ᠰᠢᠭᠤᠶᠢᠲᠤ ᠲᠣᠭᠤᠷᠢᠭ᠄ ᠳᠣᠣᠷ᠎ᠠ ᠠᠭᠠᠷ ᠤᠨ ᠠᠵᠤ ᠠᠬᠤᠶ ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠳᠠᠯᠠᠪᠴᠢ ᠪᠠᠷ ᠰᠣᠶᠣᠯ ᠵᠢᠭᠤᠯᠴᠢᠯᠠᠯ ᠲᠡᠭᠷᠢ ᠶᠢᠨ  ᠣᠶᠣᠳᠠᠯ ᠢ ᠵᠢᠷᠤᠭᠯᠠᠨ᠎ᠠ
ᠨᠡᠶᠢᠲᠡᠯᠡᠭᠰᠡᠨ ᠴᠠᠭ᠄
2025/5/22
        ᠦᠳᠡᠰᠢ ᠶᠢᠨ ᠪᠦᠷᠦᠢ ᠪᠠᠷ ᠰᠠᠯᠬᠢ ᠪᠤᠭᠤᠲᠤ ᠶᠢᠨ ᠡᠷᠲᠡᠨ ᠤ ᠬᠤᠲᠠ ᠶᠢᠨ ᠰᠠᠷᠠᠪᠴᠢ ᠶᠢ ᠵᠦᠭᠡᠯᠡᠨ ᠢᠷᠠᠵᠤ᠂ ᠴᠠᠭ ᠣᠷᠣᠨ ᠵᠠᠢ ᠶᠢ ᠰᠤᠨᠳᠠᠯᠠᠭᠰᠠᠨ ᠷᠣᠮᠠᠨᠲ᠋ᠢᠭ ᠦᠵᠡᠮᠵᠢ ᠶᠠᠭ ᠰᠡᠮᠡᠬᠡᠷ ᠲᠣᠭᠯᠠᠨ᠎ᠠ ᠃ ᠰᠢᠭᠤᠶᠢᠲᠤ ᠲᠣᠭᠤᠷᠢᠭ ᠳᠣᠣᠷ᠎ᠠ ᠠᠭᠠᠷ ᠤᠨ ᠠᠵᠤ ᠠᠬᠤᠢ ᠪᠠᠷ ᠪᠢᠷ ᠪᠣᠯᠭᠠᠵᠤ᠂ ᠣᠳᠣᠨ ᠮᠡᠴᠢᠳ ᠢᠶᠠᠷ ᠪᠡᠭᠡ ᠪᠣᠯᠭᠠᠵᠤ᠂ ᠰᠣᠶᠣᠯ ᠵᠢᠭᠤᠯᠴᠢᠯᠠᠯ ᠤᠨ ᠵᠢᠷᠤᠭ ᠤᠨ  ᠬᠠᠭᠤᠳᠠᠰᠤᠨ ᠳᠤ ᠬᠦᠮᠦᠰ ᠤᠨ ᠰᠡᠳᠭᠢᠯ ᠢ ᠳᠣᠭᠳᠣᠯᠤᠭᠤᠯᠤᠮ᠎ᠠ ᠭᠡᠷᠡᠯ ᠰᠠᠴᠤᠷᠠᠩᠭᠤᠢ ᠵᠢᠷᠤᠭ  ᠵᠢᠷᠤᠭᠯᠠᠨ᠎ᠠ — ᠲᠡᠷᠡ ᠪᠣᠯ ᠨᠢᠭᠡᠨ ᠰᠥᠨᠢ ᠶᠢᠨ ᠣᠭᠲᠠᠷᠭᠤᠢ ᠳᠤ ᠳᠡᠭᠳᠡᠭᠰᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠭᠠᠷᠤᠳᠢ ᠪᠣᠯᠤᠨ᠎ᠠ᠂ ᠭᠡᠷᠡᠯ ᠭᠢᠯᠪᠠᠭ᠎ᠠ ᠰᠠᠴᠤᠷᠠᠭᠰᠠᠨ ᠳᠠᠯᠠᠪᠴᠢ ᠪᠠᠷ ᠢᠶᠠᠨ ᠪᠤᠭᠤᠲᠤ ᠶᠢᠨ ᠡᠷᠲᠡᠨ ᠤ ᠬᠤᠲᠠ ᠳᠤ ᠨᠢᠭᠡᠨ ᠵᠠᠬ᠎ᠠ ᠰᠣᠯᠣᠩᠭᠠᠨ ᠬᠤᠪᠴᠠᠰᠤ  ᠨᠦᠮᠦᠷᠭᠡᠨ᠎ᠡ ᠃
图片1.png
图片2.png
        ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠲᠦᠷᠭᠡᠨ ᠵᠠᠮ ᠳᠤ ᠣᠷᠣᠬᠤ ᠶᠢ ᠳᠠᠭᠠᠯᠳᠤᠨ᠂ ᠳᠣᠣᠷ᠎ᠠ ᠠᠭᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠶᠠᠭ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯᠲᠤ ᠬᠤᠭᠤᠴᠠᠭ᠎ᠠ ᠪᠠ ᠰᠢᠵᠢᠷ ᠠᠯᠲᠠᠨ ᠬᠤᠭᠤᠴᠠᠭ᠎ᠠ ᠪᠠᠨ ᠤᠭᠲᠤᠨ ᠠᠪᠴᠢᠷᠠᠨ᠎ᠠ ᠂ ᠡᠨᠡ ᠵᠢᠯ ᠠᠴᠠ ᠨᠠᠭᠠᠰᠢ ᠂ ᠰᠢᠭᠤᠶᠢᠲᠤ ᠲᠣᠭᠤᠷᠢᠭ ᠳᠣᠣᠷ᠎ᠠ ᠠᠭᠠᠷ ᠤᠨ ᠰᠣᠶᠣᠯ ᠵᠢᠭᠤᠯᠴᠢᠯᠠᠯ ᠢ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠪᠠ ᠬᠤᠲᠠ ᠶᠢᠨ ᠨᠡᠷᠡᠲᠦ ᠲᠡᠮᠳᠡᠭᠲᠦ ᠶᠢᠨ ᠰᠢᠨ᠎ᠡ ᠶᠢ ᠡᠭᠦᠳᠬᠦ ᠴᠢᠬᠤᠯᠠ ᠭᠠᠷᠳᠠᠴᠠ ᠪᠣᠯᠭᠠᠵᠤ ᠪᠠᠶᠢᠨ᠎ᠠ ᠃        5 ᠳ᠋ᠤᠭᠠᠷ ᠰᠠᠷ᠎ᠠ ᠶᠢᠨ 1 ᠤ ᠣᠷᠣᠢ᠂ ᠪᠤᠭᠤᠲᠤ ᠶᠢᠨ ᠡᠷᠲᠡᠨ ᠤ ᠬᠤᠲᠠ ᠶᠢᠨ ᠦᠵᠡᠮᠵᠢ ᠶᠢᠨ ᠣᠷᠣᠨ ᠤ ᠵᠤᠭᠠᠴᠠᠭᠰᠠᠳ ᠵᠣᠷᠴᠢᠯᠳᠤᠵᠤ᠂ ᠮᠠᠰᠢ ᠬᠦᠷ ᠬᠦᠭᠵᠢᠶᠡᠨ ᠲᠠᠢ᠃ ᠪᠣᠳᠠᠰ ᠤᠨ ᠪᠤᠰᠤ ᠰᠣᠶᠣᠯ ᠤᠨ ᠥᠪ ᠤᠨ ᠭᠠᠯ ᠰᠥᠨᠢ ᠶᠢᠨ ᠰᠠᠯᠬᠢᠨ ᠳᠤ ᠨᠠᠬᠢᠯᠵᠠᠨ᠂ ᠲᠡᠮᠦᠷ ᠮᠣᠳᠣᠨ ᠮᠥᠩᠭᠦᠨ ᠴᠡᠴᠡᠭ ᠰᠢᠩ ᠣᠳᠤᠨ ᠮᠡᠴᠢᠳ ᠰᠢᠭ ᠬᠢᠯᠠᠯᠵᠠᠵᠤ ᠂ ᠲᠦᠳᠡᠭ ᠭᠠᠯ ᠤᠨ ᠨᠠᠶᠢᠷ ᠵᠣᠨ ᠤ ᠰᠥᠨᠢ ᠶᠢᠨ ᠬᠠᠯᠠᠭᠤᠨ ᠰᠡᠳᠬᠢᠯᠭᠡ ᠶᠢ ᠨᠣᠴᠣᠭᠠᠪᠠ᠃ ᠣᠯᠠᠨ ᠤ ᠬᠦᠰᠡᠯ ᠡᠷᠡᠮᠡᠯᠵᠡᠯ ᠳᠤ ︽ᠣᠭᠲᠠᠷᠭᠤᠢ ᠳᠤ ᠳᠡᠭᠦᠯᠢᠬᠦ ᠭᠠᠷᠤᠳᠢ︾ ᠵᠢᠯᠣᠭᠤᠴᠢ ᠦᠭᠡᠢ ᠨᠢᠰᠬᠡᠯ ᠰᠥᠨᠢ ᠶᠢᠨ ᠣᠭᠲᠠᠷᠭᠤᠢ ᠳᠤ ᠭᠢᠯᠠᠯᠵᠠᠵᠤ᠂ ᠨᠠᠷᠢᠯᠢᠭ ᠣᠨᠤᠪᠴᠢᠲᠠᠢ ᠵᠢᠭᠰᠠᠭᠠᠯ ᠠᠩᠭᠢ ᠪᠣᠯᠤᠨ ᠭᠤᠶᠢᠳᠠ ᠰᠠᠶᠢᠬᠠᠨ ᠳ᠋ᠧᠩ ᠤᠨ ᠭᠡᠷᠡᠯ ᠤᠨ ᠬᠤᠪᠢᠷᠠᠯᠲᠠ ᠳᠤ ᠤᠷ᠎ᠠ ᠠᠪᠢᠶᠠᠰ ᠲᠠᠢ ᠤᠶᠠᠯᠳᠤᠵᠤ ᠂ ᠳᠣᠮᠤᠭ ᠶᠠᠷᠢᠶᠠᠨ ᠳᠠᠬᠢ ᠬᠤᠪᠢᠯᠭᠠᠨ ᠰᠢᠪᠠᠭᠤ ᠴᠠᠭ ᠣᠷᠣᠨ ᠵᠠᠢ ᠶᠢ ᠰᠢᠪᠲᠤᠯᠤᠨ᠂ ᠰᠥᠨᠢ ᠶᠢᠨ ᠣᠭᠲᠠᠷᠭᠤᠢ ᠳᠤ ᠪᠥᠵᠢᠭᠯᠡᠨ᠎ᠡ᠃ 5 ᠳ᠋ᠤᠭᠠᠷ ᠰᠠᠷ᠎ᠠ ᠶᠢᠨ 3 ᠤ ᠣᠷᠣᠢ ᠂ ᠴᠡᠴᠡᠭ ᠤᠨ ᠶᠢᠷᠳᠢᠨᠴᠦ ᠶᠢᠨ ᠦᠵᠡᠮᠵᠢ ᠶᠢᠨ ᠣᠷᠣᠨ ᠳᠤ ᠬᠠᠷᠠᠭ᠎ᠠ ᠰᠣᠨᠣᠷ ᠢ ᠪᠠᠶᠠᠰᠬᠠᠮ᠎ᠠ  ᠦᠪᠡᠳᠡᠭᠰᠢ ᠨᠠᠶᠢᠷ ᠳᠠᠬᠢᠨᠲᠠ ᠲᠣᠭᠯᠠᠪᠠ ᠃ ᠭᠡᠷᠡᠯ ᠭᠢᠯᠪᠠᠭ᠎ᠠ ᠰᠠᠴᠤᠷᠠᠭᠰᠠᠨ ᠣᠭᠲᠠᠷᠭᠤᠢ ᠶᠢᠨ ᠭᠠᠯᠲᠤ ᠳᠡᠪᠦᠷ᠎ᠡ ᠨᠢ ᠲᠣᠭᠯᠠᠭᠴᠢᠳ ᠤᠨ ᠤᠶᠠᠨ ᠬᠠᠳᠠᠨ ᠬᠦᠳᠡᠯᠦᠯᠴᠡᠵᠦ ᠂ ᠤᠯᠠᠭᠠᠨ ᠬᠤᠸᠠᠷ ᠣᠭᠲᠠᠷᠭᠤᠢ ᠶᠢ ᠵᠦᠰᠦᠵᠦ᠂ ᠵᠢᠭᠦᠷ ᠢᠶᠠᠨ ᠮᠠᠨᠳᠤᠭᠤᠯᠬᠤ ︽ᠣᠭᠲᠠᠷᠭᠤᠢ ᠳᠤ ᠳᠡᠭᠦᠯᠢᠬᠦ ᠭᠠᠷᠤᠳᠢ︾ ᠲᠠᠢ ᠰᠣᠯᠪᠢᠴᠠᠨ ᠭᠡᠷᠡᠯᠲᠦᠪᠡ᠃ ᠭᠠᠯ ᠤᠨ ᠳᠥᠯᠥ ᠪᠣᠯᠤᠨ ᠭᠡᠷᠡᠯ ᠰᠡᠭᠦᠳᠡᠷ ᠨᠢ ᠥᠩᠭᠡ  ᠢᠯᠭᠠᠷᠠᠮ᠎ᠠ ᠵᠢᠷᠤᠭ ᠪᠣᠯᠤᠨ ᠪᠦᠷᠢᠯᠳᠦᠵᠦ᠂ ᠭᠠᠯᠲᠤ ᠳᠡᠪᠦᠷ᠎ᠡ ᠶᠢᠨ ᠵᠢᠮ ᠭᠠᠶᠢᠬᠠᠮᠰᠢᠭᠲᠤ ᠨᠣᠮᠣᠨ ᠱᠣᠭᠤᠮ ᠢ ᠰᠦᠯᠵᠢᠵᠦ ᠂ ᠭᠠᠷᠤᠳᠢ ᠶᠢᠨ ᠳᠠᠯᠠᠪᠴᠢ ᠭᠢᠯᠠᠯᠵᠠᠵᠤ ᠂ ᠨᠢᠭᠡ ᠬᠠᠲᠠᠭᠤ ᠨᠢᠭᠡ ᠵᠥᠭᠡᠯᠡᠨ᠂ ᠤᠯᠠᠮᠵᠢᠯᠠᠯᠲᠤ ᠤᠷ᠎ᠠ ᠮᠡᠷᠭᠡᠵᠢᠯ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠪᠦᠷᠢᠨ ᠲᠡᠭᠦᠯᠳᠡᠷ ᠠᠭᠤᠰᠤᠯᠴᠠᠭᠤᠯᠵᠤ ᠂ ᠲᠤᠬᠠᠢ ᠶᠢᠨ ᠲᠠᠯᠠᠪᠠᠢ ᠶᠢᠨ ᠵᠤᠭᠠᠴᠠᠭᠰᠠᠳ ᠤᠨ ᠠᠩᠬᠠᠷᠤᠯ ᠢ ᠶᠡᠬᠡᠳᠡ ᠲᠠᠲᠠᠵᠤ᠂ ᠵᠤᠭᠠᠴᠠᠭᠰᠠᠳ ᠢ ᠡᠨᠡ ᠤᠳᠠᠭᠠᠨ ᠤ ᠳᠣᠷᠣᠨᠠᠳᠠᠬᠢᠨ ᠤ ᠷᠣᠮᠠᠨᠲ᠋ᠢᠭ ᠥᠩᠭᠡ ᠪᠦᠬᠦᠢ ᠬᠠᠷᠠᠭᠠᠨ ᠰᠠᠷᠠᠯ ᠤᠨ ᠭᠠᠶᠢᠬᠠᠮᠰᠢᠭᠲᠤ ᠪᠠᠶᠢᠳᠠᠯ ᠳᠤ ᠰᠣᠭᠲᠤᠷᠠᠭᠤᠯᠪᠠ ᠃
图片3.png
        ︽ᠦᠨᠡᠬᠡᠷ ᠰᠣᠴᠢᠭᠠᠵᠠᠢ︕ ᠡᠶᠢᠮᠦ ᠣᠨᠴᠠᠭᠠᠢ ᠲᠣᠭᠯᠠᠯᠲᠠ ᠶᠢ ᠶᠡᠷᠦ ᠣᠯᠵᠤ ᠦᠵᠡᠭᠡ ᠦᠭᠡᠢ︾᠃ ᠭᠦᠶᠡᠩ ᠠᠴᠠ ᠢᠷᠡᠭᠰᠡᠨ ᠵᠢᠭᠤᠯᠴᠢᠯᠠᠭᠴᠢᠳ ᠯᠢᠤ ᠠᠪᠤᠭᠠᠢ ᠰᠡᠳᠬᠢᠯ ᠳᠣᠭᠳᠣᠯᠤᠨ᠄ ︽ᠭᠠᠷᠤᠳᠢ ᠶᠢᠨ ᠠᠭᠠᠷ ᠳᠡᠭᠡᠷ᠎ᠡ ᠳᠦᠷᠰᠦ ᠪᠦᠲᠦᠭᠡᠯᠲᠡ ᠶᠢ ᠦᠵᠡᠵᠦ᠂ ᠶᠠᠭ ᠯᠠ ᠳᠣᠮᠤᠭ ᠶᠠᠷᠢᠶᠠᠨ ᠳᠤ ᠣᠷᠣᠭᠰᠠᠨ ᠮᠡᠲᠦ ᠂ ᠮᠢᠨᠤ ᠡᠨᠡ ᠤᠳᠠᠭᠠᠨ ᠤ ᠵᠢᠭᠤᠯᠴᠢᠯᠠᠯ ᠳᠤ ᠭᠦᠨ ᠰᠠᠭᠤᠭᠳᠠᠯ ᠦᠯᠡᠳᠡᠭᠡᠵᠡᠢ︾ ᠭᠡᠪᠡ ᠃ ᠲᠡᠭᠦᠨ ᠤ ᠦᠭᠡ ᠶᠠᠷᠢᠶᠠᠨ ᠠᠴᠠ ᠡᠨᠡ ᠬᠦ ᠲᠣᠭᠯᠠᠯᠲᠠ ᠶᠢ ᠮᠠᠭᠲᠠᠨ ᠭᠠᠶᠢᠬᠠᠭᠰᠠᠨ ᠢ ᠦᠵᠡᠵᠦ ᠭᠠᠷᠬᠤ ᠨᠢ ᠢᠯᠡᠷᠬᠡᠢ ᠃ ᠴᠥᠭᠡᠨ ᠪᠤᠰᠤ ᠵᠢᠭᠤᠯᠴᠢᠯᠠᠭᠴᠢᠳ  ᠭᠠᠷ ᠤᠲᠠᠰᠤ ᠪᠠᠨ ᠭᠠᠷᠭᠠᠵᠤ ᠲᠡᠮᠳᠡᠭᠯᠡᠨ᠎ᠡ ᠂ ᠭᠠᠷᠤᠳᠢ  ᠶᠢᠨ ᠳᠡᠭᠦᠯᠢᠨ ᠨᠢᠰᠦᠯᠲᠡ ᠶᠢᠨ ᠴᠠᠭ ᠮᠥᠴᠡ ᠨᠢᠭᠡᠪᠦᠷᠢ ᠶᠢ ᠲᠣᠭᠲᠠᠭᠠᠵᠤ᠂ ᠪᠠᠰᠠ ᠡᠨᠡ ᠤᠳᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠣᠶᠣᠯ ᠤᠨ ᠠᠭᠤᠰᠤᠯᠴᠠᠯ ᠤᠨ ᠭᠠᠶᠢᠬᠠᠮᠰᠢᠭ ᠢ ᠲᠡᠮᠳᠡᠭᠯᠡᠨ᠎ᠡ ᠂ ᠪᠠᠰᠠ ᠨᠡᠶᠢᠭᠡᠮ ᠤᠨ ᠬᠠᠷᠢᠯᠴᠠᠭᠠᠨ ᠤ ᠲᠠᠪᠴᠠᠩ ᠳᠤ ᠪᠠᠨ ᠬᠤᠪᠢᠶᠠᠯᠴᠠᠵᠤ᠂ ᠨᠠᠶᠢᠵᠠ ᠨᠠᠷ ᠲᠠᠢ ᠪᠠᠨ ᠠᠮᠠᠷᠠᠯᠲᠠ ᠶᠢᠨ ᠰᠢᠨ᠎ᠡ ᠭᠠᠶᠢᠬᠠᠮᠰᠢᠭ ᠢ ᠬᠠᠮᠲᠤᠪᠠᠷ ᠬᠤᠪᠢᠶᠠᠯᠴᠠᠨ᠎ᠠ᠃        ᠤᠮᠠᠷᠠᠲᠤ ᠬᠢᠯᠢ ᠶᠢᠨ ᠳᠣᠤᠷ᠎ᠠ ᠠᠭᠠᠷ ᠤᠨ ᠵᠢᠯᠣᠭᠤᠴᠢ ᠥᠬᠡᠶ ᠨᠢᠰᠬᠡᠯ ᠤᠨ ᠨᠢᠰᠦᠯᠲᠡ ᠶᠢᠨ ᠰᠠᠭᠤᠷᠢᠨ ᠭᠠᠵᠠᠷ ᠤᠨ ᠡᠵᠡᠩᠨᠡᠯᠲᠡ ᠶᠢᠨ ᠳᠠᠭᠠᠭᠠᠮᠠᠯ ᠯᠢᠦ ᠯᠠᠶ ᠱᠦᠨ ᠄ ︽ᠭᠠᠷᠤᠳᠢ ᠪᠣᠯ ᠳᠤᠮᠳᠠᠳᠤ ᠶᠢᠨ ᠰᠣᠶᠣᠯ ᠤᠨ ᠳᠤᠮᠳᠠᠬᠢ ᠦᠯᠵᠡᠢ ᠪᠡᠯᠬᠡ ᠲᠡᠮᠳᠡᠭ ᠮᠥᠨ᠂ ᠪᠢᠳᠡ ᠭᠠᠷᠤᠳᠢ ᠶᠢ  ᠭᠤᠤᠯ ᠰᠡᠳᠦᠪ ᠢᠶᠠᠷ ᠰᠣᠩᠭᠤᠭᠰᠠᠨ ᠪᠣᠯ ᠂ ᠤᠯᠠᠮᠵᠢᠯᠠᠯᠲᠤ ᠰᠣᠶᠣᠯ ᠤᠨ ᠤᠯᠠᠮᠵᠢᠯᠠᠯ ᠳᠤ ᠨᠡᠶᠢᠴᠡᠭᠦᠯᠦᠭᠰᠡᠨ ᠮᠥᠷᠲᠡᠭᠡᠨ ᠪᠠᠰᠠ ᠣᠲᠣ ᠦᠶ᠎ᠡ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠢᠶᠠᠷ ᠳᠠᠮᠵᠢᠭᠤᠯᠤᠨ ᠲᠡᠭᠦᠨ ᠳᠤ ᠳᠣᠩᠰᠣᠯᠭᠠᠭᠰᠠᠨ ᠬᠠᠷᠠᠭᠠᠨ ᠰᠡᠷᠡᠯ ᠤᠨ ᠲᠣᠭᠯᠠᠯᠲᠠ ᠣᠯᠭᠤᠪᠠ ᠃ ︽5.1︾ ᠤ ᠠᠮᠠᠷᠠᠯᠲᠠ ᠶᠢᠨ ᠬᠤᠭᠤᠴᠠᠭᠠᠨ ᠳᠤ᠂ ᠮᠠᠨ ᠤ ᠰᠠᠭᠤᠷᠢᠨ ᠭᠠᠵᠠᠷ ᠪᠤᠭᠤᠲᠤ ᠶᠢᠨ ᠡᠷᠲᠡᠨ ᠤ ᠬᠤᠳᠠ᠂ ᠴᠡᠴᠡᠭ ᠤᠨ ᠶᠢᠷᠳᠢᠨᠴᠦ ᠶᠢᠨ ᠦᠵᠡᠮᠵᠢ ᠶᠢᠨ ᠣᠷᠣᠨ ᠳᠤ ᠳᠡᠭᠦᠯᠢᠨ ᠨᠢᠰᠬᠦ ᠭᠠᠷᠤᠳᠢ ᠶᠢᠨ ᠲᠣᠭᠯᠠᠯᠲᠠ ᠭᠠᠷᠭᠠᠵᠤ᠂ ᠦᠵᠡᠮᠵᠢ ᠶᠢᠨ ᠣᠷᠣᠨ ᠤ ᠳ᠋ᠧᠩ ᠤᠨ ᠭᠡᠷᠡᠯ ᠵᠢᠴᠢ ᠳᠠᠭᠤᠤ ᠬᠥᠭᠵᠢᠮ ᠤᠨ ᠲᠣᠬᠢᠷᠠᠭᠤᠯᠭ᠎ᠠ ᠬᠢᠵᠦ ᠭᠠᠷᠤᠳᠢ ᠪᠥᠵᠢᠭ ᠤᠨ ᠶᠢᠰᠦᠨ ᠡᠳᠦᠷ ᠤᠨ ᠳᠣᠮᠤᠭ ᠪᠠᠶᠢᠳᠠᠯ ᠢ ᠲᠠᠬᠢᠨ ᠢᠯᠡᠷᠡᠭᠦᠯᠪᠡ᠃ ᠡᠶᠢᠮᠦᠷᠬᠦᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠣᠶᠣᠯ ᠤᠨ ᠠᠭᠤᠰᠤᠯᠴᠠᠯ ᠨᠢ ᠵᠢᠭᠤᠯᠴᠢᠯᠠᠭᠴᠢᠳ ᠲᠤ ᠬᠤᠲᠠ ᠶᠢᠨ ᠲᠡᠤᠬᠡ ᠶᠢᠨ ᠰᠠᠭᠤᠷᠢ ᠪᠣᠯᠤᠨ ᠣᠳᠣ ᠦᠶ᠎ᠡ ᠶᠢᠨ ᠠᠮᠢᠵᠢᠷᠠᠯ ᠤᠨ ᠬᠦᠴᠦᠨ ᠢ ᠮᠡᠳᠡᠷᠡᠭᠦᠯᠵᠦ᠂ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠥᠪᠡᠷᠮᠢᠴᠡ ip ᠪᠣᠯᠤᠭᠰᠠᠨ ᠪᠠᠶᠢᠨ᠎ᠠ᠃ ᠳᠣᠣᠷ᠎ᠠ ᠠᠭᠠᠷ ᠤᠨ ᠠᠵᠤ ᠠᠬᠤᠢ ᠪᠤᠯ ᠠᠭᠠᠷ ᠲᠠᠬᠢ ᠠᠰᠠᠷ ᠲᠠᠭᠲᠤ ᠪᠠᠷ  ᠰᠠᠣᠠᠭᠢᠯ ᠢᠶᠠᠷ ᠪᠠᠷᠠᠬᠤ ᠣᠢᠭᠡᠢ᠂ ᠭᠠᠷ ᠲᠤ ᠪᠠᠷᠢᠭᠳᠠᠮ᠎ᠠ ᠰᠢᠨ᠎ᠠ ᠬᠦᠴᠦᠨ ᠮᠦᠠ᠃ ᠨᠢᠭᠡ ᠰᠢᠨᠵᠢᠯᠡᠭᠡ ᠮᠡᠷᠭᠡᠵᠢᠯ ᠤᠨ ᠭᠠᠷᠤᠳᠢ ᠰᠥᠨᠢ ᠶᠢᠨ ᠣᠭᠲᠠᠷᠭᠤᠢ ᠳᠤ ᠳᠡᠭᠦᠯᠢᠵᠦ ᠨᠢᠭᠡ ᠬᠤᠲᠠ ᠶᠢᠨ ᠰᠤᠶᠤᠯ ᠵᠢᠭᠤᠯᠴᠢᠯᠠᠯ ᠤᠨ ᠠᠵᠤ ᠠᠬᠤᠶ ᠶᠢ ᠬᠦᠭᠵᠢᠭᠡᠪᠡ ᠃ ᠵᠢᠯᠣᠭᠤᠴᠢ ᠥᠬᠡᠶ ᠨᠢᠰᠬᠡᠯ ᠤᠨ ᠵᠢᠷᠤᠵᠤ ᠭᠠᠷᠭᠠᠭᠰᠠᠨ ᠠᠶᠠᠯᠠᠯ ᠤᠨ ᠵᠠᠮ ᠨᠢ ᠳ᠋ᠧᠩ ᠤᠨ ᠭᠡᠷᠡᠯ ᠤᠨ ᠵᠠᠮ ᠪᠣᠯᠬᠤ ᠪᠠᠷ ᠪᠠᠷᠠᠬᠤ ᠥᠬᠡᠶ᠂ ᠨᠠᠩ ᠴᠤ ᠰᠣᠶᠣᠯ ᠵᠢᠭᠤᠯᠴᠢᠯᠠᠯ ᠤᠨ ᠲᠠᠰ ᠳᠡᠪᠰᠢᠵᠦ ᠰᠢᠨ᠎ᠡ ᠶᠢ ᠡᠭᠦᠳᠬᠦ ᠠᠷᠭ᠎ᠠ ᠵᠠᠮ ᠪᠣᠯᠤᠨ᠎ᠠ︾ ᠭᠡᠵᠦ ᠲᠠᠨᠢᠯᠴᠠᠭᠤᠯᠪᠠ ᠃ ᠯᠢᠦ ᠯᠠᠢ ᠱᠦᠨ ᠤ ᠦᠭᠡᠨ ᠶᠠᠷᠢᠶᠠᠨ ᠳᠤ ᠳᠣᠣᠷ᠎ᠠ ᠠᠭᠠᠷ ᠤᠨ ᠰᠣᠶᠣᠯ ᠵᠢᠭᠤᠯᠴᠢᠯᠠᠯ ᠤᠨ ᠢᠷᠡᠭᠡᠳᠦᠢ ᠶᠢᠨ ᠲᠤᠬᠠᠢ ᠬᠢᠵᠠᠭᠠᠯᠠᠰᠢ ᠦᠭᠡᠢ ᠬᠦᠰᠡᠯ ᠪᠣᠳᠣᠯ ᠢᠯᠡᠷᠡᠨ᠎ᠡ ᠃ ᠲᠡᠷᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠣᠶᠣᠯ ᠤᠨ ᠭᠦᠨᠵᠡᠭᠡᠶ ᠠᠭᠤᠰᠤᠯᠴᠠᠯ ᠢᠶᠠᠷ ᠳᠠᠮᠵᠢᠭᠤᠯᠤᠨ᠂ ᠰᠢᠭᠤᠶᠢᠲᠤ ᠲᠣᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠰᠢᠨ᠎ᠡ ᠠᠮᠢᠵᠢᠷᠠᠯ ᠤᠨ ᠬᠦᠴᠦᠨ ᠢᠶᠠᠨ ᠪᠠᠳᠠᠷᠠᠭᠤᠯᠵᠤ᠂ ᠬᠤᠲᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠰᠢᠨ᠎ᠡ ᠬᠥᠳᠡᠯᠭᠡᠭᠦᠷ ᠪᠣᠯᠬᠤ ᠶᠢ ᠪᠠᠲᠤ  ᠢᠲᠡᠭᠡᠨ᠎ᠡ ᠃
图片4.png
        ᠬᠥᠮᠦᠨ ᠤ ᠤᠷᠤᠰᠬᠠᠯ ᠂ ᠬᠡᠷᠡᠭᠴᠡᠭᠡ  ᠪᠠᠶᠢᠪᠠᠯ ᠬᠠᠩᠭᠠᠯᠭ᠎ᠠ ᠵᠠᠪᠠᠯ ᠪᠠᠶᠢᠬᠤ ᠬᠡᠷᠡᠭᠲᠡᠢ᠃        ᠳᠣᠣᠷ᠎ᠠ ᠠᠭᠠᠷ ᠤᠨ ᠠᠵᠤ ᠠᠬᠤᠶ ᠪᠣᠯ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠬᠤ ᠪᠥᠭᠡᠳ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠨᠡᠶᠢᠲᠡᠯᠢᠭ ᠲᠥᠯᠥᠭᠡᠯᠡᠭᠴᠢ ᠪᠣᠯᠤᠨ᠎ᠠ᠃ ᠬᠤᠶᠠᠷ ᠵᠢᠯ ᠳᠠᠷᠠᠭᠠᠯᠠᠨ ᠳᠣᠣᠷ᠎ᠠ ᠠᠭᠠᠷ ᠤᠨ ᠠᠵᠤ ᠠᠬᠤᠢ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ᠪᠢᠴᠢᠭᠳᠡᠨ ᠣᠷᠣᠪᠠ ᠃ ᠡᠮᠦᠨᠡᠬᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠬᠡᠷᠡᠭᠯᠡᠭᠡ ᠶᠢ ᠬᠥᠭᠵᠢᠭᠡᠬᠦ ᠲᠤᠰᠬᠠᠶ ᠠᠵᠢᠯᠯᠠᠭ᠎ᠠ ᠶᠢᠨ ᠲᠥᠰᠦᠯ︾ ᠳᠤ ᠳᠣᠣᠷ᠎ᠠ ᠠᠭᠠᠷ ᠤᠨ ᠵᠢᠭᠤᠯᠴᠢᠯᠠᠯ᠂ ᠠᠭᠠᠷ ᠠᠶᠠᠯᠠᠯ ᠤᠨ ᠬᠥᠳᠡᠯᠭᠡᠭᠡᠨ᠂ ᠬᠡᠷᠡᠭᠯᠡᠭᠡᠨ ᠤ ᠲᠠᠰ ᠤᠨ ᠵᠢᠯᠣᠭᠤᠴᠢ ᠥᠬᠡᠶ ᠨᠢᠰᠬᠡᠯ ᠵᠡᠷᠭᠡ ᠳᠣᠣᠷ᠎ᠠ ᠠᠭᠠᠷ ᠤᠨ ᠬᠡᠷᠡᠭᠯᠡᠭᠡ ᠶᠢ ᠡᠮᠬᠢ ᠵᠢᠷᠤᠮ ᠲᠠᠢ ᠪᠠᠷ ᠬᠥᠭᠵᠢᠭᠦᠯᠬᠦ ᠬᠡᠷᠡᠭᠲᠡᠶ ᠭᠡᠵᠦ ᠳᠤᠷᠠᠳᠪᠠ᠃  ᠰᠢᠭᠤᠶᠢᠲᠤ ᠲᠣᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠭᠡᠯ ᠳᠤ ︽ᠳᠣᠣᠷ᠎ᠠ ᠠᠭᠠᠷ ᠤᠨ ᠠᠵᠤ ᠠᠬᠤᠢ ᠪᠠ ᠲᠣᠭᠠᠴᠢᠯᠠᠭᠰᠠᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠣᠣᠷ᠎ᠠ ᠠᠭᠠᠷ ᠤᠨ ᠬᠡᠷᠡᠭᠯᠡᠭᠡᠨ ᠤ ᠪᠠᠢᠳᠠᠯ ᠢ ᠪᠦᠬᠦ ᠬᠦᠴᠦᠨ ᠢᠶᠠᠷ ᠢᠶᠠᠨ ᠥᠷᠭᠡᠳᠭᠡᠬᠦ ᠬᠡᠷᠡᠭᠲᠡᠢ︾ ᠭᠡᠵᠦ ᠳᠤᠷᠠᠳᠪᠠ᠃ ᠣᠭᠲᠠᠷᠭᠤᠢ ᠳᠤ ᠳᠡᠭᠦᠯᠢᠬᠦ ᠭᠠᠷᠤᠳᠢ ᠶᠢᠨ ᠲᠣᠭᠯᠠᠯᠲᠠ ᠨᠢ ᠵᠤᠭᠠᠴᠠᠭᠰᠠᠳ ᠲᠤ ᠰᠢᠨ᠎ᠡ ᠭᠠᠶᠢᠬᠠᠮᠰᠢᠭ ᠢ ᠠᠪᠴᠢᠷᠠᠵᠤ ᠥᠭᠭᠦᠭᠰᠡᠨ ᠢᠶᠠᠷ ᠪᠠᠷᠠᠬᠤ ᠦᠭᠡᠢ ᠪᠠᠰᠠ ᠰᠣᠶᠣᠯ ᠵᠢᠭᠤᠯᠴᠢᠯᠠᠯ ᠤᠨ ᠠᠵᠤ ᠦᠢᠯᠡᠰ ᠲᠤ ᠰᠢᠨ᠎ᠡ ᠬᠥᠳᠡᠯᠭᠡᠬᠦ ᠬᠦᠴᠦᠨ  ᠨᠡᠮᠡᠷᠢᠯᠡᠵᠡᠢ ᠃ ᠤᠮᠠᠷᠠᠲᠤ ᠬᠢᠯᠢ ᠶᠢᠨ ᠳᠣᠤᠷ᠎ᠠ ᠠᠭᠠᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠂ ᠲᠠᠷᠠᠭᠠᠴᠢ ᠶᠢᠨ ᠠᠯᠬᠤᠮ ᠳᠤ ᠡᠯ᠎ᠡ ᠲᠣᠮᠣ ᠦᠵᠡᠮᠵᠢ ᠶᠢᠨ ᠣᠷᠣᠨ ᠤ ᠵᠡᠭᠡᠯᠢ ᠲᠣᠭᠤᠷᠢᠭ ᠲᠠᠢ ᠦᠷᠭᠦᠯᠵᠢᠯᠡᠨ ᠭᠠᠷ ᠬᠤᠯᠪᠣᠯᠴᠠᠨ᠂ ᠳᠣᠤᠷ᠎ᠠ ᠠᠭᠠᠷ ᠤᠨ ᠠᠵᠤ ᠠᠬᠤᠶ ᠪᠠᠷ ᠵᠢᠭᠦᠷ ᠪᠣᠯᠭᠠᠵᠤ᠂ ᠬᠡᠯᠪᠡᠷᠢ ᠶᠢᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠭᠠᠷᠤᠳᠢ ᠰᠠᠷᠠᠨ ᠳᠤ ᠭᠠᠷᠬᠤ ᠂ ᠴᠠᠭᠠᠨ ᠰᠠᠷ᠎ᠠ ᠲᠣᠭᠯᠠᠯᠲᠠ ᠵᠡᠷᠭᠡ ᠵᠢᠯᠣᠭᠤᠴᠢ ᠥᠬᠡᠶ ᠨᠢᠰᠬᠡᠯ ᠤᠨ ᠲᠣᠭᠯᠠᠯᠲᠠ ᠭᠠᠷᠭᠠᠵᠤ᠂ ︽ᠳᠣᠤᠷ᠎ᠠ ᠠᠭᠠᠷ + ᠰᠣᠶᠣᠯ ᠵᠢᠭᠤᠯᠴᠢᠯᠠᠯ + ᠪᠣᠳᠠᠰ ᠤᠨ ᠪᠤᠰᠤ ᠰᠣᠶᠣᠯ ᠤᠨ ᠥᠪ︾ ᠤᠨ ᠰᠢᠨ᠎ᠡ ᠠᠭᠤᠰᠤᠯᠴᠠᠯ ᠢ ᠢᠳᠡᠪᠬᠢᠲᠡᠶ ᠰᠦᠪᠡᠭᠴᠢᠯᠡᠵᠦ᠂ ᠨᠠᠩ ᠣᠯᠠᠨ ᠳᠣᠤᠷ᠎ᠠ ᠠᠭᠠᠷ ᠤᠨ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠦᠨ᠎ᠡ᠃ ᠳᠣᠣᠷ᠎ᠠ ᠠᠭᠠᠷ ᠤᠨ ᠠᠵᠤ ᠠᠬᠤᠶ ᠶᠢ ᠭᠠᠵᠠᠷ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠡᠮᠵᠢᠬᠦ ᠰᠢᠨ᠎ᠡ ᠬᠥᠳᠡᠯᠭᠡᠭᠦᠷ ᠪᠣᠯᠭᠠᠵᠤ᠂ ᠵᠤᠭᠠᠴᠠᠭᠰᠠᠳ ᠨᠢᠭᠡᠪᠦᠷᠢ ᠳᠤ ᠴᠥᠮ ᠭᠡᠷ ᠤᠨ ᠡᠭᠦᠳᠡᠨ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠰᠣᠶᠣᠯ ᠤᠨ ᠳᠠᠪᠬᠤᠷ ᠷᠢᠳᠢ ᠰᠢᠳᠢ ᠶᠢ ᠮᠡᠳᠡᠷᠡᠭᠦᠯᠦᠨ᠎ᠡ ᠭᠡᠵᠦ ᠢᠯᠡᠷᠬᠡᠶᠢᠯᠡᠪᠡ ᠃        ᠳᠣᠣᠷ᠎ᠠ ᠠᠭᠠᠷ ᠤᠨ ᠠᠵᠤ ᠠᠬᠤᠶ ᠬᠥᠭᠵᠢᠭᠰᠡᠨ ᠴᠠᠭ ᠦᠶ᠎ᠡ ᠶᠢᠨ ᠲᠤᠷᠤᠨ᠎ᠠ ᠶᠢᠨ ᠰᠠᠯᠬᠢᠨ ᠤ ᠡᠷᠴᠢᠨ ᠳᠡᠭᠡᠷ᠎ᠡ ᠰᠢᠭᠤᠶᠢᠲᠤ ᠲᠣᠭᠤᠷᠢᠭ ᠤᠨ ᠰᠣᠶᠣᠯ ᠵᠢᠭᠤᠯᠴᠢᠯᠠᠯ ᠶᠠᠭ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠵᠢᠭᠦᠷ ᠪᠣᠯᠭᠠᠵᠤ᠂ ᠥᠷᠭᠡᠨ ᠠᠭᠤᠳᠠᠮ ᠰᠣᠶᠣᠯ ᠵᠢᠭᠤᠯᠴᠢᠯᠠᠯ ᠤᠨ ᠣᠳᠤᠨ ᠭᠤᠣᠯ ᠳᠤ ᠬᠠᠯᠢᠨ ᠪᠢᠯᠬᠠᠵᠤ᠂ ᠥᠪᠡᠷ ᠤᠨ ᠢᠶᠠᠨ ᠬᠢᠨᠢ ᠭᠡᠷᠡᠯ ᠰᠠᠴᠤᠷᠠᠩᠭᠤᠶ ᠬᠠᠭᠤᠳᠠᠰᠤ ᠪᠠᠨ ᠪᠢᠴᠢᠭᠯᠡᠨ᠎ᠡ ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号