﹇ᠲᠤᠭ᠎ᠠ ᠪᠠᠷᠢᠮᠲᠠ ᠶᠢᠨ ᠨᠡᠶᠢᠲᠡᠯᠡᠯ﹈ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠠᠩᠬᠠᠨ ᠤ ᠰᠢᠯᠭᠠᠯᠲᠠ ᠢᠯᠠᠯᠲᠠ ᠣᠯᠪᠠ — 2025 ᠣᠨ ᠤ ᠨᠢᠭᠡᠳᠦᠭᠡᠷ ᠤᠯᠠᠷᠢᠯ ᠤᠨ ᠰᠢᠭᠤᠶᠢᠲᠤ ᠲᠣᠭᠤᠷᠢᠭ ᠤᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠵᠠᠳᠠᠯᠤᠯᠲᠠ
ᠨᠡᠶᠢᠲᠡᠯᠡᠭᠰᠡᠨ ᠴᠠᠭ᠄
2025/5/22
        2025 ᠣᠨ ᠪᠣᠯ ᠰᠢᠭᠤᠶᠢᠲᠤ ᠲᠣᠭᠤᠷᠢᠭ ᠤᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠣᠨᠴᠠᠯᠢᠭ ᠢᠶᠠᠷ ᠢᠯᠡ ᠲᠣᠳᠣ ᠴᠢᠨᠠᠷ ᠰᠠᠶᠢᠲᠠᠶ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠬᠤᠰᠢᠭᠤᠴᠢ ᠣᠷᠣᠨ ᠢ ᠪᠥᠲᠥᠭᠡᠨ ᠪᠠᠶᠢᠭᠤᠯᠬᠤ ᠵᠠᠩᠭᠢᠯᠠᠭ᠎ᠠ ᠶᠢᠨ ᠵᠢᠯ ᠪᠣᠯᠤᠨ᠎ᠠ᠂ ᠪᠥᠬᠦ ᠲᠣᠭᠤᠷᠢᠭ ᠢᠶᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠠᠵᠤ ᠠᠬᠤᠶ ᠶᠢᠨ ᠠᠵᠢᠯ ᠤᠨ ᠲᠤᠬᠠᠶ ᠲᠠᠪᠤᠨ ︽ᠡᠷᠬᠡᠪᠰᠢ ᠨᠢᠭᠡᠳᠦᠯᠲᠡᠶ ᠲᠦᠯᠦᠪᠯᠡᠬᠦ ︾ ᠵᠢᠮ᠎ᠡ ᠶᠣᠰᠣᠴᠢ ᠴᠢᠨᠠᠷᠲᠠᠶ ᠲᠠᠨᠢᠯᠲᠠ ᠶᠢ ᠵᠢᠷᠤᠮᠯᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠰᠢᠭᠤᠶᠢᠲᠤ ᠲᠣᠭᠤᠷᠢᠭ ᠤᠨ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠲᠣᠭᠤᠷᠢᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ︽ᠭᠤᠷᠪᠠ ᠠᠴᠠ ᠬᠤᠶᠠᠷ ᠢ ᠡᠷᠢᠬᠦ︾ ᠶᠢ ᠪᠣᠳᠠᠲᠠᠶ ᠨᠠᠷᠢᠯᠢᠭᠬᠢᠵᠦ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠨᠢᠭᠡᠳᠦᠭᠡᠷ ᠤᠯᠠᠷᠢᠯ ᠳᠤ᠂ ᠪᠥᠬᠦ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠵᠢᠱᠢᠭᠰᠡᠨ ᠠᠴᠠ ᠪᠠᠨ ᠰᠠᠶᠢᠨ ᠪᠣᠯᠵᠣ᠂ ᠴᠢᠨᠠᠷ ᠰᠠᠶᠢᠲᠠᠶ ᠬᠥᠭᠵᠢᠯᠲᠡ ᠯᠠᠪᠳᠠᠭᠤᠨ ᠪᠠᠲᠤᠲᠠᠶ ᠪᠠᠶᠢᠵᠤ ᠂ ︽ᠠᠩᠬᠠᠨ ᠤ ᠰᠢᠯᠭᠠᠯᠲᠠ︾ ᠢᠯᠠᠯᠲᠠ ᠤᠯᠬᠤ ᠶᠢ ᠪᠡᠶᠡᠯᠡᠭᠦᠯᠪᠡ᠃        GDP ᠶᠢᠨ ᠨᠡᠮᠡᠭᠳᠡᠯ ᠤᠨ ᠬᠤᠷᠳᠤᠴᠠ ᠳᠥᠷᠪᠡᠨ ᠤᠯᠠᠷᠢᠯ ᠳᠠᠷᠠᠭᠠᠯᠠᠨ ᠪᠦᠬᠦ ᠬᠤᠲᠠ ᠶᠢᠨ ᠡᠮᠦᠨ᠎ᠡ ᠭᠤᠷᠪᠠᠳᠤᠭᠠᠷ ᠢ ᠪᠠᠲᠤᠯᠠᠵᠤ ᠂ ᠠᠳᠠᠯᠢ ᠬᠤᠭᠤᠴᠠᠭᠠᠨ ᠤ ᠬᠢ ᠠᠴᠠ 9.3% ᠪᠠᠷ ᠨᠡᠮᠡᠭᠳᠡᠵᠦ᠂ ᠬᠠᠷᠠᠯᠲᠠ ᠠᠴᠠ ᠪᠠᠨ 1.3 ᠵᠠᠭᠤᠨ ᠤ ᠴᠡᠭ ᠳᠠᠪᠠᠪᠠ᠂ ᠪᠦᠬᠦ  ᠤᠯᠤᠰ ︵5.4%︶᠂ ᠪᠦᠬᠦ ᠣᠷᠣᠨ ︵5.4%︶ ᠪᠠ ᠪᠦᠬᠦ ᠬᠤᠲᠠ ︵7.1%︶ ᠠᠴᠠ ᠲᠤᠰ  ᠲᠤᠰ 3.9᠂ 3.9᠂ 2.2 ᠵᠠᠭᠤᠨ ᠤ ᠴᠡᠭ ᠦᠨᠳᠦᠷ ᠪᠣᠯᠪᠠ ᠃ ᠭᠤᠷᠪᠠᠨ ᠠᠵᠤ ᠦᠢᠯᠡᠰ ᠤᠨ ᠬᠠᠷᠢᠴᠠᠯ ᠨᠢ 0.55᠄ 75.92᠄ 23.53 ᠪᠠᠶᠢᠵᠤ᠂ ᠪᠥᠬᠦ ᠲᠣᠭᠤᠷᠢᠭ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 0.4%᠂ 85.4% ᠪᠠ 14.2% ᠪᠣᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 15 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠶᠢᠨ ᠨᠡᠮᠡᠭᠳᠡᠯ ᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 17.5% ᠪᠠᠷ ᠨᠡᠮᠡᠭᠳᠡᠨ᠂ ᠬᠠᠷᠠᠯᠲᠠ ᠠᠴᠠ ᠪᠠᠨ 2.5 ᠵᠠᠭᠤᠨ ᠤ ᠴᠡᠭ ᠳᠠᠪᠠᠵᠤ᠂ ᠪᠥᠬᠦ ᠬᠤᠲᠠ ᠶᠢᠨ ᠲᠠᠪᠤᠳᠤᠭᠠᠷ ᠲᠤ ᠵᠢᠭᠰᠠᠭᠠᠭᠳᠠᠵᠤ᠂ ᠪᠥᠬᠦ ᠤᠯᠤᠰ ︵6.5%︶᠂ ᠪᠥᠬᠦ ᠥᠪᠡᠷᠲᠡᠭᠡᠨ ᠵᠠᠰᠠᠬᠤ ᠣᠷᠣᠨ ︵7.0%︶᠂ ᠪᠥᠬᠦ ᠬᠤᠲᠠ ︵13.0%︶ ᠠᠴᠠ ᠲᠤᠰ  ᠲᠤᠰ 11.0᠂ 10.5᠂ 4.5 ᠵᠠᠭᠤᠨ ᠤ ᠴᠡᠭ ᠥᠨᠳᠥᠷ ᠪᠣᠯᠪᠠ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ 15 ᠰᠠᠷ᠎ᠠ ᠳᠠᠷᠠᠭᠠᠯᠠᠨ 30% ᠠᠴᠠ ᠳᠡᠭᠡᠭᠰᠢ ᠥᠨᠳᠥᠷ ᠪᠠᠶᠢᠷᠢᠨ ᠳᠤ ᠠᠵᠢᠯᠯᠠᠬᠤ ᠶᠢ ᠪᠠᠲᠤᠯᠠᠵᠤ᠂ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠵᠦ᠂ ᠪᠦᠬᠦ ᠬᠤᠲᠠ ᠳᠤ ᠲᠠᠪᠤᠳᠤᠭᠠᠷ ᠲᠤ ᠣᠷᠣᠵᠤ᠂ ᠬᠠᠷᠠᠯᠲᠠ ᠠᠴᠠ ᠪᠠᠨ 16.7 ᠵᠠᠭᠤᠨ ᠤ ᠴᠡᠭ ᠳᠠᠪᠠᠵᠤ᠂ ᠪᠥᠬᠦ ᠤᠯᠤᠰ ︵4.2%︶᠂ ᠪᠥᠬᠦ ᠥᠪᠡᠷᠲᠡᠭᠡᠨ ᠵᠠᠰᠠᠬᠤ ᠣᠷᠣᠨ ︵20.0%︶᠂ ᠪᠥᠬᠦ ᠬᠤᠲᠠ ︵20.9%︶ ᠠᠴᠠ ᠲᠤᠰ ᠲᠤᠰ 32.5᠂ 16.7᠂ 15.8 ᠵᠠᠭᠤᠨ ᠤ ᠴᠡᠭ ᠦᠨᠳᠦᠷ ᠪᠣᠯᠪᠠ ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠶᠢᠨ ᠨᠡᠮᠡᠭᠳᠡᠯ ᠤᠳᠠᠭᠠᠰᠢᠷᠠᠬᠤ ᠬᠠᠨᠳᠤᠰᠢ ᠲᠠᠢ ᠪᠣᠯᠵᠤ ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠪᠡ᠃        ᠨᠢᠭᠡ᠂ ᠠᠵᠤ ᠦᠢᠯᠡᠳᠪᠦᠷᠢ ᠶᠢᠨ ᠠᠵᠤ ᠠᠬᠤᠶ ᠶᠢᠨ ᠲᠤᠯᠭᠠᠭᠤᠷᠢᠯᠠᠬᠤ ᠦᠢᠯᠡᠳᠦᠯ ᠲᠣᠪᠤᠶᠢᠮ᠎ᠠ ᠪᠠᠶᠢᠵᠤ᠂ ︽ᠰᠠᠭᠤᠷᠢ ᠴᠢᠯᠠᠭᠤ︾ ᠶᠢᠨ ᠦᠢᠯᠡᠳᠦᠯ ᠦᠷᠭᠦᠯᠵᠢᠯᠡᠨ ᠪᠠᠳᠠᠷᠠᠪᠠ        ᠠᠵᠢᠯ ᠲᠥᠷᠥᠯ ᠤᠨ ᠬᠥᠭᠵᠢᠯᠲᠡ ᠠᠴᠠ ᠦᠵᠡᠪᠡᠯ᠂ ᠭᠤᠷᠪᠠᠨ ᠲᠣᠮᠣ ᠲᠥᠷᠥᠯ ᠵᠦᠢᠯ ︽ᠨᠢᠭᠡ ᠨᠡᠮᠡᠭᠳᠡᠵᠦ ᠨᠢᠭᠡ ᠤᠳᠠᠭᠠᠰᠢᠷᠠᠵᠤ ᠨᠢᠭᠡ ᠪᠠᠭᠤᠷᠠᠬᠤ ︾ ᠪᠠᠶᠢᠳᠠᠯ ᠢᠯᠡᠷᠡᠪᠡ ᠃ ᠠᠭᠤᠷᠬᠠᠶ ᠮᠠᠯᠲᠠᠬᠤ ᠦᠢᠯᠡᠰ ︽ᠰᠥᠭᠡᠷᠭᠦ  ᠠᠴᠠ ᠪᠠᠨ ᠡᠶᠡᠷᠭᠦ ᠪᠤᠯᠵᠤ︾᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 0.5% ᠪᠠᠷᠨᠡᠮᠡᠭᠳᠡᠪᠡ︔ ᠦᠢᠯᠡᠳᠬᠦ ᠦᠢᠯᠡᠰ 33.5% ᠪᠠᠷ ᠨᠡᠮᠡᠭᠳᠡᠪᠡ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 8.7% ᠪᠠᠷ ᠪᠠᠭᠤᠷᠠᠪᠠ᠃ ᠦᠢᠯᠡᠳᠬᠦ ᠦᠢᠯᠡᠰ ᠨᠢ ᠮᠥᠨ ᠬᠦ ᠪᠦᠬᠦ ᠲᠣᠭᠤᠷᠢᠭ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠭᠤᠤᠯᠯᠠᠬᠤ ᠬᠥᠳᠡᠯᠭᠡᠬᠦ ᠬᠦᠴᠦᠨ ᠪᠣᠯᠵᠤ᠂ ᠪᠦᠬᠦ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠬᠤᠪᠢ ᠨᠡᠮᠡᠷᠢ ᠶᠢᠨ ᠨᠣᠷᠮ᠎ᠠ ᠨᠢ 96.2% ᠲᠤ ᠬᠦᠷᠴᠦ᠂ 16.8 ᠵᠠᠭᠤᠨ ᠤ ᠴᠡᠭ ᠤᠨ ᠨᠡᠮᠡᠭᠳᠡᠯ ᠢ ᠳᠠᠶᠢᠴᠢᠯᠠᠪᠠ᠃ 12 ᠠᠵᠢᠯ ᠲᠥᠷᠥᠯ ᠤᠨ ᠳᠣᠲᠣᠷ᠎ᠠ᠂ 5 ᠠᠵᠢᠯ ᠲᠥᠷᠥᠯ ᠤᠨ ᠨᠡᠮᠡᠭᠳᠡᠯ ᠤᠨ ᠬᠤᠷᠳᠤᠴᠠ ᠨᠢ ᠪᠥᠬᠦ ᠲᠣᠭᠤᠷᠢᠭ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠣ᠂ 8 ᠠᠵᠢᠯ ᠲᠥᠷᠥᠯ ᠡᠶᠡᠷᠭᠦ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 66.7% ᠳᠤ ᠬᠥᠷᠪᠡ᠃ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠳᠠᠶᠢᠴᠢᠯᠠᠬᠤ ᠦᠢᠯᠡᠳᠦᠯ  ᠨᠢ ᠡᠮᠦᠨ᠎ᠡ ᠭᠤᠷᠪᠠ ᠳᠤ ᠵᠢᠭᠰᠠᠭᠠᠭᠳᠠᠭᠰᠠᠨ ᠴᠠᠬᠢᠯᠭᠠᠨ ᠮᠠᠰᠢᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠳᠠᠶᠢᠴᠢᠯᠠᠬᠤ ᠦᠢᠯᠡᠳᠦᠯ ᠬᠠᠮᠤᠭ ᠤᠨ ᠴᠢᠩᠭ᠎ᠠ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 73.6% ᠪᠠᠷ ᠨᠡᠮᠡᠭᠳᠡᠵᠦ᠂ 12.6 ᠵᠠᠭᠤᠨ ᠤ ᠴᠡᠭ ᠢ  ᠳᠠᠶᠢᠴᠢᠯᠠᠪᠠ ︔ ᠬᠠᠷ᠎ᠠ ᠲᠡᠮᠦᠷᠯᠢᠭ ᠬᠠᠶᠢᠯᠤᠭᠤᠯᠬᠤ ᠪᠠ ᠳᠠᠷᠤᠵᠤ ᠤᠷᠲᠤᠳᠬᠠᠨ ᠪᠣᠯᠪᠠᠰᠤᠷᠠᠭᠤᠯᠬᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 12.5% ᠪᠠᠷ ᠨᠡᠮᠡᠭᠳᠡᠵᠦ᠂ 3.5 ᠵᠠᠭᠤᠨ ᠤ ᠴᠡᠭ ᠤᠨ ᠨᠡᠮᠡᠭᠳᠡᠯ ᠢ ᠳᠠᠶᠢᠴᠢᠯᠠᠪᠠ︔ ᠲᠡᠮᠦᠷᠯᠢᠭ ᠪᠤᠰᠤ ᠬᠦᠳᠡᠷ ᠤᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 72.7% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 1.4 ᠵᠠᠭᠤᠨ ᠤ ᠴᠡᠭ ᠳᠠᠶᠢᠴᠢᠯᠠᠪᠠ ᠃        ᠭᠤᠣᠯᠳᠠᠯᠭ᠎ᠠ ᠪᠣᠯᠬᠤ ᠠᠵᠤ ᠦᠢᠯᠡᠰ ᠠᠴᠠ ᠦᠵᠡᠪᠡᠯ᠂ ᠲᠤᠭ ᠲᠡᠮᠳᠡᠭ ᠤᠨ ᠠᠵᠤ ᠦᠢᠯᠡᠰ ᠤᠨ ᠬᠤᠪᠢ ᠨᠡᠮᠡᠷᠢ ᠣᠯᠠᠨ ᠠᠴᠠ ᠳᠠᠪᠠᠵᠠᠢ᠃ ᠨᠡᠭᠦᠷᠡᠰᠦ᠂ ᠪᠣᠯᠣᠳ ᠲᠡᠮᠦᠷ ᠪᠣᠯᠣᠨ ᠬᠠᠭᠤᠷᠠᠢ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ ᠦᠢᠯᠡᠰ ᠭᠤᠷᠪᠠᠨ ᠲᠣᠮᠣ ᠲᠤᠯᠭᠠᠭᠤᠷᠢ ᠠᠵᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠠᠷᠢᠴᠠᠯ ᠨᠢ 92.2% ᠪᠠᠶᠢᠵᠤ ᠂ ᠳᠡᠭᠡᠷ᠎ᠡ ᠵᠢᠯ ᠤᠨ ᠬᠢ ᠠᠴᠠ 18.5% ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ  ᠨᠢ 96.5% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 16.9 ᠵᠠᠭᠤᠨ ᠤ ᠴᠡᠭ ᠢᠶᠠᠷ ᠳᠠᠶᠢᠴᠢᠯᠠᠪᠠ᠃ ᠮᠢᠩ ᠶᠠᠩ ᠢᠶᠠᠷ ᠲᠦᠯᠦᠭᠡᠯᠡᠭᠦᠯᠦᠭᠰᠡᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠲᠦᠷᠭᠡᠨ ᠨᠡᠮᠡᠭᠳᠡᠯ ᠤᠨ ᠪᠠᠶᠢᠳᠠᠯ ᠢᠶᠠᠨ ᠪᠠᠲᠤᠯᠠᠵᠤ᠂ ᠦᠢᠯᠡᠳᠬᠦᠨ ᠤ ᠦᠷᠳᠡᠭ ᠤᠨ ᠡᠵᠡᠯᠡᠬᠦ ᠬᠠᠷᠢᠴᠠᠯ ᠨᠢ ᠭᠤᠷᠪᠠᠨ ᠬᠤᠪᠢ ᠠᠴᠠ ᠳᠠᠪᠠᠵᠤ᠂ ᠨᠡᠮᠡᠭᠳᠡᠯ ᠦᠷᠳᠡᠭ  ᠨᠢ ᠳᠡᠭᠡᠷ᠎ᠡ ᠵᠢᠯ ᠤᠨ ᠬᠢ ᠠᠴᠠ 67.8% ᠪᠠᠷ ᠨᠡᠮᠡᠭᠳᠡᠵᠦ᠂ ᠪᠦᠬᠦ ᠲᠣᠭᠤᠷᠢᠭ ᠤᠨ ᠨᠡᠮᠡᠭᠳᠡᠯ ᠤᠨ ᠬᠤᠷᠳᠤᠴᠠ ᠠᠴᠠ 50.3 ᠵᠠᠭᠤᠨ ᠤ ᠴᠡᠭ ᠥᠨᠳᠥᠷ ᠪᠣᠯᠵᠤ᠂ ᠭᠠᠵᠠᠷ ᠣᠷᠣᠨ ᠤ ᠰᠢᠨ᠎ᠡ ᠶᠢ ᠡᠭᠦᠳᠬᠦ ᠬᠥᠭᠵᠢᠯᠲᠡ ᠦᠷᠭᠦᠯᠵᠢᠯᠡᠨ ᠰᠠᠶᠢᠵᠢᠷᠠᠪᠠ᠃        ᠠᠵᠤ ᠠᠬᠤᠶᠢᠯᠠᠯ ᠤᠨ ᠲᠥᠷᠥᠯ ᠬᠡᠯᠪᠡᠷᠢ ᠠᠴᠠ ᠦᠵᠡᠪᠡᠯ᠂ ᠠᠷᠠᠳ ᠤᠨ ᠡᠵᠡᠩᠨᠡᠯᠲᠡ ᠶᠢᠨ ᠠᠵᠤ ᠠᠬᠤᠢ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠷᠠᠳ ᠤᠨ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 44 ᠡᠷᠦᠬᠡ ᠪᠠᠶᠢᠵᠤ᠂ 88 % ᠶᠢ ᠡᠵᠡᠯᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 9 ᠡᠷᠦᠬᠡ ᠨᠡᠮᠡᠭᠳᠡᠵᠡᠶ︔ ᠨᠡᠮᠡᠭᠳᠡᠯ ᠥᠷᠲᠡᠭ ᠨᠢ 65.4 % ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 31.6 % ᠪᠠᠷ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ  ᠨᠢ 95.7%  ᠪᠠᠶᠢᠵᠤ ᠂ 16.7 ᠵᠠᠭᠤᠨ ᠤ ᠴᠡᠭ ᠢᠶᠠᠷ ᠨᠡᠮᠡᠭᠳᠡᠯ ᠢ  ᠳᠠᠶᠢᠴᠢᠯᠠᠵᠤ ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠤᠯ ᠬᠥᠭ ᠠᠶᠠᠰ ᠪᠣᠯᠵᠠᠶ᠃        ᠬᠤᠶᠠᠷ᠂ ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠰᠣᠯᠢᠭᠳᠠᠵᠤ᠂ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠡᠳᠦᠢ ᠲᠡᠳᠦᠢ ᠪᠠᠭᠤᠷᠠᠪᠠ        ᠨᠢᠭᠡᠳᠦᠭᠡᠷ ᠤᠯᠠᠷᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠳᠠᠯᠢ ᠬᠤᠭᠤᠴᠠᠭᠠᠨ ᠤ ᠬᠢ ᠠᠴᠠ 36.7% ᠪᠠᠷ ᠨᠡᠮᠡᠭᠳᠡᠵᠦ᠂ ᠡᠮᠦᠨ᠎ᠡ ᠬᠤᠶᠠᠷ ᠰᠠᠷ᠎ᠠ ᠶᠢᠨ ᠨᠡᠮᠡᠭᠳᠡᠯ ᠤᠨ ᠬᠤᠷᠳᠤᠴᠠ ᠠᠴᠠ 27.8 ᠵᠠᠭᠤᠨ ᠤ ᠴᠡᠭ ᠪᠠᠭᠤᠷᠠᠪᠠ᠃ ᠪᠡᠯᠡ ᠣᠷᠣᠭᠤᠯᠤᠯᠲᠠ ᠶᠢᠨ ᠪᠦᠲᠦᠴᠡ ᠠᠴᠠ ᠦᠵᠡᠪᠡᠯ᠂ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠶᠢ ᠬᠦᠴᠦᠲᠡᠢ ᠲᠠᠶᠢᠴᠢᠯᠠᠪᠠ᠃ ᠨᠢᠭᠡᠳᠦᠭᠡᠷ ᠠᠵᠤ ᠦᠢᠯᠡᠰ ᠤᠨ ᠪᠡᠯᠡ ᠣᠷᠣᠭᠤᠯᠤᠯᠲᠠ 0.09% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 84.8% ᠪᠠᠷ ᠪᠠᠭᠤᠷᠠᠵᠤ᠂ ᠳᠠᠶᠢᠴᠢᠯᠠᠯᠲᠠ ᠨᠢ 0.7 ᠵᠠᠭᠤᠨ ᠤ ᠴᠡᠭ ᠢᠶᠠᠷ ᠪᠠᠭᠤᠷᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 99.33% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 61.9% ᠪᠠᠷ ᠨᠡᠮᠡᠭᠳᠡᠵᠦ᠂ 51.9 ᠵᠠᠭᠤᠨ ᠤ ᠴᠡᠭ ᠢᠶᠠᠷ ᠨᠡᠮᠡᠭᠳᠡᠯ ᠢ ᠳᠠᠶᠢᠴᠢᠯᠠᠪᠠ ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ 0.58% ᠶᠢ ᠡᠵᠡᠯᠡᠵᠦ᠂ ᠠᠳᠠᠯᠢ ᠬᠤᠭᠤᠴᠠᠭᠠᠨ ᠤ ᠬᠢ ᠠᠴᠠ 94.8% ᠪᠠᠷ ᠪᠠᠭᠤᠷᠠᠵᠤ᠂ ᠳᠠᠶᠢᠴᠢᠯᠠᠯᠲᠠ ᠨᠢ 14.6 ᠵᠠᠭᠤᠨ ᠤ ᠴᠡᠭ ᠢᠶᠠᠷ ᠪᠠᠭᠤᠷᠠᠪᠠ᠃ ᠪᠡᠯᠡ ᠣᠷᠣᠭᠤᠯᠤᠯᠲᠠ ᠶᠢᠨ ᠬᠦᠷᠢᠶᠡᠨ ᠠᠴᠠ ᠦᠵᠡᠪᠡᠯ᠂ ᠤᠯᠤᠰ ᠤᠨ ᠥᠮᠴᠢᠯᠡᠯ ᠤᠨ ᠪᠠ ᠠᠷᠠᠳ ᠠᠴᠠ ᠡᠵᠡᠩᠨᠡᠭᠰᠡᠨ ᠪᠡᠯᠡ ᠣᠷᠣᠭᠤᠯᠤᠯᠲᠠ ᠬᠤᠣᠰ ᠨᠡᠮᠡᠭᠳᠡᠯ ᠢ ᠪᠡᠶᠡᠯᠡᠭᠦᠯᠪᠡ᠃ ᠤᠯᠤᠰ ᠤᠨ ᠦᠮᠴᠢᠯᠠᠯ ᠤᠨ ᠪᠠᠯᠠ ᠤᠷᠤᠭᠤᠯᠤᠯᠲᠠ ᠠᠲᠠᠯᠢ ᠬᠤᠭᠤᠴᠠᠭᠠᠨ ᠠᠴᠠ 125.8% ᠪᠠᠷ ᠨᠡᠮᠡᠭᠳᠡᠵᠦ ᠂ 26.9 ᠵᠠᠭᠤᠨ ᠤ ᠴᠡᠭ ᠢᠶᠠᠷ ᠨᠡᠮᠡᠭᠳᠡᠯ ᠢ ᠳᠠᠶᠢᠴᠢᠯᠠᠪᠠ︔  ᠠᠷᠠᠳ ᠤᠨ ᠪᠠᠯᠠ ᠤᠷᠤᠭᠤᠯᠤᠯᠲᠠ ᠠᠲᠠᠯᠢ ᠬᠤᠭᠤᠴᠠᠭᠠᠨ ᠠᠴᠠ 12.4% ᠪᠠᠷ ᠨᠡᠮᠡᠭᠲᠡᠵᠦ᠂  9.8 ᠵᠠᠭᠤᠨ ᠤ ᠴᠡᠭ ᠢᠶᠠᠷ ᠨᠡᠮᠡᠭᠳᠡᠯ ᠢ ᠳᠠᠶᠢᠴᠢᠯᠠᠪᠠ ᠃ ᠪᠦᠲᠦᠭᠡᠨ ᠪᠠᠶᠢᠭᠤᠯᠤᠯᠲᠠ ᠶᠢᠨ ᠰᠢᠨᠵᠢ ᠴᠢᠨᠠᠷ ᠠᠴᠠ ᠦᠵᠡᠪᠡᠯ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ ᠬᠦᠴᠦᠷᠬᠡᠭ ᠭᠤᠣᠯᠯᠠᠨ᠎ᠠ ᠃ ᠰᠢᠨ᠎ᠡ ᠪᠠᠷ  ᠪᠠᠶᠢᠭᠤᠯᠤᠭᠰᠠᠨ ᠲᠦᠷᠦᠯ ᠵᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ ᠨᠢ ᠶᠢᠰᠦᠨ ᠬᠤᠪᠢ ᠠᠴᠠ ᠳᠠᠪᠠᠭᠰᠠᠨ ᠪᠥᠭᠡᠳ ᠨᠡᠮᠡᠭᠳᠡᠯ ᠨᠢ ᠢᠯᠡᠳᠲᠡ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 70.4% ᠪᠠᠷ ᠨᠡᠮᠡᠭᠳᠡᠪᠡ᠃        ᠭᠤᠷᠪᠠ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠤᠳᠠᠭᠠᠨ ᠪᠠᠶᠢᠵᠤ᠂ ᠦᠢᠯᠡᠳᠬᠦ ᠦᠢᠯᠡᠰ ᠲᠤ ᠴᠢᠨᠠᠷ ᠰᠠᠶᠢᠲᠠᠶ ᠬᠥᠭᠵᠢᠯᠲᠡ ᠶᠢᠨ ᠬᠦᠴᠦᠨ ᠨᠡᠮᠡᠷᠢᠯᠡᠬᠦ ᠪᠠᠷ ᠳᠤᠲᠠᠮᠠᠭ ᠪᠠᠶᠢᠨ᠎ᠠ        ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠠᠴᠠ 5.8 ᠵᠠᠭᠤᠨ ᠤ ᠴᠡᠭ ᠳᠣᠤᠷ᠎ᠠ ᠪᠣᠯᠪᠠ᠃ ᠬᠡᠷᠡᠭᠯᠡᠭᠡᠨ ᠤ ᠪᠦᠲᠦᠴᠡ ᠠᠴᠠ ᠠᠪᠴᠤ ᠦᠵᠡᠪᠡᠯ᠂ ᠵᠠᠬ᠎ᠠ ᠵᠡᠭᠡᠯᠢ ᠶᠢᠨ ᠢᠳᠡᠪᠬᠢᠵᠢᠯ ᠤᠨ ᠬᠡᠮᠵᠢᠶ᠎ᠡ ᠥᠨᠳᠥᠷ ᠪᠤᠰᠤ᠃ ᠪᠥᠬᠦ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1.44 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.5 % ᠪᠠᠷ ᠨᠡᠮᠡᠭᠳᠡᠨ᠂ ᠪᠥᠬᠦ ᠬᠤᠲᠠ ᠶᠢᠨ ᠠᠴᠠ 5.9 ᠵᠠᠭᠤᠨ ᠤ ᠴᠡᠭ ᠳᠣᠤᠷ᠎ᠠ ᠪᠣᠯᠪᠠ᠃ ᠬᠢᠵᠠᠭᠠᠷᠯᠠᠭᠰᠠᠨ ᠠᠵᠤ ᠠᠬᠤᠶᠢᠯᠠᠯ ᠠᠴᠠ ᠦᠵᠡᠪᠡᠯ᠂ ᠪᠣᠷᠣᠯᠠᠭᠤᠯᠤᠯᠲᠠ ᠶᠢᠨ ᠬᠠᠨᠳᠤᠰᠢ ᠲᠡᠭᠰᠢ᠃ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 0.15 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10.8% ᠪᠠᠷ ᠨᠡᠮᠡᠭᠳᠡᠨ᠂ ᠲᠦᠷᠦᠭᠦᠤ ᠵᠢᠯ ᠤᠨ ᠪᠥᠬᠦ ᠵᠢᠯ ᠤᠨ ᠬᠢ ᠠᠴᠠ 3 ᠵᠠᠭᠤᠨ ᠤ ᠴᠡᠭ ᠪᠠᠭᠤᠷᠠᠪᠠ᠃ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠠᠵᠤ ᠠᠬᠤᠶᠢᠯᠠᠯ ᠠᠴᠠᠦᠵᠡᠪᠡᠯ᠂ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠢᠯᠡᠳᠲᠡ ᠪᠠᠶᠢᠨ᠎ᠠ᠃ 18 ᠬᠡᠪᠴᠢᠶᠡᠵᠢᠯ ᠠᠴᠠ ᠳᠡᠭᠡᠭᠰᠢᠬᠢ ᠭᠤᠤᠯᠳᠠᠯᠭ᠎ᠠ ᠪᠣᠯᠬᠤ ᠤᠶᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠡᠵᠡᠩᠨᠡᠯᠲᠡ ᠶᠢᠨ ᠣᠷᠣᠯᠭ᠎ᠠ ᠶᠢ 0.54 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 24.4% ᠪᠠᠷ ᠨᠡᠮᠡᠭᠳᠡᠪᠡ ᠂ ᠡᠭᠦᠨ ᠳᠤ 12 ᠠᠵᠤ ᠠᠬᠤᠶᠢᠯᠠᠯ GDP ᠶᠢᠨ ᠲᠣᠭᠠᠴᠠᠭ᠎ᠠ ᠬᠢᠬᠦ ᠳᠤ ᠣᠷᠣᠯᠴᠠᠵᠤ᠂ ᠭᠠᠵᠠᠷ ᠣᠷᠣᠨ ᠤ ᠠᠰᠢᠭ ᠬᠤᠨᠵᠢᠪᠣᠷᠢ ᠶᠢᠨ ᠴᠢᠨᠠᠷᠲᠠᠶ ᠤᠶᠢᠯᠡᠴᠢᠯᠡᠭᠡᠨ ᠤ ᠤᠶᠢᠯᠡᠰ ᠲᠤ ᠵᠣᠬᠢᠬᠤ ᠬᠤᠪᠢ ᠨᠡᠮᠡᠷᠢ ᠦᠵᠡᠭᠦᠯᠪᠡ᠃        2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠡᠴᠦᠰ ᠤᠨ ᠵᠢᠯ ᠪᠣᠯᠤᠨ᠎ᠠ᠂ ᠬᠥᠭᠵᠢᠯᠲᠡ ᠶᠢᠨ ᠬᠠᠷᠠᠯᠲᠠ ᠶᠢ ᠲᠣᠭᠲᠠᠭᠠᠵᠤ ᠪᠣᠳᠠᠲᠠᠢ ᠠᠵᠢᠯᠯᠠᠬᠤ ᠶᠢ ᠴᠢᠩᠭ᠎ᠠ ᠠᠳᠬᠤᠵᠤ᠂ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠲᠣᠭᠲᠠᠪᠤᠷᠢᠵᠢᠭᠤᠯᠤᠨ ᠴᠢᠳᠠᠪᠤᠷᠢ ᠪᠠᠨ ᠥᠷᠭᠡᠳᠬᠡᠬᠦ ᠶᠢ ᠬᠦᠳᠦᠯᠦᠨ ᠵᠢᠯᠣᠭᠤᠳᠴᠤ᠂ ᠠᠵᠤ ᠦᠢᠯᠡᠳᠪᠦᠷᠢ ᠶᠢᠨ ᠪᠦᠲᠦᠴᠡ ᠶᠢ ᠲᠤᠬᠢᠷᠠᠭᠤᠯᠬᠤ ᠪᠠ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢᠨ ︽ᠦᠷᠡᠵᠢᠭᠦᠯᠬᠦ ᠲᠤᠭ᠎ᠠ ᠶᠢᠨᠦᠢᠯᠡᠳᠦᠯ︾ ᠪᠠ ᠪᠦᠲᠦᠴᠡ ᠶᠢᠨ ᠦᠢᠯᠡᠳᠦᠯ ᠢ ᠪᠠᠳᠠᠷᠠᠭᠤᠯᠵᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠲᠤᠭ᠎ᠠ ᠪᠦᠷᠢᠳᠬᠡᠯ ᠤᠨ ᠪᠢᠴᠢᠯ ᠮᠡᠳᠡᠭᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号