ᠰᠢᠭᠤᠶᠢᠲᠤ ᠲᠣᠭᠤᠷᠢᠭ ᠲᠤ ᠨᠡᠶᠢᠲᠡ 2 ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠪᠠᠶᠢᠵᠤ᠂ | ᠲᠣᠰ ᠲᠣᠰ ᠵᠢᠦ ᠯᠦᠩ ᠠᠮᠢ ᠠᠬᠤᠶ ᠶᠢᠨ ᠬᠥᠮᠦᠨ ᠰᠣᠶᠣᠯ ᠤᠨ ᠳᠤᠷᠠᠰᠬᠠᠯ ᠤᠨ ᠬᠦᠷᠢᠶᠡᠯᠡᠩ᠂ ᠬᠤᠸᠠ ᠶᠠᠩ ᠠᠮᠢ | ᠠᠬᠤᠶ ᠶᠢᠨ ᠬᠦᠷᠢᠶᠡᠯᠡᠩ ᠤᠨ ᠨᠡᠶᠢᠲᠡ ᠶᠢᠨ ᠣᠩᠭᠤᠨ ᠪᠣᠯᠤᠨ᠎ᠠ᠃ | ᠰᠢᠭᠤᠶᠢᠲᠤ ᠲᠣᠭᠤᠷᠢᠭ ᠤᠨ ᠭᠠᠵᠠᠷ ᠠᠷᠪᠢᠯᠠᠬᠤ ᠠᠮᠢ ᠠᠬᠤᠢ ᠶᠢᠨ ᠣᠷᠤᠰᠢᠭᠤᠯᠭ᠎ᠠ ᠶᠢᠨ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠷᠢᠨ ᠲᠠᠶᠢᠯᠪᠤᠷᠢ | ᠲᠥᠷᠦ ᠶᠢᠨ ᠪᠣᠳᠣᠯᠭ᠎ᠠ ᠶᠢᠨ ᠦᠨᠳᠦᠰᠦᠯᠡᠯ᠄ | ︽ᠭᠠᠵᠠᠷ ᠠᠷᠪᠢᠯᠠᠬᠤ ᠠᠮᠢ ᠠᠬᠤᠢ ᠶᠢᠨ ᠣᠷᠣᠰᠢᠭᠤᠯᠭ᠎ᠠ ᠶᠢ ᠬᠡᠷᠡᠭᠵᠢᠭᠦᠯᠬᠦ ᠲᠤᠬᠠᠢ ᠵᠢᠯᠣᠭᠤᠳᠬᠤ | ᠰᠠᠨᠠᠯ︾ ︵ᠠᠷᠠᠳ ᠲᠠᠷᠬᠠᠭᠠᠭᠰᠠᠨ ﹇2016﹈ 21 ᠳ᠋ᠤᠭᠡᠷ ᠲᠣᠭᠠᠲᠤ︶᠂ ︽ᠬᠤᠲᠠ ᠬᠥᠳᠡᠭᠡ ᠶᠢᠨ ᠣᠷᠣᠯᠭ᠎ᠠ | ᠪᠠᠭᠠᠲᠠᠢ ᠬᠥᠮᠥᠰ ᠤᠨ ᠭᠤᠣᠯᠳᠠᠯᠭ᠎ᠠ ᠲᠠᠢ ᠬᠠᠷᠠᠭᠠᠯᠵᠠᠬᠤ ᠡᠲᠡᠭᠡᠳ ᠤᠨ ᠣᠷᠣᠰᠢᠭᠤᠯᠭ᠎ᠠ ᠶᠢᠨ ᠦᠨᠳᠦᠰᠦᠨ | ᠦᠢᠯᠡᠴᠢᠯᠡᠭᠡᠨ ᠤ ᠵᠠᠷᠤᠳᠠᠯ ᠢ ᠬᠡᠯᠲᠦᠷᠢᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠶᠠᠪᠤᠳᠠᠯ ᠤᠨ ᠲᠢᠩᠬᠢᠮ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ︾ ︵ᠥᠪᠥᠷ ᠠᠷᠠᠳ ᠨᠡᠶᠢᠭᠡᠮ | ᠶᠠᠪᠤᠳᠠᠯ ﹇2012﹈ 349 ᠳ᠋ᠤᠭᠡᠷ ᠲᠣᠭᠠᠲᠤ︶ ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ᠄ | ᠡᠬᠢ ᠪᠠᠶᠠᠯᠢᠭ ᠢ ᠠᠷᠪᠢᠯᠠᠬᠤ᠂ ᠣᠷᠴᠢᠨ ᠲᠣᠭᠤᠷᠢᠨ ᠢ ᠬᠠᠮᠠᠭᠠᠯᠠᠬᠤ ᠪᠠᠷ ᠤᠳᠤᠷᠢᠳᠤᠮᠵᠢ ᠪᠣᠯᠭᠠᠵᠤ᠂ | ᠮᠣᠳᠤᠨ ᠣᠷᠤᠰᠢᠭᠤᠯᠭ᠎ᠠ ᠂ ᠣᠷᠣᠨ ᠪᠠᠶᠢᠷᠢ ᠳᠤ ᠬᠠᠳᠠᠭᠠᠯᠠᠬᠤ ᠵᠡᠷᠭᠡ ᠠᠮᠢ ᠠᠬᠤᠶ ᠶᠢᠨ ᠣᠷᠣᠰᠢᠭᠤᠯᠭ᠎ᠠ ᠶᠢᠨ ᠠᠷᠭ᠎ᠠ | ᠮᠠᠶ᠋ᠢᠭ ᠢ ᠳᠡᠯᠭᠡᠷᠡᠭᠦᠯᠵᠦ᠂ ᠭᠠᠵᠠᠷ ᠰᠢᠷᠣᠶ ᠶᠢ ᠡᠵᠡᠯᠡᠨ ᠬᠡᠷᠡᠭᠯᠡᠬᠦ ᠪᠠ ᠡᠬᠢ ᠪᠠᠶᠠᠯᠢᠭ ᠤᠨ ᠬᠤᠷᠣᠭᠳᠠᠯ ᠢ | ᠪᠠᠭᠠᠰᠬᠠᠵᠤ᠂ ᠪᠣᠬᠢᠷᠲᠤᠯ ᠥᠬᠡᠶ ᠣᠷᠣᠰᠢᠭᠤᠯᠭ᠎ᠠ ᠶᠢᠨ ᠰᠢᠨ᠎ᠡ ᠬᠡᠪ ᠰᠤᠷᠲᠠᠯ ᠢ ᠰᠠᠨᠠᠭᠠᠴᠢᠯᠠᠨ᠎ᠠ᠃ | ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ᠄ | ᠪᠤᠭᠤᠲᠤ ᠬᠤᠲᠠ ᠶᠢᠨ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ ᠴᠢᠨᠠᠷᠲᠠᠶ ᠨᠡᠶᠢᠲᠡ ᠶᠢᠨ ᠣᠩᠭᠤᠨ ᠳᠤ | ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ ᠶᠢᠨ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠳᠣᠤᠷᠠᠬᠢ ᠮᠡᠲᠦ ᠣᠯᠠᠨ ᠶᠠᠩᠵᠤ ᠶᠢᠨ ᠠᠮᠢ ᠠᠬᠤᠶ ᠶᠢᠨ ᠣᠷᠣᠰᠢᠭᠤᠯᠬᠤ ᠬᠡᠯᠪᠡᠷᠢ ᠶᠢ ᠦᠨ᠎ᠡ ᠲᠥᠯᠥᠪᠦᠷᠢ ᠥᠬᠡᠶ | ᠪᠤᠶᠤ ᠳᠣᠤᠷ᠎ᠠ ᠦᠨ᠎ᠡ ᠪᠠᠷ ᠬᠠᠩᠭᠠᠨ᠎ᠠ᠃ | ᠡᠩ ᠤᠨ ᠮᠣᠳᠣᠨ ᠣᠷᠤᠰᠢᠭᠤᠯᠭ᠎ᠠ ᠄ ᠴᠢᠨᠳᠠᠷ ᠤᠨ ᠬᠠᠶᠢᠷᠴᠠᠭ ᠪᠤᠶᠤ ᠴᠢᠨᠳᠠᠷ ᠢ ᠮᠣᠳᠤᠨ ᠳᠤᠤᠷ᠎ᠠ ᠭᠦᠨ | ᠪᠤᠯᠠᠵᠤ᠂ ᠨᠠᠰᠤ ᠪᠠᠷᠠᠭᠰᠠᠳ ᠤᠨ ᠠᠮᠢ ᠨᠠᠰᠤ ᠶᠢ ᠪᠠᠶᠢᠭᠠᠯᠢ ᠲᠠᠢ ᠬᠠᠮᠲᠤ ᠣᠷᠤᠰᠢᠭᠤᠯᠵᠤ ᠂ ᠠᠮᠢ ᠨᠠᠰᠤᠨ ᠤ | ᠤᠳᠬ᠎ᠠ ᠠᠭᠤᠯᠭ᠎ᠠ ᠶᠢ ᠦᠷᠭᠦᠯᠵᠢᠯᠡᠭᠦᠯᠦᠨ᠎ᠡ ᠃ | ᠦᠵᠡᠮᠵᠢ ᠶᠢᠨ ᠮᠣᠳᠤᠨ ᠣᠷᠤᠰᠢᠭᠤᠯᠭ᠎ᠠ ᠄ ᠵᠠᠳᠠᠷᠠᠵᠤ ᠪᠣᠯᠬᠤ ᠰᠠᠪᠠᠨ ᠳᠤ ᠴᠢᠨᠳᠠᠷ ᠢ ᠣᠷᠤᠰᠢᠭᠤᠯᠵᠤ ᠂ | ᠪᠠᠶᠢᠭᠠᠯᠢ ᠶᠢᠨ ᠲᠡᠮᠳᠡᠭ ᠪᠣᠯᠤᠨ ᠴᠡᠴᠡᠷᠯᠢᠭ ᠤᠨ ᠦᠵᠡᠮᠵᠢ ᠶᠢ ᠠᠭᠤᠰᠬᠠᠨ ᠠᠮᠢ ᠠᠬᠤᠢ ᠶᠢᠨ ᠳᠤᠷᠠᠰᠬᠠᠯ ᠤᠨ | ᠣᠷᠣᠨ ᠵᠠᠢ ᠶᠢ ᠪᠣᠢ ᠪᠣᠯᠭᠠᠨ᠎ᠠ᠃ | ᠬᠡᠷᠡᠮ ᠤᠨ ᠣᠷᠤᠰᠢᠭᠤᠯᠭ᠎ᠠ᠄ ᠴᠢᠨᠳᠠᠷ ᠤᠨ ᠬᠠᠶᠢᠷᠴᠠᠭ ᠢ ᠬᠡᠷᠡᠮ ᠳᠤ ᠰᠢᠭᠢᠳᠬᠡᠵᠦ ᠂ ᠥᠪᠡᠷᠮᠢᠴᠡ | ᠬᠥᠰᠢᠶ᠎ᠡ ᠪᠢᠴᠢᠭ ᠪᠠ ᠵᠠᠰᠠᠯ ᠴᠢᠮᠡᠭᠯᠡᠯ ᠤᠨ ᠵᠢᠷᠤᠭ ᠲᠥᠯᠥᠪᠯᠡᠭᠡ ᠶᠢ ᠵᠣᠬᠢᠴᠠᠭᠤᠯᠤᠨ᠎ᠠ ᠂ ᠭᠤᠶᠤ ᠰᠠᠶᠢᠬᠠᠨ ᠪᠠ | ᠭᠠᠵᠠᠷ ᠠᠷᠪᠢᠯᠠᠬᠤ ᠳᠠᠪᠠᠭᠤᠯᠢᠭ ᠲᠠᠢ᠃ | ᠴᠡᠴᠡᠭ ᠤᠨ ᠲᠠᠪᠴᠠᠩ ᠤᠨ ᠣᠷᠤᠰᠢᠭᠤᠯᠭ᠎ᠠ ᠄ ᠴᠡᠴᠡᠭ ᠤᠨ ᠲᠠᠪᠴᠠᠩ ᠢᠶᠠᠷ ᠠᠴᠢᠶᠠᠯᠠᠪᠤᠷᠢ ᠪᠣᠯᠭᠠᠵᠤ | ᠴᠢᠨᠳᠠᠷ ᠤᠨ ᠬᠠᠶᠢᠷᠴᠠᠭ ᠢ ᠬᠥᠷᠥᠰᠥᠨ ᠳᠤ ᠪᠣᠯᠠᠭᠰᠠᠨ ᠤ ᠳᠠᠷᠠᠭ᠎ᠠ ᠬᠤᠸᠠᠷ ᠴᠡᠴᠡᠭ ᠲᠠᠷᠢᠵᠤ᠂ ᠣᠷᠤᠰᠢᠭᠤᠯᠭ᠎ᠠ ᠶᠢᠨ | ᠴᠢᠳᠠᠮᠵᠢ ᠪᠠ ᠦᠵᠡᠮᠵᠢ ᠶᠢ ᠭᠤᠶᠤᠵᠢᠭᠤᠯᠬᠤ ᠶᠢᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃ | ᠵᠠᠳᠠᠷᠠᠭᠤᠯᠵᠤ ᠪᠣᠯᠬᠤᠶᠢᠴᠠ ᠦᠵᠡᠮᠵᠢ ᠶᠢᠨ ᠣᠷᠤᠰᠢᠭᠤᠯᠭ᠎ᠠ᠄ ᠠᠶᠠᠨᠳᠠᠭᠠᠨ ᠵᠠᠳᠠᠷᠠᠵᠤ ᠪᠣᠯᠬᠤᠶᠢᠴᠠ | ᠰᠠᠪᠠ ᠬᠡᠷᠡᠭᠯᠡᠵᠦ ᠴᠢᠨᠳᠠᠷ ᠢ ᠠᠴᠢᠶᠠᠯᠠᠨ᠂ ᠣᠨᠴᠠᠯᠢᠭᠲᠤ ᠦᠵᠡᠮᠵᠢ ᠶᠢᠨ ᠣᠷᠣᠨ ᠳᠤ ᠣᠷᠤᠰᠢᠭᠤᠯᠵᠤ ᠂ ᠠᠮᠢ | ᠨᠠᠰᠤ ᠶᠢ ᠪᠠᠶᠢᠭᠠᠯᠢ ᠶᠢᠨ ᠣᠷᠴᠢᠯ ᠳᠤ ᠪᠤᠴᠠᠭᠠᠨ᠎ᠠ᠃ | ᠪᠢᠴᠢᠯ ᠬᠡᠯᠪᠡᠷᠢ ᠶᠢᠨ ᠣᠩᠭᠤᠨ᠄ ᠰᠢᠨ᠎ᠡ ᠬᠡᠯᠪᠡᠷᠢ ᠶᠢᠨ ᠭᠠᠵᠠᠷ ᠠᠷᠪᠢᠯᠠᠬᠤ ᠬᠡᠯᠪᠡᠷᠢ ᠶᠢᠨ ᠣᠩᠭᠤᠨ᠂ | ᠣᠷᠴᠢᠨ ᠲᠣᠭᠤᠷᠢᠨ ᠢ ᠬᠠᠮᠠᠭᠠᠯᠠᠬᠤ ᠴᠢᠨᠠᠷ ᠪᠠ ᠠᠵᠤ ᠠᠬᠤᠢ ᠶᠢᠨ ᠴᠢᠨᠠᠷ ᠢ ᠪᠠᠲᠤᠯᠠᠨ᠂ ᠣᠳᠣ ᠦᠶ᠎ᠡ ᠶᠢᠨ | ᠣᠷᠤᠰᠢᠭᠤᠯᠭ᠎ᠠ ᠶᠢᠨ ᠬᠡᠷᠡᠭᠴᠡᠭᠡ ᠶᠢ ᠬᠠᠩᠭᠠᠨ᠎ᠠ᠃ | ᠭᠤᠶᠤᠴᠢᠯᠠᠬᠤ ᠶᠠᠪᠤᠴᠠ᠄ | ᠭᠤᠶᠤᠴᠢᠯᠠᠭᠴᠢ ᠳᠣᠣᠷᠠᠬᠢ ᠮᠠᠲ᠋ᠧᠷᠢᠶᠠᠯ ︵ᠨᠢᠭᠡ ᠮᠠᠶ᠋ᠢᠭ ᠤᠨ ᠬᠤᠶᠠᠷ ᠬᠤᠪᠢ︶ ᠢᠶᠠᠨ ᠠᠪᠴᠤ ᠡᠯ᠎ᠡ | ᠨᠡᠶᠢᠲᠡ ᠶᠢᠨ ᠣᠩᠭᠤᠨ ᠤ ᠲᠤᠬᠠᠶᠢᠯᠠᠭᠰᠠᠨ ᠠᠵᠢᠯ ᠤᠨ ᠴᠣᠩᠬᠤᠪᠴᠢ ᠳᠤ ᠣᠴᠢᠵᠤ ᠭᠦᠢᠴᠡᠳᠬᠡᠨ᠎ᠡ᠃ | 1. ᠨᠥᠭᠴᠢᠭᠰᠡᠳ ᠤᠨ ᠪᠤᠭᠤᠲᠤ ᠬᠤᠲᠠ ᠶᠢᠨ ᠡᠷᠦᠬᠡ ᠠᠮᠠ ᠶᠢᠨ ᠭᠡᠷᠡᠴᠢ | 2. ᠨᠠᠰᠤ ᠪᠠᠷᠠᠭᠰᠠᠨ ᠭᠡᠷᠡᠴᠢ | 3. ᠳᠡᠭᠳᠡᠭᠡᠬᠦ ᠭᠡᠷᠡᠴᠢ | 4. ᠭᠠᠷᠳᠠᠨ ᠬᠢᠭᠴᠢ ᠶᠢᠨ ᠪᠡᠶ᠎ᠡ ᠶᠢᠨ ᠦᠨᠡᠮᠯᠡᠯ ᠪᠤᠶᠤ ᠡᠷᠦᠬᠡ ᠠᠮᠠ ᠶᠢᠨ ᠳᠡᠪᠲᠡᠷ | ᠰᠦᠢᠳᠬᠡᠯ ᠬᠤᠷᠢᠶᠠᠬᠤ ᠪᠠᠶᠢᠳᠠᠯ᠄ | ᠵᠢᠦ ᠯᠦᠩ ᠠᠮᠢ ᠠᠬᠤᠶ ᠶᠢᠨ ᠬᠥᠮᠦᠨ ᠰᠣᠶᠣᠯ ᠤᠨ ᠳᠤᠷᠠᠰᠬᠠᠯ ᠤᠨ ᠬᠦᠷᠢᠶᠡᠯᠡᠩ᠄ | ᠨᠡᠶᠢᠳᠡ ᠶᠢᠨ ᠠᠰᠠᠷᠠᠮᠵᠢ ᠶᠢᠨ ᠴᠢᠨᠠᠷᠳᠠᠢ ᠭᠠᠵᠠᠷ ᠠᠷᠪᠢᠯᠠᠬᠤ ᠠᠮᠢ ᠠᠬᠤᠢ ᠶᠢᠨ ᠤᠷᠤᠰᠢᠭᠤᠯᠭ᠎ᠠ᠄ ︵ | ᠡᠩ ᠤᠨ ᠮᠤᠳᠤᠨ ᠤᠷᠤᠰᠢᠭᠤᠯᠭ᠎ᠠ᠂ ᠬᠡᠷᠡᠮ ᠤᠨ ᠣᠷᠤᠰᠢᠭᠤᠯᠭ᠎ᠠ ᠂ ᠴᠡᠴᠡᠭ ᠤᠨ ᠲᠠᠪᠴᠠᠩ ᠤᠨ ᠤᠷᠤᠰᠢᠭᠤᠯᠭ᠎ᠠ᠂ | ᠵᠠᠳᠠᠷᠠᠭᠤᠯᠵᠤ ᠪᠣᠯᠬᠤᠶᠢᠴᠠ ᠦᠵᠡᠮᠵᠢ ᠶᠢᠨ ᠣᠷᠤᠰᠢᠭᠤᠯᠭ᠎ᠠ ᠶᠢ ᠪᠠᠭᠳᠠᠭᠠᠨ᠎ᠡ︶᠂ ᠣᠩᠭᠤᠨ ᠤ ᠤᠷᠤᠨ ᠪᠠᠶᠢᠷᠢ | ᠦᠨ᠎ᠡ ᠲᠦᠯᠦᠪᠦᠷᠢ ᠦᠭᠡᠢ᠂ ᠦᠰᠦᠭ ᠰᠡᠶᠢᠯᠬᠦ ᠵᠠᠷᠤᠳᠠᠯ ︵ᠦᠰᠦᠭ ᠪᠦᠷᠢ 6 ᠲᠦᠭᠦᠷᠢᠭ︶︔ ᠠᠯᠲᠠ | ᠰᠠᠭᠤᠯᠭᠠᠬᠤ ᠵᠠᠷᠤᠳᠠᠯ ︵ᠬᠦᠰᠢᠶ᠎ᠠ ᠪᠦᠷᠢ 100 ᠲᠦᠬᠦᠷᠢᠭ︶᠂ ᠬᠠᠮᠢᠶᠠᠷᠤᠯᠳᠠ ᠶᠢᠨ ᠵᠠᠷᠤᠳᠠᠯ ︵20 ᠵᠢᠯ ᠳᠤ | 500 ᠲᠦᠬᠦᠷᠢᠭ︶᠃ | ᠠᠷᠠᠳ ᠲᠤ ᠠᠰᠢᠭ ᠬᠦᠷᠲᠡᠭᠡᠬᠦ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ᠄ ︵ᠦᠵᠡᠮᠵᠢ ᠶᠢᠨ | ᠮᠣᠳᠤᠨ ᠣᠷᠤᠰᠢᠭᠤᠯᠭ᠎ᠠ ᠂ ᠪᠢᠴᠢᠯ ᠬᠡᠯᠪᠡᠷᠢ ᠶᠢᠨ ᠣᠩᠭᠤᠨ ᠢ ᠪᠠᠭᠲᠠᠭᠠᠨ᠎ᠠ︶᠂ ᠦᠵᠡᠮᠵᠢ ᠶᠢᠨ ᠮᠣᠳᠤᠨ | ᠣᠷᠤᠰᠢᠭᠤᠯᠭ᠎ᠠ 3000 ᠲᠥᠭᠦᠷᠢᠭ / ᠰᠠᠭᠤᠷᠢ︔ ᠪᠢᠴᠢᠯ ᠬᠡᠯᠪᠡᠷᠢ ᠶᠢᠨ ᠣᠩᠭᠤᠨ ᠢ ᠬᠤᠶᠠᠷ ᠵᠦᠢᠯ ᠤᠨ | ᠪᠠᠷᠢᠮᠵᠢᠶ᠎ᠠ ᠬᠤᠪᠢᠶᠠᠵᠤ᠂ ᠬᠤᠳᠠᠯᠳᠤᠬᠤ ᠦᠨ᠎ᠡ ᠨᠢ ᠲᠣᠰ ᠲᠣᠰ 10800 ᠲᠥᠭᠦᠷᠢᠭ᠂ 12800 ᠲᠥᠭᠦᠷᠢᠭ | ᠪᠣᠯᠤᠨ᠎ᠠ᠃ ᠦᠰᠦᠭ ᠰᠡᠶᠢᠯᠬᠦ ᠵᠠᠷᠤᠳᠠᠯ ︵ᠦᠰᠦᠭ ᠪᠦᠷᠢ 6 ᠲᠦᠭᠦᠷᠢᠭ︶︔ ᠠᠯᠲᠠ ᠰᠠᠭᠤᠯᠭᠠᠬᠤ ᠵᠠᠷᠤᠳᠠᠯ ︵ | ᠬᠦᠰᠢᠶ᠎ᠠ ᠪᠦᠷᠢ 100 ᠲᠦᠭᠦᠷᠢᠭ︶᠂ ᠬᠠᠮᠢᠶᠠᠷᠤᠯᠲᠠ ᠶᠢᠨ ᠵᠠᠷᠤᠳᠠᠯ ︵20 ᠵᠢᠯ ᠳᠤ 500 ᠲᠦᠭᠦᠷᠢᠭ︶᠃ | ᠬᠤᠸᠠ ᠶᠠᠩ ᠠᠮᠢ ᠠᠬᠤᠢ ᠶᠢᠨ ᠬᠦᠷᠢᠶᠡᠯᠡᠩ ᠤᠨ ᠨᠡᠶᠢᠲᠡ ᠶᠢᠨ ᠣᠩᠭᠤᠨ᠄ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠭᠠᠵᠠᠷ ᠠᠷᠪᠢᠯᠠᠬᠤ ᠠᠮᠢ ᠠᠬᠤᠶ ᠶᠢᠨ ᠣᠷᠣᠰᠢᠭᠤᠯᠭ᠎ᠠ᠄ ᠮᠣᠳᠣᠨ | ᠣᠷᠣᠰᠢᠭᠤᠯᠭ᠎ᠠ᠂ ᠦᠰᠦᠭ ᠰᠡᠶᠢᠯᠬᠦ ᠵᠠᠷᠤᠳᠠᠯ ︵ᠦᠰᠦᠭ ᠪᠦᠷᠢ 6 ᠲᠥᠭᠦᠷᠢᠭ︶ ᠢ ᠪᠠᠭᠲᠠᠭᠠᠨ᠎ᠠ ︔ ᠠᠯᠲᠠ | ᠰᠠᠭᠤᠯᠭᠠᠬᠤ ᠵᠠᠷᠤᠳᠠᠯ ︵ᠬᠥᠰᠢᠶ᠎ᠡ ᠪᠦᠷᠢ 100 ᠲᠥᠭᠦᠷᠢᠭ︶︔ ᠬᠠᠮᠢᠶᠠᠷᠤᠯᠲᠠ ᠶᠢᠨ ᠵᠠᠷᠤᠳᠠᠯ ︵20 ᠵᠢᠯ ᠳᠤ | 1000 ᠲᠥᠭᠦᠷᠢᠭ︶᠃ | ᠠᠷᠠᠳ ᠲᠤ ᠠᠰᠢᠭ ᠬᠦᠷᠲᠡᠭᠡᠬᠦ ᠭᠠᠵᠠᠷ ᠠᠷᠪᠢᠯᠠᠬᠤ ᠠᠮᠢ ᠠᠬᠤᠢ ᠶᠢᠨ ᠣᠷᠤᠰᠢᠭᠤᠯᠭ᠎ᠠ ᠄ ᠦᠵᠡᠮᠵᠢ ᠶᠢᠨ | ᠮᠣᠳᠤᠨ ᠣᠷᠤᠰᠢᠭᠤᠯᠭ᠎ᠠ 3000 ᠲᠥᠭᠦᠷᠢᠭ / ᠰᠠᠭᠤᠳᠠᠯ᠂ ᠦᠰᠦᠭ ᠰᠡᠢᠯᠬᠦ ᠵᠠᠷᠤᠳᠠᠯ ︵ᠦᠰᠦᠭ ᠪᠦᠷᠢ 6 | ᠲᠥᠭᠦᠷᠢᠭ︶ ᠪᠠᠭᠲᠠᠨ᠎ᠠ︔ ᠠᠯᠲᠠ ᠰᠠᠭᠤᠯᠭᠠᠬᠤ ᠵᠠᠷᠤᠳᠠᠯ ︵ᠬᠥᠰᠢᠶ᠎ᠡ ᠪᠦᠷᠢ 100 ᠲᠥᠭᠦᠷᠢᠭ︶︔ | ᠬᠠᠮᠢᠶᠠᠷᠤᠯᠲᠠ ᠶᠢᠨ ᠵᠠᠷᠤᠳᠠᠯ ︵20 ᠵᠢᠯ ᠳᠤ 1000 ᠲᠥᠭᠦᠷᠢᠭ︶ ᠃ | ᠰᠢᠭᠤᠶᠢᠲᠤ ᠲᠣᠭᠤᠷᠢᠭ ᠤᠨ ᠡᠯ᠎ᠡ ᠨᠡᠶᠢᠲᠡ ᠶᠢᠨ ᠣᠩᠭᠤᠨ ᠠᠮᠢ ᠨᠠᠰᠤᠨ ᠤ ᠨᠡᠷ᠎ᠡ ᠬᠦᠨᠳᠦ ᠶᠢ | ᠬᠠᠮᠠᠭᠠᠯᠠᠵᠤ᠂ ᠠᠮᠢ ᠠᠬᠤᠢ ᠪᠠᠷ ᠬᠦᠮᠦᠨ ᠰᠣᠶᠤᠯ ᠤᠨ ᠬᠠᠯᠠᠮᠵᠢᠯᠠᠯ ᠢ ᠲᠠᠶᠢᠯᠪᠤᠷᠢᠯᠠᠵᠤ᠂ ᠦᠢᠯᠡᠴᠢᠯᠡᠭᠡᠨ ᠤ ᠶᠠᠰᠤ | ᠴᠢᠨᠠᠷ ᠤᠨ ᠰᠢᠨᠡᠴᠢᠯᠡᠯᠲᠡ ᠪᠠᠨ ᠦᠷᠭᠦᠯᠵᠢᠯᠡᠨ ᠭᠦᠨᠵᠡᠭᠡᠶᠢᠷᠡᠭᠦᠯᠦᠨ᠎ᠡ᠃ ᠨᠠᠷᠢᠨ ᠵᠦᠢᠯᠡᠰ ᠠᠴᠠ ᠠᠮᠢ ᠨᠠᠰᠤᠨ ᠤ | ᠡᠴᠦᠰ ᠤᠨ ᠶᠠᠰᠣᠯᠠᠯ ᠤᠨ ᠰᠡᠳᠭᠢᠯᠭᠡ ᠶᠢ ᠰᠡᠶᠢᠯᠵᠦ᠂ ᠤᠳᠠᠭ᠎ᠠ ᠪᠦᠷᠢᠪᠡ ᠶᠢᠨ ᠰᠠᠯᠤᠯᠲᠠ ᠶᠢ ᠴᠦᠮ ᠬᠠᠯᠠᠭᠤᠨ | ᠳᠤᠯᠠᠭᠠᠨ ᠰᠣᠶᠣᠯ ᠢᠷᠭᠡᠨᠰᠢᠯ ᠤᠨ ᠮᠠᠭᠲᠠᠭᠠᠯ ᠰᠠᠶᠢᠰᠢᠶᠠᠯ ᠪᠣᠯᠭᠠᠨ᠎ᠠ︔ ᠭᠠᠵᠠᠷ ᠠᠷᠪᠢᠯᠠᠬᠤ ᠠᠮᠢ ᠠᠬᠤᠢ ᠶᠢᠨ | ᠣᠷᠣᠰᠢᠭᠤᠯᠭ᠎ᠠ ᠪᠠᠷ ᠠᠴᠢᠶᠠᠯᠠᠪᠤᠷᠢ ᠪᠣᠯᠭᠠᠵᠤ᠂ ᠪᠣᠬᠢᠷᠲᠤᠯ ᠦᠭᠡᠢ ᠣᠷᠣᠰᠢᠭᠤᠯᠭ᠎ᠠ ᠶᠢᠨ ᠣᠶᠢᠯᠠᠭᠠᠭᠳᠠᠬᠤᠨ ᠢ | ᠬᠤᠳᠠ ᠶᠢᠨ ᠡᠷᠭᠢᠴᠡᠭᠦᠯᠦᠯ ᠳᠤ ᠠᠭᠤᠰᠤᠯᠴᠠᠭᠤᠯᠵᠤ᠂ ᠪᠠᠶᠢᠭᠠᠯᠢ ᠪᠣᠯᠤᠨ ᠪᠣᠯᠪᠠᠰᠤᠨ ᠢᠶᠠᠷ ᠬᠠᠮᠲᠤ ᠣᠷᠣᠰᠢᠬᠤ | ᠣᠶᠢᠯᠠᠭᠠᠭᠳᠠᠬᠤᠨ ᠢ ᠣᠨ ᠰᠠᠷ᠎ᠠ ᠶᠢᠨ ᠡᠷᠭᠢᠯᠲᠡ ᠶᠢᠨ ᠳᠤᠮᠳᠠ ᠤᠯᠠᠮ ᠠᠴᠠ ᠤᠯᠠᠮ ᠲᠣᠳᠣᠷᠬᠠᠢ ᠪᠣᠯᠭᠠᠵᠤ᠂ ᠠᠮᠢ | ᠨᠠᠰᠤ ᠶᠢ ᠨᠡᠩ ᠬᠥᠩᠭᠡᠨ᠂ ᠨᠡᠩ ᠰᠢᠯᠦᠭ ᠤᠨ ᠬᠡᠯᠪᠡᠷᠢ ᠪᠠᠷ ᠡᠭᠦᠷᠢᠳᠡ ᠤᠯᠠᠮᠵᠢᠯᠠᠭᠤᠯᠤᠨᠠ᠃ ᠰᠢᠭᠤᠶᠢᠲᠤ | ᠲᠣᠭᠤᠷᠢᠭ ᠤᠨ ᠡᠯ᠎ᠡ ᠨᠡᠶᠢᠲᠡ ᠶᠢᠨ ᠣᠩᠭᠤᠨ ᠤ ᠯᠠᠪᠯᠠᠯᠲᠠ ᠶᠢᠨ ᠤᠲᠠᠰᠤ᠄ | ᠵᠢᠦ ᠯᠦᠩ ᠠᠮᠢ ᠠᠬᠤᠶ ᠶᠢᠨ ᠬᠥᠮᠦᠨ ᠰᠣᠶᠣᠯ ᠤᠨ ᠳᠤᠷᠠᠰᠬᠠᠯ ᠤᠨ ᠬᠦᠷᠢᠶᠡᠯᠡᠩ᠄ 0472 - | 872000815547305777 | ᠬᠤᠸᠠ ᠶᠠᠩ ᠠᠮᠢ ᠠᠬᠤᠶ ᠶᠢᠨ ᠬᠦᠷᠢᠶᠡᠯᠡᠩ ᠤᠨ ᠨᠡᠶᠢᠲᠡ ᠶᠢᠨ ᠣᠩᠭᠤᠨ᠄ 0472 - 3390666 | 18847216688 | |