2025 ᠣᠨ ᠤ ᠠᠩᠬᠠᠳᠤᠭᠠᠷ ᠬᠤᠭᠤᠴᠠᠭᠠᠨ ᠤ ᠴᠢᠴᠢᠭᠦᠷ ᠪᠥᠮᠪᠦᠭᠡ ᠶᠢᠨ ᠤᠷᠤᠯᠳᠤᠭᠠᠨ ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2025/5/22
        5 ᠳ᠋ᠤᠭᠠᠷ ᠰᠠᠷ᠎ᠠ ᠶᠢᠨ ᠰᠢᠭᠤᠶᠢᠲᠤ ᠬᠦᠴᠦᠨ ᠲᠡᠭᠦᠯᠳᠡᠷ᠂ ᠰᠢᠭᠤᠶᠢᠲᠤ ᠲᠣᠭᠤᠷᠢᠭ ᠤᠨ ᠶᠦᠩ ᠱᠧᠩ ᠴᠧᠩ ᠬᠡᠳᠦ ᠳᠡᠯᠭᠡᠭᠦᠷ ᠤᠨ ᠭᠤᠷᠪᠠᠳᠤᠭᠠᠷ ᠠᠰᠠᠷ ᠤᠨ ᠬᠠᠢ ᠪᠠ ᠴᠢᠴᠢᠭᠦᠷ ᠪᠥᠮᠪᠦᠭᠡ ᠶᠢᠨ ᠺᠯᠦ᠋ᠪ ᠤᠨ ᠳᠣᠲᠣᠷ᠎ᠠ ᠶᠡᠷᠦ ᠪᠤᠰᠤ ᠶᠢᠨ ᠬᠥᠭᠵᠢᠶᠡᠨ ᠲᠠᠢ᠃ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︵ᠰᠣᠶᠣᠯ ᠲᠠᠮᠢᠷ ᠤᠨ ᠲᠣᠪᠴᠢᠶ᠎ᠠ︶ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ︵ᠲᠣᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ︶᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠡᠪᠯᠡᠯ ᠤᠨ ᠲᠣᠭᠤᠷᠢᠭ᠂ ᠬᠠᠢ ᠪᠠ ᠴᠢᠴᠢᠭᠦᠷ ᠪᠥᠮᠪᠦᠭᠡ ᠶᠢᠨ ᠺᠯᠦ᠋ᠪ ᠠᠴᠠ ᠳᠠᠭᠠᠭᠠᠨ ᠡᠷᠭᠢᠯᠡᠭᠰᠡᠨ 2025 ᠣᠨ ᠤ ᠠᠩᠬᠠᠳᠤᠭᠠᠷ ᠬᠤᠭᠤᠴᠠᠭᠠᠨ ᠤ ︽ᠰᠢᠭᠤᠶᠢᠲᠤ ᠬᠤᠨᠳᠠᠭᠠᠲᠤ ︾ ᠴᠢᠴᠢᠭᠦᠷ ᠪᠥᠮᠪᠦᠭᠡ ᠶᠢᠨ ᠤᠷᠤᠯᠳᠤᠭᠠᠨ ᠭᠤᠶᠢᠳᠠ ᠰᠠᠶᠢᠬᠠᠨ ᠡᠬᠢᠯᠡᠪᠡ᠃ ᠴᠢᠴᠢᠭᠦᠷ ᠪᠥᠮᠪᠦᠭᠡ ᠶᠢᠨ ᠪᠠᠭ᠋ᠠᠷᠬᠠᠭᠴᠢᠳ ᠨᠢᠭᠡ ᠲᠠᠩᠬᠢᠮ ᠳᠤ ᠴᠤᠭᠯᠠᠷᠠᠵᠤ᠂ ᠰᠢᠷᠦᠭᠦᠨ ᠥᠷᠢᠰᠥᠯᠳᠦᠭᠡᠨ ᠥᠷᠨᠢᠭᠦᠯᠵᠦ᠂ ᠴᠢᠴᠢᠭᠦᠷ ᠪᠥᠮᠪᠦᠭᠡ ᠶᠢᠨ ᠬᠥᠳᠡᠯᠭᠡᠭᠡᠨ ᠤ ᠥᠪᠡᠷᠮᠢᠴᠡ ᠷᠢᠳᠢ ᠰᠢᠳᠢ ᠶᠢ ᠬᠠᠮᠲᠤᠪᠠᠷ ᠣᠶᠢᠯᠠᠭᠠᠪᠠ᠃
图片1.png
        ᠤᠷᠤᠯᠳᠤᠭᠠᠨ ᠤ ᠲᠤᠬᠠᠶ ᠶᠢᠨ ᠲᠠᠯᠠᠪᠠᠢ ᠳᠤ᠂ ᠠᠭᠤᠷ ᠠᠮᠢᠰᠬᠤᠯ ᠪᠠᠴᠢᠮ ᠪᠥᠭᠡᠳ ᠬᠦᠷ ᠬᠥᠭᠵᠢᠶᠡᠨ ᠲᠠᠢ ᠪᠠᠶᠢᠯ᠎ᠠ᠃ ᠲᠠᠮᠢᠷᠴᠢᠳ ᠪᠦᠬᠦ ᠠᠩᠬᠠᠷᠤᠯ ᠢᠶᠠᠨ ᠲᠥᠪᠯᠡᠷᠡᠭᠦᠯᠵᠦ᠂ ᠭᠠᠷ ᠲᠤ ᠪᠠᠨ ᠪᠥᠮᠪᠥᠭᠡᠨ ᠡᠰᠢ ᠶᠢ ᠪᠠᠷᠢᠵᠤ᠂ ᠨᠢᠳᠦᠨ ᠬᠠᠷᠠᠴᠠ  ᠨᠢ ᠬᠠᠷᠠᠯᠲᠠ ᠪᠥᠮᠪᠦᠭᠡ ᠪᠠᠨ ᠣᠨᠤᠰᠢᠯᠠᠨ᠎ᠠ ᠃ ᠪᠡᠶ᠎ᠡ ᠪᠥᠬᠦᠶᠢᠨ᠂ ᠪᠦᠮᠪᠦᠭᠡᠨ ᠡᠰᠢ ᠪᠠᠨ ᠪᠠᠷᠢᠨ᠂ ᠲᠠᠲᠠᠭᠤᠷᠭ᠎ᠠ ᠣᠨᠢᠯᠠᠵᠤ᠂ ᠡᠰᠢ ᠲᠠᠲᠠᠵᠤ ᠨᠢᠭᠡ ᠯᠡ ᠠᠮᠢᠰᠬᠤᠭ᠎ᠠ ᠪᠠᠷ ᠶᠠᠪᠤᠭᠳᠠᠭᠤᠯᠪᠠ ᠂ ᠲᠠᠮᠢᠷᠴᠢᠳ ᠭᠠᠷ ᠲᠤ ᠪᠠᠨ ᠪᠥᠮᠪᠥᠭᠡᠨ ᠡᠰᠢ ᠶᠢ ᠪᠠᠷᠢᠵᠤ᠂ ᠰᠢᠷᠡᠭᠡᠨ ᠳᠡᠭᠡᠷᠡᠬᠢ ᠪᠥᠮᠪᠦᠭᠡ ᠶᠢ ᠰᠡᠳᠬᠢᠯ ᠲᠠᠯᠪᠢᠨ ᠠᠩᠬᠠᠷᠴᠤ᠂ ᠪᠥᠮᠪᠦᠭᠡ ᠴᠣᠬᠢᠬᠤ ᠬᠠᠷᠠᠭᠠᠰᠤ ᠪᠣᠯᠤᠨ ᠡᠷᠴᠢᠮ ᠢᠶᠠᠨ ᠪᠣᠳᠤᠯᠬᠢᠯᠠᠵᠤ ᠪᠠᠶᠢᠯ᠎ᠠ ᠃ ᠤᠳᠠᠭ᠎ᠠ ᠪᠦᠷᠢ ᠪᠥᠮᠪᠦᠭᠡ ᠴᠣᠬᠢᠬᠤ ᠳᠤ ᠴᠥᠮ ᠬᠡᠪᠡᠷᠡᠭ ᠮᠥᠷᠭᠦᠯᠳᠦᠬᠦ ᠳᠠᠭᠤᠨ ᠢ ᠳᠠᠭᠠᠯᠳᠤᠨ᠂ ᠴᠢᠴᠢᠭᠦᠷ ᠪᠥᠮᠪᠦᠭᠡ ᠨᠣᠭᠤᠭᠠᠨ ᠰᠢᠷᠡᠭᠡᠨ ᠳᠡᠭᠡᠷ᠎ᠡ ᠲᠦᠷᠭᠡᠨ ᠦᠩᠭᠦᠷᠢᠵᠦ ᠂ ᠵᠠᠷᠢᠮ ᠳᠤ ᠪᠠᠨ ᠪᠦᠮᠪᠦᠭᠡᠨ ᠤᠭᠤᠲᠠᠨ ᠳᠤ ᠣᠨᠤᠪᠴᠢᠲᠠᠢ ᠣᠷᠣᠵᠤ ᠂ ᠵᠠᠷᠢᠮ ᠳᠤ ᠪᠠᠨ ᠬᠠᠷᠢᠯᠴᠠᠨ ᠮᠦᠷᠭᠦᠯᠳᠦᠵᠦ ᠴᠢᠭᠯᠡᠯ ᠢᠶᠠᠨ ᠬᠤᠪᠢᠷᠠᠭᠤᠯᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠮᠠᠭᠲᠠᠭᠠᠯ ᠰᠠᠶᠢᠰᠢᠶᠠᠯ ᠢ ᠣᠯᠣᠨ᠎ᠠ ᠃        ︽ᠤᠳᠤ ᠪᠢ ᠮᠠᠰᠢ ᠶᠡᠭᠡ ᠰᠡᠳᠬᠢᠯ ᠳᠣᠭᠳᠣᠯᠵᠤ ᠪᠤᠢ ᠂ ᠡᠨᠡ ᠤᠳᠠᠭᠠᠨ ᠤ ᠤᠷᠤᠯᠳᠤᠭᠠᠨ ᠳᠤ ᠮᠠᠰᠢ ᠤᠷᠮ᠎ᠠ ᠵᠣᠷᠢᠭ ᠲᠠᠢ ᠪᠠᠶᠢᠨ᠎ᠠ ᠂ ᠲᠡᠮᠡᠴᠡᠯᠳᠦᠭᠡᠨ ᠪᠦᠷᠢ ᠳᠤ ᠴᠥᠮ ᠮᠢᠨᠦ ᠬᠠᠯᠠᠭᠤᠨ ᠴᠢᠰᠤ ᠣᠷᠭᠢᠯᠵᠤ ᠪᠤᠢ ᠂ ᠡᠰᠡᠷᠭᠦ ᠡᠲᠡᠭᠡᠳ ᠤᠨ ᠪᠣᠳᠠᠲᠤ ᠬᠦᠴᠦᠨ ᠴᠦ ᠮᠠᠰᠢ ᠴᠢᠩᠭ᠎ᠠ ᠪᠠᠶᠢᠨ᠎ᠠ᠂ ᠭᠡᠪᠡᠴᠦ ᠪᠢ ᠥᠴᠦᠬᠡᠨ ᠴᠦ ᠤᠬᠤᠷᠢᠬᠤ ᠦᠭᠡᠢ᠂ ᠪᠥᠬᠦ ᠬᠦᠴᠦᠨ ᠢᠶᠠᠷ ᠢᠶᠠᠨ ᠴᠢᠷᠮᠠᠶᠢᠨ᠎ᠠ︾ ᠭᠡᠵᠦ ᠲᠠᠷᠢᠶᠠᠯᠠᠩ ᠮᠠᠯ ᠠᠵᠤ ᠠᠬᠤᠶ ᠤᠰᠤᠨ ᠤ ᠶᠠᠪᠤᠳᠠᠯ ᠤᠨ ᠲᠣᠪᠴᠢᠶᠠᠨ ᠤ ᠶᠠᠨ ᠴᠢᠶᠠᠩ ᠴᠢᠷᠠᠶ ᠳᠦᠭᠦᠷᠡᠩ ᠪᠠᠶᠠᠷ ᠬᠥᠷ ᠲᠠᠢ ᠪᠠᠷ ᠥᠪᠡᠷ ᠤᠨ ᠤᠷᠤᠯᠳᠤᠭᠠᠨ ᠤ ᠲᠥᠷᠥᠭᠳᠡᠯ ᠢᠶᠠᠨ ᠬᠤᠪᠢᠶᠠᠯᠴᠠᠨ᠎ᠠ ᠂ ︽ᠮᠠᠨ ᠤ ᠲᠣᠭᠤᠷᠢᠭ ᠲᠤ ᠦᠷᠭᠦᠯᠵᠢ ᠡᠶᠢᠮᠦ ᠤᠷᠤᠯᠳᠤᠭᠠᠨ ᠶᠠᠪᠤᠭᠤᠯᠬᠤ ᠶᠢ ᠬᠦᠰᠡᠵᠦ ᠪᠠᠶᠢᠨ᠎ᠠ ᠂ ᠪᠥᠮᠪᠦᠭᠡ ᠶᠢᠨ ᠮᠡᠷᠭᠡᠵᠢᠯ ᠢᠶᠠᠨ ᠪᠣᠯᠪᠠᠰᠤᠷᠠᠬᠤ ᠪᠠᠷ ᠪᠠᠷᠠᠬᠤ ᠥᠬᠡᠶ ᠪᠠᠰᠠ ᠰᠢᠨ᠎ᠡ ᠪᠥᠮᠪᠥᠭᠡᠨ ᠨᠠᠶᠢᠵᠠ ᠲᠠᠢ ᠲᠠᠨᠢᠯᠴᠠᠵᠤ᠂ ᠬᠤᠶᠢᠰᠢᠳᠠ ᠶᠢᠨ ᠠᠵᠢᠯ ᠤᠨ ᠴᠢᠯᠥᠭᠡ ᠪᠠᠷ ᠢᠶᠠᠨ ᠪᠠᠰᠠ ᠬᠠᠮᠲᠤ ᠪᠠᠷ ᠤᠷ᠎ᠠ ᠮᠡᠷᠭᠡᠵᠢᠯ ᠢᠶᠠᠨ ᠰᠣᠯᠢᠯᠴᠠᠬᠤ ᠪᠣᠯᠤᠨ᠎ᠠ᠂ ᠦᠨᠡᠬᠡᠷ ᠭᠤᠶᠣ ︕︾ ᠭᠡᠪᠡ᠃ ᠲᠣᠰ ᠤᠳᠠᠭᠠᠨ ᠤ ᠤᠷᠤᠯᠳᠤᠭᠠᠨ ᠨᠢ ᠲᠠᠮᠢᠷᠴᠢᠳ ᠲᠤ ᠤᠷᠤᠯᠳᠤᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠣᠯᠠᠨ ᠤ ᠰᠣᠯᠢᠯᠴᠠᠭ᠎ᠠ ᠬᠢᠵᠦ ᠨᠥᠬᠦᠷᠯᠡᠯ ᠢᠶᠠᠨ ᠵᠤᠵᠠᠭᠠᠳᠬᠠᠬᠤ ᠬᠥᠭᠦᠷᠭᠡ ᠪᠣᠯᠤᠭᠰᠠᠨ ᠪᠠᠶᠢᠨ᠎ᠠ᠃
        ᠮᠢᠩ ᠶᠠᠩ ᠠᠴᠠ ᠢᠷᠡᠭᠰᠡᠨ ᠴᠢᠴᠢᠭᠦᠷ ᠪᠥᠮᠪᠦᠭᠡ ᠶᠢᠨ ᠳᠤᠷ᠎ᠠ ᠪᠠᠭ᠋ᠠᠲᠠᠨ ᠰᠦᠩ ᠽᠢ ᠾᠧᠩ ᠠᠳᠠᠯᠢᠬᠠᠨ ᠰᠡᠳᠬᠢᠯ ᠳᠣᠭᠳᠣᠯᠵᠤ ᠪᠠᠶᠢᠯ᠎ᠠ᠃ ᠲᠡᠷᠡ ᠰᠤᠷᠪᠤᠯᠵᠢᠯᠠᠭᠴᠢ ᠳᠤ᠄ ︽ᠪᠠᠶᠢᠭᠤᠯᠭ᠎ᠠ ᠶᠢᠨ ᠬᠠᠮᠲᠤ ᠠᠵᠢᠯᠲᠠᠨ ᠨᠠᠳᠠ ᠳᠤ ᠮᠠᠨ ᠤ ᠲᠣᠭᠤᠷᠢᠭ ᠲᠤ ᠴᠢᠴᠢᠭᠦᠷ ᠪᠥᠮᠪᠦᠭᠡ ᠶᠢᠨ ᠤᠷᠤᠯᠳᠤᠭᠠᠨ ᠪᠠᠶᠢᠬᠤ ᠶᠢ ᠬᠡᠯᠡᠪᠡ ᠂ ᠶᠠᠭ ᠰᠠᠶᠢᠨ ᠪᠢ ᠴᠢᠴᠢᠭᠦᠷ ᠪᠦᠮᠪᠦᠭᠡ ᠶᠢᠨ  ᠲᠤᠷᠠᠭ ᠪᠠᠭ᠋ᠠᠲᠠᠨ ᠪᠣᠯᠬᠤᠷ ᠡᠷᠡᠰ ᠰᠢᠭᠤᠷᠬᠠᠶ ᠨᠡᠷ᠎ᠡ ᠮᠡᠳᠡᠭᠦᠯᠵᠡᠢ ᠃ ᠣᠳᠣ ᠪᠢ ᠮᠠᠰᠢ ᠰᠡᠳᠬᠢᠯ ᠳᠣᠭᠳᠣᠯᠵᠤ ᠪᠠᠶᠢᠨ᠎ᠠ᠂ ᠰᠠᠶ᠋ᠢᠬᠠᠨ ᠪᠤᠰᠤᠳ ᠲᠠᠮᠢᠷᠴᠢᠳ ᠮᠠᠰᠢ ᠰᠢᠷᠦᠭᠦᠨ ᠪᠠᠶᠢᠯᠳᠤᠵᠤ ᠪᠠᠶᠢᠯ᠎ᠠ ᠂ ᠤᠳᠠᠯ ᠦᠭᠡᠢ ᠮᠢᠨᠦ ᠡᠭᠡᠯᠵᠢ ᠪᠣᠯᠬᠤ ᠭᠡᠵᠦ ᠪᠠᠶᠢᠨ᠎ᠠ ᠂ ᠥᠪᠡᠷ ᠤᠨ ᠰᠠᠶᠢᠨ ᠬᠢᠷᠢ ᠪᠦᠲᠦᠮᠵᠢ ᠣᠯᠵᠤ᠂ ᠡᠷᠡᠯᠬᠡᠭ ᠪᠠᠭᠠᠲᠤᠷᠯᠢᠭ ᠢᠶᠠᠷ ᠮᠠᠩᠯᠠᠶᠢᠯᠠᠬᠤ ᠶᠢ ᠬᠦᠰᠡᠵᠦ ᠪᠠᠶᠢᠨ᠎ᠠ︕︾ ᠭᠡᠵᠦ ᠬᠡᠯᠡᠪᠡ ᠂ ᠲᠡᠭᠦᠨ ᠤ ᠶᠠᠷᠢᠶᠠᠨ ᠳᠤᠮᠳᠠ᠂ ᠲᠡᠭᠦᠨ ᠤ ᠨᠢᠳᠦᠨ ᠬᠠᠷᠠᠴᠠ ᠳᠤ ᠡᠷᠡᠰ ᠪᠠᠲᠤ ᠪᠠ ᠢᠲᠡᠭᠡᠯ ᠢᠯᠡᠷᠡᠨ᠎ᠡ ᠃        ᠤᠷᠤᠯᠳᠤᠭᠠᠨ ᠤ ᠦᠷᠭᠦᠯᠵᠢᠯᠡᠨ ᠶᠠᠪᠤᠭᠳᠠᠬᠤ ᠶᠢ ᠳᠠᠭᠠᠯᠳᠤᠨ᠂ ᠲᠠᠮᠢᠷᠴᠢᠳ ᠴᠢᠴᠢᠭᠦᠷ ᠪᠥᠮᠪᠦᠭᠡ ᠶᠢᠨ ᠰᠢᠷᠡᠭᠡᠨ ᠳᠡᠭᠡᠷ᠎ᠡ ᠨᠢᠭᠡ ᠲᠠᠯᠠᠪᠤᠷ ᠭᠤᠢᠳᠠ ᠰᠠᠶᠢᠬᠠᠨ ᠲᠡᠮᠡᠴᠡᠯ ᠬᠢᠪᠡ᠃ ᠲᠡᠳᠡ ᠬᠠᠶᠠ ᠪᠥᠬᠦ᠋ᠢᠵᠦ᠂ ᠣᠨᠤᠪᠴᠢᠲᠠᠢ ᠪᠦᠮᠪᠦᠭᠡ ᠴᠢᠴᠢᠨ᠎ᠡ ︔ ᠬᠠᠶᠠ ᠪᠡᠶ᠎ᠡ ᠦᠨᠳᠡᠶᠢᠨ ᠠᠵᠢᠭᠯᠠᠵᠤ᠂  ᠠᠷᠭ᠎ᠠ ᠪᠣᠳᠣᠯᠭ᠎ᠠ ᠪᠠᠨ ᠲᠣᠬᠢᠷᠠᠭᠤᠯᠤᠨ᠎ᠠ᠃ ᠤᠳᠠᠭ᠎ᠠ ᠪᠦᠷᠢ ᠶᠢᠨ ᠪᠥᠮᠪᠦᠭᠡ ᠣᠷᠣᠭᠤᠯᠬᠤ ᠨᠢ ᠪᠦᠷ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠣᠷᠭᠢᠯ ᠳᠤ ᠬᠦᠷᠭᠡᠵᠦ᠂ ᠦᠵᠡᠭᠴᠢᠳ ᠪᠦᠷ ᠲᠠᠮᠢᠷᠴᠢᠳ ᠤᠨ ᠤᠷᠠᠨ ᠨᠠᠷᠢᠯᠢᠭ ᠪᠥᠮᠪᠦᠭᠡ ᠶᠢᠨ ᠮᠡᠷᠭᠡᠵᠢᠯ ᠳᠤ ᠠᠯᠠᠭ᠎ᠠ ᠲᠠᠰᠢᠵᠤ ᠪᠠᠶᠠᠷ  ᠬᠦᠷᠭᠡᠨ᠎ᠡ ᠃
        ︽ᠲᠣᠰ ᠤᠳᠠᠭ᠎ᠠ ︿ᠰᠢᠭᠤᠶᠢᠲᠤ ᠬᠤᠨᠳᠠᠭᠠᠲᠤ﹀ ᠴᠢᠴᠢᠭᠦᠷ ᠪᠥᠮᠪᠦᠭᠡ ᠶᠢᠨ ᠤᠷᠤᠯᠳᠤᠭᠠᠨ ᠢ ᠡᠷᠬᠢᠯᠡᠭᠰᠡᠨ ᠨᠢ ᠥᠷᠭᠡᠨ ᠣᠯᠠᠨ ᠴᠢᠴᠢᠭᠦᠷ ᠪᠥᠮᠪᠦᠭᠡ ᠶᠢᠨ ᠳᠤᠷ᠎ᠠ ᠪᠠᠭ᠋ᠠᠲᠠᠨ ᠳᠤ ᠤᠷ᠎ᠠ ᠮᠡᠷᠭᠡᠵᠢᠯ ᠢᠶᠠᠨ ᠰᠣᠯᠢᠯᠴᠠᠬᠤ᠂ ᠰᠣᠯᠢᠯᠴᠠᠨ ᠦᠢᠯᠡᠳᠦᠯᠴᠡᠬᠦ ᠲᠠᠪᠴᠠᠩ ᠢ ᠪᠠᠶᠢᠭᠤᠯᠤᠨ ᠥᠭᠴᠦ᠂ ᠣᠯᠠᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠶᠢᠨ ᠲᠥᠯᠥᠭᠡ ᠶᠤᠮ︾ ᠭᠡᠵᠦ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ︵ᠰᠣᠶᠣᠯ ᠲᠠᠮᠢᠷ ᠤᠨ ᠲᠣᠪᠴᠢᠶ᠎ᠠ︶ ᠤᠨ ᠪᠡᠶ᠎ᠡ ᠶᠢᠨ ᠲᠠᠮᠢᠷ ᠤᠨ ᠲᠤᠭᠤᠶᠢᠯᠠᠩ ᠤᠨ ᠳᠠᠷᠤᠭ᠎ᠠ ᠯᠦ ᠯᠢ ᠵᠦ ᠢᠯᠡᠷᠬᠡᠶᠢᠯᠡᠪᠡ ᠂ ᠳᠠᠷᠠᠭ᠎ᠠ ᠠᠯᠬᠤᠮ ᠳᠤ᠂ ᠲᠣᠭᠤᠷᠢᠭ ᠤᠨ ᠰᠣᠶᠣᠯ ᠲᠠᠮᠢᠷ ᠤᠨ ᠲᠣᠪᠴᠢᠶ᠎ᠠ ᠨᠢ ︽ᠪᠡᠶ᠎ᠡ ᠶᠢᠨ ᠲᠠᠮᠢᠷ + ᠵᠢᠭᠤᠯᠴᠢᠯᠠᠯ + ᠰᠣᠶᠣᠯ︾ ᠢᠶᠠᠷ ᠭᠤᠣᠯ ᠪᠣᠯᠭᠠᠭᠰᠠᠨ ᠪᠦᠬᠦ ᠦᠵᠡᠮᠵᠢ ᠶᠢᠨ ᠥᠪᠥᠷ ᠮᠣᠩᠭᠤᠯ ᠤᠨ ᠰᠢᠷᠢᠰ ᠤᠷᠤᠯᠳᠤᠭᠠᠨ ᠤ ᠠᠵᠢᠯᠯᠠᠭ᠎ᠠ ᠶᠢ ᠢᠳᠡᠪᠬᠢᠲᠡᠢ ᠪᠠᠶᠢᠭᠤᠯᠵᠤ ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠣᠨᠣᠯᠵᠢᠬᠤᠨ ᠢ ᠬᠥᠮᠦᠰ ᠤᠨ ᠰᠡᠳᠭᠢᠯ ᠳᠤ ᠭᠦᠨ ᠬᠠᠳᠠᠩᠰᠢᠭᠤᠯᠤᠨ᠎ᠠ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号