ᠬᠠᠷᠢᠯᠴᠠᠨ ᠰᠢᠭᠢᠳᠭᠡᠭᠰᠡᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠶ | ᠠᠬᠢᠭᠤᠯᠵᠤ᠂ ᠴᠡᠪᠡᠷ ᠴᠡᠮᠴᠡᠭᠡᠷ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠤᠨ ᠣᠷᠴᠢᠨ | ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ | ᠰᠢᠨ ᠸᠠᠩ ᠨᠡᠶᠢᠭᠡᠮ ᠲᠣᠭᠤᠷᠢᠭ ︽ᠦᠨᠳᠦᠰᠦᠲᠡᠨ ᠨᠦᠭᠦᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ | ᠡᠷᠡᠭᠦᠯ ᠬᠠᠮᠠᠭᠠᠯᠠᠯ ᠲᠠᠢ ᠬᠠᠮᠲᠤ ᠪᠠᠷ ᠬᠡᠷ ᠣᠷᠣᠨ ᠢᠶᠠᠨ ᠴᠣᠭᠴᠠᠯᠠᠶ᠎ᠠ ︾ ᠭᠡᠬᠦ ᠭᠤᠤᠯ ᠰᠡᠳᠦᠪᠲᠦ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠦᠷᠨᠢᠭᠦᠯᠵᠦ ᠂ ᠬᠠᠷᠢᠶ᠎ᠠ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠵᠢᠴᠢ | ᠰᠠᠶᠢᠨ ᠳᠤᠷ᠎ᠠ ᠶᠢᠨ ᠦᠢᠯᠡᠴᠢᠯᠡᠭᠴᠢᠳ ᠢᠳᠡᠪᠬᠢᠲᠡᠶ ᠴᠤᠤᠷᠢᠶᠠᠲᠤᠨ ᠳᠠᠭᠠᠵᠤ᠂ ᠭᠠᠷ ᠬᠤᠯᠪᠣᠨ ᠦᠵᠡᠰᠬᠦᠯᠡᠩᠲᠦ | ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠪᠠ ᠃ | ᠠᠵᠢᠯᠯᠠᠭ᠎ᠠ ᠶᠢᠨ ᠳᠤᠮᠳᠠ᠂ ᠰᠠᠶᠢᠨ ᠳᠤᠷ᠎ᠠ ᠶᠢᠨ ᠦᠢᠯᠡᠴᠢᠯᠡᠭᠴᠢᠳ ᠤᠯᠠᠭᠠᠨ ᠬᠠᠨᠵᠢᠶᠠᠷ ᠡᠮᠦᠰᠴᠦ᠂ | ᠭᠤᠷᠪᠠ ᠲᠠᠪᠤᠨ ᠬᠥᠮᠦᠨ ᠨᠢᠭᠡ ᠳᠤᠭᠤᠶᠢᠯᠠᠩ ᠪᠣᠯᠵᠤ᠂ ᠠᠵᠢᠯ ᠢᠶᠠᠨ ᠬᠤᠪᠢᠶᠠᠷᠢᠯᠠᠨ ᠬᠠᠮᠵᠢᠯᠴᠠᠵᠤ᠂ ᠲᠣᠣᠷᠵᠢᠯ ᠤᠨ | ᠦᠨᠴᠦᠭ ᠪᠤᠯᠤᠩ ᠳᠤ ᠭᠦᠨᠵᠡᠭᠡᠶᠢᠷᠡᠵᠦ᠂ ᠠᠰᠠᠷ ᠤᠨ ᠬᠤᠩᠭᠢᠯ ᠤᠨ ᠡᠯᠳᠡᠪ ᠪᠣᠳᠠᠰ᠂ ᠨᠣᠭᠤᠭᠠᠷᠠᠭᠤᠯᠤᠯᠲᠠ ᠶᠢᠨ | ᠪᠦᠰᠡ ᠶᠢᠨ ᠬᠤᠭ ᠨᠣᠪᠰᠢ᠂ ᠴᠡᠴᠡᠭ ᠤᠨ ᠲᠠᠪᠴᠠᠩ ᠤᠨ ᠪᠤᠵᠠᠷ ᠡᠪᠡᠰᠦ᠂ ︽ᠵᠢᠵᠢᠭ ᠵᠠᠷ ᠮᠡᠳᠡᠭᠡ︾ ᠵᠡᠷᠭᠡ ᠶᠢ | ᠴᠡᠪᠡᠷᠯᠡᠪᠡ᠃ ᠵᠠᠷᠢᠮ ᠨᠢ ᠬᠠᠪᠴᠢᠭᠤᠷ ᠂ ᠱᠦᠭᠦᠷ ᠂ ᠳᠡᠪᠢᠭᠦᠷ ᠵᠡᠷᠭᠡ ᠪᠠᠭᠠᠵᠢ ᠬᠡᠷᠡᠭᠰᠡᠯ ᠢᠶᠠᠷ ᠭᠠᠵᠠᠷ ᠤᠨ | ᠭᠠᠳᠠᠷᠭᠤ ᠶᠢ ᠴᠡᠪᠡᠷᠯᠡᠪᠡ︔ ᠵᠠᠷᠢᠮ ᠨᠢ ᠲᠡᠮᠦᠷ ᠬᠦᠷᠵᠡ ᠪᠠᠷᠢᠨ ᠣᠪᠣᠭᠠᠯᠠᠭᠰᠠᠨ ᠬᠤᠭ ᠨᠣᠪᠰᠢ ᠶᠢ ᠬᠤᠭ ᠤᠨ | ᠰᠠᠪᠠᠨ ᠳᠤ ᠬᠤᠰᠤᠵᠤ ᠬᠠᠶᠠᠪᠠ︔ ᠵᠠᠷᠢᠮ ᠨᠢ ᠡᠯᠳᠡᠪ ᠪᠣᠳᠠᠰ ᠢ ᠠᠰᠠᠷ ᠳᠡᠭᠡᠷ᠎ᠡ ᠠᠴᠠ ᠪᠠᠭᠤᠯᠭᠠᠨ᠎ᠠ ᠁ ᠪᠦᠬᠦ | ᠶᠠᠪᠤᠴᠠ ᠳᠤ ᠨᠢᠭᠡ ᠨᠠᠷᠢᠨ ᠵᠦᠢᠯᠡᠰ ᠢ ᠴᠦ ᠣᠷᠬᠢᠭᠳᠠᠭᠤᠯᠬᠤ ᠦᠭᠡᠢ ᠪᠠᠶᠢᠵᠤ᠂ ᠨᠢᠭᠡ ᠥᠨᠴᠥᠭ ᠪᠤᠯᠤᠩ ᠢ ᠴᠤ | ᠦᠯᠡᠳᠡᠬᠡᠬᠦ ᠦᠭᠡᠢ ᠪᠠᠷ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠢᠶᠠᠷ ᠬᠠᠶᠢᠷᠠᠯᠠᠬᠤ᠂ ᠬᠠᠷᠢᠯᠴᠠᠨ | ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠭᠦᠢᠴᠡᠳ | ᠪᠠᠳᠠᠷᠠᠭᠤᠯᠵᠤ᠂ ᠬᠠᠷᠢᠶ᠎ᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠯᠠᠮ ᠨᠢᠭᠡ ᠠᠯᠬᠤᠮ | ᠰᠠᠶᠢᠵᠢᠷᠠᠭᠤᠯᠪᠠ᠃ | | | ᠲᠣᠰ ᠤᠳᠠᠭᠠᠨ ᠤ ᠠᠵᠢᠯᠯᠠᠭ᠎ᠠ ᠨᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠤ ᠳᠦᠷᠰᠦ ᠪᠠᠶᠢᠳᠠᠯ ᠢ | ᠰᠠᠶᠢᠵᠢᠷᠠᠭᠤᠯᠤᠭᠰᠠᠨ ᠢᠶᠠᠷ ᠪᠠᠷᠠᠬᠤ ᠥᠬᠡᠶ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠤᠭᠤᠷᠣᠨᠳᠣᠬᠢ | ᠬᠠᠶᠢᠷ᠎ᠠ ᠰᠡᠳᠬᠢᠯᠭᠡ ᠶᠢᠨ ᠰᠣᠯᠢᠯᠴᠠᠭ᠎ᠠ ᠶᠢ ᠨᠠᠩ ᠨᠡᠮᠡᠭᠳᠡᠭᠦᠯᠵᠦ᠂ ᠦᠨᠳᠦᠰᠦᠲᠡᠨ ᠤ ᠪᠦᠯᠬᠦᠮᠳᠡᠯ ᠤᠨ | ᠣᠶᠢᠯᠠᠭᠠᠭᠳᠠᠬᠤᠨ ᠢ ᠦᠨᠳᠦᠰᠦᠨ ᠱᠠᠲᠤᠨ ᠤ ᠵᠠᠰᠠᠯᠲᠠ ᠳᠤ ᠠᠭᠤᠰᠤᠯᠴᠠᠭᠤᠯᠤᠭᠰᠠᠨ ᠠᠮᠢᠳᠤᠯᠢᠭ ᠦᠢᠯᠡᠳᠦᠯᠭᠡ | ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠰᠢᠨ ᠸᠠᠩ ᠨᠡᠶᠢᠭᠡᠮ ᠲᠣᠭᠤᠷᠢᠭ ᠲᠤᠰ ᠤᠳᠠᠭᠠᠨ ᠤ ᠠᠵᠢᠯᠯᠠᠭ᠎ᠠ ᠪᠠᠷ | ᠠᠵᠠ ᠲᠣᠬᠢᠶᠠᠯ ᠪᠣᠯᠭᠠᠵᠤ᠂ ᠤᠯᠠᠨ ᠬᠡᠯᠪᠡᠷᠢ ᠶᠢᠨ ᠬᠠᠮᠲᠤᠪᠠᠷ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠪᠣᠯᠤᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ | ᠵᠡᠷᠭᠡᠪᠡᠷ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠢᠨ᠎ᠡ ᠬᠠᠭᠤᠳᠠᠰᠤ ᠶᠢ ᠵᠢᠷᠤᠭᠯᠠᠨ᠎ᠠ ᠃ | |