢᠯ ᠤᠨ ᠴᠤᠪᠤᠷᠠᠯ ᠢ ᠲᠦᠷᠭᠡᠨ ᠣᠶᠢᠯᠠᠭᠠᠬᠤ ᠳᠤ ᠬᠦᠴᠦᠨ ᠨᠡᠮᠡᠷᠢᠯᠡᠵᠦ᠂ ᠨᠠᠷᠢᠨ ᠬᠠᠭᠤᠳᠠᠰᠤ ᠶᠢᠨ ᠶᠣᠰᠣᠭᠠᠷ ᠪᠠᠶᠢᠩᠭᠤ ᠶᠢᠨ ᠴᠢᠨᠠᠷ ᠵᠢᠴᠢ ᠭᠤᠤᠯᠳᠠᠯᠭ᠎ᠠ ᠪᠣᠯᠬᠤ ᠠᠵᠢᠯ ᠢ ᠳᠥᠯᠭᠢᠨ ᠠᠬᠢᠭᠤᠯᠬᠤ ᠬᠡᠷᠡᠭᠲᠡᠶ︔ ᠲᠣᠣᠷᠵᠢᠯ ᠤᠨ ᠠᠵᠢᠯᠲᠠᠨ ᠬᠢᠭᠡᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠤ ᠲᠣᠬᠢᠷᠠᠭᠤᠯᠤᠯᠲᠠ ᠬᠢᠬᠦ ᠠᠵᠢᠯ ᠢ ᠵᠡᠷᠭᠡᠪᠡᠷ ᠪᠡᠶᠡᠯᠡᠭᠦᠯᠵᠦ᠂ ᠰᠢᠨ᠎ᠡ ᠪᠠᠷ ᠠᠵᠢᠯ ᠳᠤ ᠤᠷᠤᠭᠰᠠᠨ ᠬᠥᠮᠦᠰ ᠢ ᠴᠠᠭ ᠲᠤᠬᠠᠶ ᠳᠤᠨᠢ ᠲᠣᠣᠷᠵᠢᠯ ᠤᠨ ᠬᠠᠮᠢᠶᠠᠷᠤᠯᠲᠠ ᠳᠤ ᠣᠷᠣᠭᠤᠯᠵᠤ᠂ ᠲᠣᠣᠷᠵᠢᠯ ᠤᠨ ᠠᠵᠢᠯᠲᠠᠨ ᠤ ᠡᠩᠨᠡᠭᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠨᠣᠪᠴᠢ ᠶᠢᠨ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠎ᠡ᠃        ᠲᠦᠷᠪᠡ ᠳᠤ ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠠᠬᠢᠯᠭ᠎ᠠ ᠪᠠᠲᠤ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠬᠤ ᠬᠡᠷᠡᠭᠲᠡᠢ ᠃ ︽ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠭᠤᠰᠢᠯᠠᠭᠤᠯᠬᠤ  ︾ ᠪᠠᠷ ᠠᠵᠠ ᠲᠣᠬᠢᠶᠠᠯ ᠪᠣᠯᠭᠠᠵᠤ᠂ ︽ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠭᠦᠨᠵᠡᠭᠡᠶᠢᠷᠡᠭᠦᠯᠦᠨ᠎ᠡ᠃ ᠨᠠᠮ ᠤᠨ ᠭᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠦᠷᠦᠭᠦᠯᠡᠨ ᠰᠠᠬᠢᠯᠭ᠎ᠠ ᠪᠠᠲᠤ ᠶᠢ ᠵᠢᠷᠤᠮᠯᠠᠵᠤ᠂ ᠰᠤᠷᠲᠠᠯ ᠢᠶᠠᠨ ᠰᠠᠶᠢᠵᠢᠷᠠᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠭᠰᠠᠨ ᠰᠤᠷᠤᠯᠴᠠᠯᠭ᠎ᠠ ᠬᠥᠮᠦᠵᠢᠯ ᠤᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠢ ᠬᠠᠰᠢ ᠶᠠᠰᠢ ᠥᠩᠭᠡᠷᠡᠭᠦᠯᠬᠦ ᠥᠬᠡᠶ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠠᠮ ᠵᠠᠰᠠᠭ ᠤᠨ ᠠᠯᠪᠠᠨ ᠬᠡᠷ ᠨᠢ ᠣᠲᠣ ᠶᠢᠨ ᠪᠠᠶᠢᠭ᠎ᠠ ᠲᠦᠷᠢᠮ ᠲᠣᠭᠲᠠᠭᠠᠯ ᠢ ᠰᠢᠰᠲ᠋ᠧᠮ ᠲᠠᠢ ᠡᠮᠬᠢᠯᠡᠵᠦ᠂ ᠵᠢᠷᠤᠮᠵᠢᠯ ᠲᠠᠢ ᠪᠦᠷᠢᠨ ᠲᠡᠭᠦᠯᠳᠡᠷ ᠲᠦᠷᠢᠮ ᠤᠨ ᠡᠮᠬᠢᠳᠬᠡᠯ ᠢ ᠪᠣᠶ ᠪᠣᠯᠭᠠᠵᠤ᠂ ᠭᠤᠤᠯᠳᠠᠭᠤ ᠴᠢᠯᠥᠭᠡ ᠭᠤᠶᠤᠬᠤ᠂ ᠠᠵᠢᠯ ᠳᠤ ᠭᠠᠷᠬᠤ ᠶᠢ ᠰᠢᠯᠭᠠᠨ ᠬᠢᠨᠠᠬᠤ ᠵᠡᠷᠭᠡ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠲᠠᠯ᠎ᠠ ᠪᠠᠷ ᠠᠵᠢᠯ ᠤᠨ ᠬᠤᠯᠪᠤᠭ᠎ᠠ ᠪᠠᠷ ᠳᠠᠮᠵᠢᠭᠤᠯᠤᠨ ᠲᠦᠷᠢᠮ ᠤᠨ ᠭᠤᠤᠯᠳᠠᠯᠭ᠎ᠠ ᠶᠢ ᠴᠠᠭ ᠲᠤᠬᠠᠶ ᠳᠤᠨᠢ ᠬᠦᠷᠭᠡᠵᠦ᠂ ᠡᠳᠦᠷ ᠲᠤᠲᠤᠮ ᠤᠨ ᠰᠤᠷᠤᠯᠴᠠᠯᠭ᠎ᠠ ᠰᠠᠨᠠᠭᠤᠯᠤᠮᠵᠢ ᠶᠢ ᠴᠢᠩᠭᠠᠳᠬᠠᠬᠤ ᠬᠡᠷᠡᠭᠲᠡᠶ︔ ᠨᠥᠭᠦᠭᠡ ᠲᠠᠯ᠎ᠠ ᠪᠠᠷ ᠡᠮᠬᠢᠳᠬᠡᠨ ᠳᠡᠪᠲᠡᠷᠯᠡᠭᠰᠡᠨ ᠲᠦᠷᠢᠮ ᠤᠨ ᠲᠣᠪᠬᠢᠮᠠᠯ ᠢ ᠠᠵᠢᠯᠲᠠᠨ ᠨᠢᠭᠡᠪᠦᠷᠢ ᠳᠤ ᠳᠠᠷᠤᠮᠠᠯᠯᠠᠨ ᠲᠠᠷᠬᠠᠭᠠᠵᠤ᠂ ᠴᠠᠭ ᠲᠤᠬᠠᠶ ᠳᠤᠨᠢ ᠪᠠᠶᠢᠴᠠᠭᠠᠨ ᠦᠵᠡᠵᠦ ᠰᠤᠷᠤᠯᠴᠠᠬᠤ ᠳᠤ ᠲᠥᠬᠦᠮ ᠪᠣᠯᠭᠠᠵᠤ᠂ ᠡᠯ᠎ᠡ ᠵᠦᠢᠯ ᠤᠨ ᠰᠠᠬᠢᠯᠭ᠎ᠠ ᠪᠠᠲᠤ ᠲᠣᠭᠲᠠᠭᠠᠯ ᠤᠨ ᠵᠠᠪᠠᠯ ᠬᠡᠷᠡᠭᠵᠢᠭᠦᠯᠬᠦ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ 
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号