ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢᠨ | ᠤᠬᠠᠮᠰᠠᠷ ᠢ ᠴᠢᠩᠭᠠᠳᠬᠠᠬᠤ ᠶᠢᠨ ᠲᠤᠰᠠᠳᠠ᠂ ᠣᠶᠢᠷ᠎ᠠ ᠳᠤ ᠂ ᠰᠢᠭᠤᠶᠢᠲᠤ ᠵᠡᠭᠡᠯᠢ ᠭᠤᠳᠤᠮᠵᠢ ᠶᠢᠨ | ᠵᠠᠯᠠᠭᠤᠴᠤᠳ ᠤᠨ ᠣᠨᠣᠯ ᠤᠨ ᠰᠤᠷᠤᠯᠴᠠᠬᠤ ᠳᠤᠭᠤᠢᠯᠠᠩ ᠨᠢ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠠᠮᠲᠤ ᠶᠢᠨ ᠰᠤᠷᠤᠯᠴᠠᠯᠭ᠎ᠠ ᠶᠢᠨ | ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠯᠠᠭᠤ ᠺᠠᠳ᠋ᠷᠴᠤᠳ ᠤᠨ ᠰᠠᠬᠢᠯᠭ᠎ᠠ ᠪᠠᠲᠤ ᠶᠢᠨ ᠤᠬᠠᠮᠰᠠᠷ ᠪᠠ | ᠶᠣᠰᠣ ᠳᠦᠷᠢᠮ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ ᠂ ᠠᠵᠢᠯ ᠤᠨ ᠰᠤᠷᠲᠠᠯ ᠢᠶᠠᠨ ᠦᠨᠡᠨ ᠬᠦ | ᠰᠠᠶᠢᠵᠢᠷᠠᠭᠤᠯᠪᠠ ᠃ | | ᠬᠤᠷᠠᠯ ᠳᠡᠭᠡᠷ᠎ᠡ᠂ ᠪᠦᠬᠦ ᠵᠠᠯᠠᠭᠤ ᠺᠠᠳ᠋ᠷᠴᠤᠳ ︽ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠲᠡᠭᠦᠪᠦᠷᠢ︾ ᠪᠣᠯᠤᠨ ᠲᠥᠪ ᠤᠨ ᠨᠠᠢᠮᠠᠨ | ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠰᠤᠷᠤᠯᠴᠠᠭᠰᠠᠨ ᠪᠥᠭᠡᠳ ᠭᠠᠵᠠᠷ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠰᠠᠬᠢᠯᠭ᠎ᠠ ᠪᠠᠲᠤ | ᠬᠠᠤᠯᠢ ᠴᠠᠭᠠᠵᠠ ᠶᠢ ᠵᠥᠷᠢᠴᠡᠭᠰᠡᠨ ᠬᠤᠯᠪᠣᠭᠳᠠᠯ ᠪᠦᠬᠦᠢ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠰᠣᠩᠭᠤᠨ | ᠭᠦᠨᠵᠡᠭᠡᠢ ᠵᠠᠳᠠᠯᠵᠤ᠂ ᠶᠠᠮᠠᠷ ᠶᠠᠮᠠᠷ ᠦᠢᠯᠡ ᠠᠵᠢᠯᠯᠠᠭ᠎ᠠ ᠪᠣᠯ ᠶᠠᠭᠠᠬᠢᠭᠰᠠᠨ ᠴᠤ ᠬᠥᠨᠳᠡᠵᠦ ᠪᠣᠯᠤᠰᠢ ᠦᠭᠡᠢ ᠤᠯᠠᠭᠠᠨ | ᠱᠤᠭᠤᠮ ᠪᠣᠯᠬᠤ ᠶᠢ ᠲᠣᠳᠤᠷᠬᠠᠶᠢᠯᠠᠵᠤ ᠂ ᠵᠠᠯᠠᠭᠤ ᠺᠠᠳ᠋ᠷᠴᠤᠳ ᠤᠨ ᠲᠡᠭᠦᠨ ᠤ ᠳᠤᠮᠳᠠ ᠠᠴᠠ ᠰᠤᠷᠭᠠᠮᠵᠢ ᠠᠪᠬᠤ ᠶᠢ | ᠬᠦᠲᠦᠯᠦᠨ ᠵᠢᠯᠤᠭᠤᠳᠴᠤ ᠂ ᠴᠡᠭᠡᠷᠯᠡᠯ ᠪᠣᠯᠭᠠᠵᠤ᠂ ᠵᠠᠯᠠᠭᠤ ᠺᠠᠳ᠋ᠷᠴᠤᠳ ᠲᠤ ᠠᠷᠢᠭᠤᠨ ᠴᠢᠬᠡᠴᠢ ᠪᠠᠷ ᠪᠡᠶ᠎ᠡ ᠪᠠᠨ | ᠪᠠᠷᠢᠬᠤ ᠴᠢᠬᠤᠯᠠ ᠴᠢᠨᠠᠷ ᠢ ᠲᠠᠨᠢᠭᠤᠯᠪᠠ᠃ ᠵᠠᠯᠠᠭᠤᠴᠤᠳ ᠤᠨ ᠤᠨᠤᠯ ᠰᠤᠷᠤᠯᠴᠠᠬᠤ ᠳᠤᠭᠤᠶᠢᠯᠠᠩ ᠤᠨ ᠭᠡᠰᠢᠭᠦᠳ | ᠡᠳᠦᠷ ᠲᠤᠳᠤᠮ ᠤᠨ ᠠᠮᠢᠳᠤᠷᠠᠯ ᠪᠠ ᠠᠵᠢᠯ ᠤᠨ ᠳᠤᠮᠳᠠ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ | ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ | ᠪᠣᠳᠠᠲᠠᠢ ᠠᠵᠢᠯ ᠤᠨ ᠳᠤᠮᠳᠠᠬᠢ ᠲᠤᠷᠰᠢᠯᠭ᠎ᠠ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠵᠤ ᠰᠠᠨᠠᠯ ᠢᠶᠠᠨ | ᠰᠣᠯᠢᠯᠴᠠᠪᠠ᠃ | ᠰᠤᠷᠤᠯᠴᠠᠬᠤ ᠪᠠ ᠰᠣᠯᠢᠯᠴᠠᠬᠤ ᠪᠠᠷ ᠳᠠᠮᠵᠢᠨ ᠂ ᠣᠯᠠᠨ ᠢᠶᠠᠷ ᠢᠶᠠᠨ ᠲᠥᠪ ᠤᠨ ᠨᠠᠢᠮᠠᠨ ᠲᠣᠭᠲᠠᠭᠠᠯ ᠵᠢᠴᠢ | ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭᠠᠨ ᠤ ᠴᠢᠬᠤᠯᠠ ᠴᠢᠨᠠᠷ ᠪᠠ ᠵᠠᠶᠢᠯᠠᠰᠢ ᠥᠬᠡᠶ ᠴᠢᠨᠠᠷ ᠢ ᠭᠦᠨᠵᠡᠭᠡᠶ | ᠲᠠᠨᠢᠵᠤ᠂ ᠰᠠᠬᠢᠯᠭ᠎ᠠ ᠪᠠᠲᠤ ᠶᠢᠨ ᠤᠬᠠᠮᠰᠠᠷ ᠪᠠ ᠶᠣᠰᠣ ᠲᠦᠷᠢᠮ ᠤᠨ ᠤᠬᠠᠮᠰᠠᠷ ᠢᠶᠠᠨ ᠤᠯᠠᠮ ᠨᠢᠭᠡ ᠠᠯᠬᠤᠮ | ᠴᠢᠩᠭᠠᠳᠬᠠᠵᠤ᠂ ᠠᠵᠢᠯ ᠤᠨ ᠴᠢᠭᠯᠡᠯ ᠪᠠ ᠬᠠᠷᠠᠯᠲᠠ ᠪᠠᠨ ᠲᠣᠳᠣᠷᠬᠠᠶᠢᠯᠠᠪᠠ᠃ ᠬᠤᠷᠠᠯ ᠳᠤ ᠣᠷᠣᠯᠴᠠᠭᠰᠠᠨ ᠵᠠᠯᠠᠭᠤ | ᠺᠠᠳ᠋ᠷᠴᠤᠳ᠂ ᠬᠤᠶᠢᠰᠢᠳᠠ ᠶᠢᠨ ᠠᠵᠢᠯ ᠤᠨ ᠳᠤᠮᠳᠠ ᠪᠠᠨ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ | ᠱᠠᠭᠠᠷᠳᠠᠯᠭ᠎ᠠ ᠪᠠᠷ ᠥᠪᠡᠷ ᠢ ᠪᠠᠨ ᠬᠢᠵᠠᠭᠠᠷᠯᠠᠵᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠵᠤ᠂ | ᠰᠢᠯᠢᠳᠡᠭ ᠰᠤᠷᠲᠠᠯ ᠢᠶᠠᠨ ᠪᠠᠳᠠᠷᠠᠭᠤᠯᠵᠤ᠂ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ | ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ | ᠪᠣᠯᠤᠨ ᠦᠢᠯᠡᠴᠢᠯᠡᠭᠡᠨ ᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠪᠠᠷ | ᠡᠷᠡᠰ ᠪᠠᠲᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠢᠶᠠᠷ ᠴᠠᠭᠠᠷᠠᠭᠰᠠᠨ ᠵᠠᠯᠠᠭᠤ ᠺᠠᠳ᠋ᠷ | ᠪᠣᠯᠬᠤ ᠪᠠᠷ ᠴᠢᠷᠮᠠᠶᠢᠵᠤ᠂ ᠥᠪᠡᠷ ᠤᠨ ᠬᠡᠬᠦᠳᠡᠭ ᠳᠦᠭᠦᠷᠡᠩ ᠬᠠᠯᠠᠭᠤᠨ ᠴᠢᠰᠤ ᠪᠠᠨ ᠰᠢᠭᠤᠶᠢᠲᠤ ᠲᠣᠭᠤᠷᠢᠭ ᠤᠨ | ᠪᠦᠳᠦᠭᠡᠨ ᠪᠠᠶᠢᠭᠤᠯᠤᠯᠲᠠ ᠳᠤ ᠣᠷᠣᠭᠤᠯᠵᠤ᠂ ᠰᠢᠭᠤᠶᠢᠲᠤ ᠲᠣᠭᠤᠷᠢᠭ ᠤᠨ ᠬᠥᠭᠵᠢᠯᠲᠡ ᠳᠤ ᠥᠪᠡᠷ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃ | |