@ ᠠᠩᠬ᠎ᠠ ᠵᠡᠷᠭᠡ ᠶᠢᠨ ᠳᠤᠮᠳᠠᠳᠦ ᠰᠤᠷᠭᠠᠭᠤᠯᠢ᠂ ᠦᠨᠳᠦᠷ ᠵᠡᠷᠭᠡ ᠶᠢᠨ ᠳᠤᠮᠳᠠᠳᠦ ᠰᠤᠷᠭᠠᠭᠤᠯᠢ ᠲᠡᠭᠦᠰᠦᠭᠰᠡᠳ  ᠬᠤᠶᠠᠷ ᠬᠤᠪᠢ ᠵᠠᠬᠢᠲᠠᠯ ᠢᠶᠠᠷ ᠲᠠᠨ ᠢ ᠳᠠᠭᠠᠭᠤᠯᠵᠤ ᠤᠯᠤᠰ ᠤᠨ ᠲᠤᠰᠠᠯᠠᠮᠵᠢ ᠦᠵᠡᠭᠦᠯᠬᠦ ᠲᠦᠷᠦ ᠶᠢᠨ ᠪᠤᠳᠤᠯᠭ᠎ᠠ ᠶᠢ ᠦᠵᠡᠶ᠎ᠡ
ᠨᠡᠶᠢᠲᠡᠯᠡᠭᠰᠡᠨ ᠴᠠᠭ᠄
2025/5/22
        ᠲᠦᠷᠦᠭᠦᠬᠡᠨ᠂ ᠪᠥᠬᠦ ᠤᠯᠤᠰ ᠤᠨ ᠰᠤᠷᠤᠭᠴᠢᠳ ᠢ ᠲᠤᠰᠠᠯᠠᠬᠤ ᠬᠠᠮᠢᠶᠠᠷᠤᠯᠲᠠ ᠶᠢᠨ ᠲᠥᠪ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠲᠡᠭᠦᠰᠦᠭᠰᠡᠳ ᠲᠤ ᠵᠠᠬᠢᠳᠠᠯ ᠢᠯᠡᠭᠡᠵᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠲᠡᠭᠦᠰᠦᠭᠰᠡᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠲᠣᠰ ᠲᠣᠰ ᠲᠠᠨᠢᠯᠴᠠᠭᠤᠯᠤᠭᠰᠠᠨ ᠪᠥᠭᠡᠳ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠬᠤᠯᠪᠣᠭᠳᠠᠯ ᠪᠥᠬᠦᠶ ᠵᠦᠢᠯᠡᠰ ᠢ ᠰᠠᠨᠠᠭᠤᠯᠪᠠ᠃ ᠨᠠᠷᠢᠨ ᠠᠭᠤᠯᠭ᠎ᠠ ᠶᠢ ᠪᠠᠭ᠎ᠠ ᠨᠠᠶᠢᠷᠠᠭᠤᠯᠤᠭᠴᠢ  ᠲᠠᠢ ᠬᠠᠮᠲᠤ ᠦᠵᠡᠶ᠎ᠡ︕ᠬᠠᠶᠢᠷᠠᠲᠤ ᠰᠤᠷᠤᠭᠴᠢᠳ ᠮᠢᠨᠢ᠄        ᠲᠠ ᠰᠠᠶᠢᠨ ᠤᠤ︕        ᠦᠭᠡ ᠪᠢᠴᠢᠭ ᠢᠶᠠᠷ ᠠᠭᠤᠯᠵᠠᠵᠤ᠂ ᠵᠠᠬᠢᠳᠠᠯ ᠵᠠᠬᠢᠶ᠎ᠠ ᠪᠠᠷ ᠵᠣᠯᠭᠠᠶ᠎ᠠ ᠃ ᠡᠩ ᠲᠡᠷᠢᠭᠦᠨ ᠳᠤ᠂ ᠲᠠᠨ ᠤ ᠤᠳᠠᠯ ᠦᠭᠡᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠶᠡᠭᠡ ᠡᠭᠦᠳᠡ ᠪᠠᠷ ᠭᠠᠷᠴᠤ᠂ ᠨᠡᠩ ᠥᠷᠭᠡᠨ ᠠᠭᠤᠳᠠᠮ ᠠᠶᠠᠨ ᠵᠠᠮ ᠢᠶᠠᠨ ᠡᠬᠢᠯᠡᠬᠦ ᠭᠡᠵᠦ ᠪᠠᠶᠢᠭ᠎ᠠ ᠳᠤ ᠪᠠᠶᠠᠷ ᠬᠦᠷᠭᠡᠶ᠎ᠡ ᠃ ᠲᠠ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠣᠩᠭᠤᠭᠰᠠᠠᠨ ᠴᠤ ᠬᠠᠮᠢᠶ᠎ᠠ ᠦᠭᠡᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠣᠩᠭᠤᠭᠰᠠᠠᠨ ᠴᠤ ᠬᠠᠮᠢᠶ᠎ᠠ ᠦᠭᠡᠢ᠂ ᠪᠢᠲᠡᠭᠡᠢ ᠭᠡᠷ ᠤᠨ ᠠᠮᠢᠳᠤᠷᠠᠯ ᠤᠨ ᠬᠦᠴᠢᠷᠳᠡᠯ ᠠᠴᠠ ᠪᠣᠯᠵᠤ ᠵᠣᠪᠠᠭᠠᠷᠠᠢ ᠂ ᠤᠯᠤᠰ ᠤᠨ ᠳᠡᠳᠭᠦᠮᠵᠢ ᠶᠢᠨ ᠲᠦᠷᠦ ᠶᠢᠨ ᠪᠣᠳᠣᠯᠭ᠎ᠠ ᠨᠢ ᠬᠡᠵᠢᠶᠡᠳᠡ ᠲᠠᠨ ᠤ ᠠᠶᠠᠯᠠᠯ ᠢ ᠬᠠᠮᠠᠭᠠᠯᠠᠨ᠎ᠠ ᠃        ᠬᠡᠷᠪᠡ ᠲᠠ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠣᠩᠭᠤᠪᠠᠯ ᠂ ᠤᠤᠯ ᠤᠨ ᠳᠡᠩᠰᠡᠯᠡᠵᠦ ᠺᠠᠷᠳ᠋ᠯᠠᠭᠰᠠᠨ ᠬᠡᠷ ᠪᠦᠯᠢ ᠶᠢᠨ ᠰᠤᠷᠤᠭᠴᠢ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠬᠡᠷ ᠪᠦᠯᠢ ᠶᠢᠨ ᠰᠤᠷᠤᠭᠴᠢ᠂ ᠬᠥᠳᠡᠭᠡ ᠲᠣᠰᠬᠤᠨ ᠤ ᠣᠨᠴᠠ ᠬᠦᠴᠢᠷᠳᠡᠯᠲᠡᠶ ᠵᠡᠮᠳᠡᠭᠴᠦᠳ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠵᠦ ᠪᠠᠶᠢᠭ᠎ᠠ ᠰᠣᠷᠣᠭᠴᠢ᠂ ᠬᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠵᠡᠮᠳᠡᠭ ᠰᠣᠷᠣᠭᠴᠢ ᠵᠡᠷᠭᠡ ᠳᠥᠷᠪᠡᠨ ᠲᠥᠷᠥᠯ ᠤᠨ ᠰᠤᠷᠤᠭᠴᠢᠳ ᠴᠥᠮ ᠰᠤᠷᠤᠯᠭ᠎ᠠ ᠶᠢᠨ ᠰᠤᠯᠠ ᠵᠠᠷᠤᠳᠠᠯ ᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠣᠯᠤᠨ᠎ᠠ᠃ ᠡᠭᠦᠨ ᠠᠴᠠ ᠭᠠᠳᠠᠨ᠎ᠠ᠂ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢᠳ ᠪᠠᠰᠠ ᠰᠤᠷᠭᠠᠭᠤᠯᠢ ᠠᠴᠠ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠭᠤᠶᠤᠴᠢᠯᠠᠵᠤ ᠪᠣᠯᠤᠨ᠎ᠠ᠃        ᠬᠡᠷᠪᠡ ᠲᠠ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢ ᠰᠣᠩᠭᠤᠪᠠᠯ ᠂ ᠤᠯᠤᠰ ᠠᠴᠠ ᠨᠢᠭᠡ᠂ ᠬᠤᠶᠠᠷ ᠂ ᠭᠤᠷᠪᠠᠳᠤᠭᠠᠷ ᠣᠨ ᠤ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠳᠣᠲᠣᠷ᠎ᠠ ᠬᠥᠳᠡᠭᠡ ᠲᠣᠰᠬᠤᠨ ︵ᠰᠢᠶᠠᠨ ᠪᠠᠯᠭᠠᠰᠤ ᠪᠠᠭᠲᠠᠨ᠎ᠠ︶ ᠤ ᠰᠤᠷᠤᠭᠴᠢ᠂ ᠬᠤᠲᠠ ᠶᠢᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ᠂ ᠬᠤᠲᠠ ᠶᠢᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ᠂ ᠦᠨᠳᠦᠰᠦᠲᠡᠨ ᠤ ᠭᠠᠵᠠᠷ ᠣᠷᠣᠨ ᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢ ᠪᠣᠯᠤᠨ ᠰᠢ ᠲᠠᠭᠤᠤᠷᠢᠯᠢᠭ ᠤᠨ ᠲᠣᠭᠯᠠᠯᠲᠠ ᠶᠢᠨ ᠲᠤᠰᠬᠠᠶ ᠮᠡᠷᠭᠡᠵᠢᠯ ᠤᠨ ᠰᠤᠷᠤᠭᠴᠢ ︵ᠪᠤᠰᠤᠳ ᠤᠷᠠᠯᠢᠭ ᠤᠨ ᠲᠥᠷᠥᠯ ᠤᠨ ᠬᠠᠮᠢᠶ᠎ᠠ ᠪᠦᠬᠦᠢ ᠲᠣᠭᠯᠠᠯᠲᠠ ᠶᠢᠨ ᠲᠤᠰᠬᠠᠶ ᠮᠡᠷᠭᠡᠵᠢᠯ ᠤᠨ ᠰᠤᠷᠤᠭᠴᠢ ᠠᠴᠠ ᠪᠤᠰᠤᠳ︶ ᠶᠢᠨ ᠰᠤᠷᠤᠯᠭ᠎ᠠ ᠶᠢᠨ ᠰᠦᠢᠳᠬᠡᠯ ᠢ ᠬᠡᠯᠲᠦᠷᠢᠭᠦᠯᠦᠨ᠎ᠡ︔ ᠨᠢᠭᠡ᠂ ᠬᠤᠶᠠᠷ᠂ ᠭᠤᠷᠪᠠᠳᠤᠭᠠᠷ ᠣᠨ ᠤ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠰᠤᠷᠤᠭᠴᠢ ᠪᠣᠯᠤᠨ ᠲᠠᠷᠢᠶᠠᠯᠠᠩ ᠳᠤ ᠬᠤᠯᠪᠣᠭᠳᠠᠬᠤ ᠲᠤᠰᠬᠠᠶ ᠮᠡᠷᠭᠡᠵᠢᠯ ᠤᠨ ᠭᠡᠷ ᠪᠦᠯᠢ ᠶᠢᠨ ᠠᠵᠤ ᠠᠬᠤᠶ ᠨᠢ ᠬᠦᠴᠢᠷᠳᠡᠯᠲᠡᠶ ᠰᠤᠷᠤᠭᠴᠢ᠂ ᠯᠢᠦ ᠫᠠᠨ ᠱᠠᠨ ᠲᠣᠭᠤᠷᠢᠭ ᠵᠡᠷᠭᠡ 11 ᠣᠨᠴᠠ  ᠬᠦᠴᠢᠷᠲᠡᠢ ᠭᠠᠵᠠᠷ ᠣᠷᠣᠨ ᠪᠠ ᠲᠥᠪᠡᠳ᠂ ᠳᠥᠷᠪᠡᠨ ᠮᠤᠵᠢ ᠶᠢᠨ ᠲᠥᠪᠡᠳ ᠲᠤ  ᠬᠠᠷᠢᠶᠠᠯᠠᠭᠳᠠᠬᠤ ᠵᠸᠦ ᠰᠢᠶᠠᠨ᠂ ᠰᠢᠨᠵᠢᠶᠠᠩ ᠤᠨ ᠨᠠᠨᠵᠢᠶᠠᠩ ᠳᠥᠷᠪᠡᠨ ᠭᠠᠵᠠᠷ ᠣᠷᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠥᠳᠡᠭᠡ ᠲᠣᠰᠬᠤᠨ ᠤ ᠰᠤᠷᠤᠭᠴᠢ ︵ᠰᠢᠶᠠᠨ ᠬᠤᠲᠠ ᠪᠠᠭᠲᠠᠬᠤ ᠦᠭᠡᠶ︶ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠶᠢ ᠬᠦᠷᠲᠡᠨ᠎ᠡ᠃ ᠰᠠᠶᠢᠨ ᠢᠯᠡᠷᠡᠯ ᠲᠠᠢ ᠰᠤᠷᠤᠭᠴᠢᠳ ᠪᠠᠰᠠ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠭᠤᠶᠤᠴᠢᠯᠠᠵᠤ ᠪᠣᠯᠣᠨ᠎ᠠ᠃        ᠬᠡᠷᠪᠡ ᠲᠠ ᠤᠯᠤᠰ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠬᠢᠭᠡᠳ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠶ᠎ᠠ ᠭᠡᠵᠦ ᠪᠣᠳᠣᠵᠤ ᠪᠠᠶᠢᠪᠠᠯ᠂ ᠰᠤᠷᠤᠯᠴᠠᠵᠤ ᠪᠠᠶᠢᠭ᠎ᠠ ᠰᠤᠷᠭᠠᠭᠤᠯᠢ ᠪᠤᠶᠤ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ ᠠᠰᠠᠭᠤᠨ ᠯᠠᠪᠯᠠᠵᠤ ᠪᠣᠯᠤᠨ᠎ᠠ᠂ ᠪᠠᠰᠠ ᠪᠦᠬᠦ ᠤᠯᠤᠰ ᠤᠨ ᠰᠤᠷᠤᠭᠴᠢᠳ ᠢ ᠲᠤᠰᠠᠯᠠᠬᠤ ᠬᠠᠮᠢᠶᠠᠷᠤᠯᠲᠠ ᠶᠢᠨ ᠲᠥᠪ ᠤᠨ ᠠᠯᠪᠠᠨ ᠰᠦᠯᠵᠢᠶ᠎ᠡ ᠳᠤ ᠭᠠᠷᠬᠤ ᠪᠤᠶᠤ ᠳᠤᠮᠳᠠᠳᠤ ᠤᠯᠤᠰ ᠤᠨ ᠰᠤᠷᠤᠭᠴᠢᠳ ᠢ ᠲᠤᠰᠠᠯᠠᠬᠤ ᠸᠢᠴᠠᠲ ᠤᠨ ᠨᠡᠶᠢᠲᠡ ᠶᠢᠨ ᠳ᠋ᠤᠭᠠᠷ ᠢᠶᠠᠷ ᠪᠠᠶᠢᠴᠠᠭᠠᠨ ᠯᠠᠪᠯᠠᠵᠤ  ᠪᠣᠯᠤᠨ᠎ᠠ᠃ ᠨᠡᠩ ᠣᠯᠠᠨ ᠰᠤᠷᠭᠠᠨ ᠬᠥᠮᠦᠵᠢᠯ ᠤᠨ ᠲᠥᠷᠥ ᠶᠢᠨ ᠪᠣᠳᠣᠯᠭ᠎ᠠ ᠶᠢ᠂ ︽ᠰᠤᠷᠭᠠᠨ  ᠬᠦᠮᠦᠵᠢᠯ ᠤᠨ ᠶᠠᠮᠤᠨ︾ ᠤ ︽ᠸᠢᠴᠠᠲ ᠰᠤᠷᠭᠠᠨ ᠬᠦᠮᠦᠵᠢᠯ︾ ᠸᠢᠴᠠᠲ ᠤᠨ ᠨᠡᠶᠢᠲᠡ ᠶᠢᠨ ᠳ᠋ᠤᠭᠠᠷ ᠢ  ᠠᠩᠬᠠᠷᠤᠭᠠᠷᠠᠢ ᠃ ᠡᠭᠦᠨ ᠤ ᠬᠠᠮᠲᠤ᠂ ᠲᠠ ᠡᠨᠡ ᠵᠠᠬᠢᠳᠠᠯ ᠢ ᠤᠩᠰᠢᠭᠰᠠᠨ ᠤ ᠳᠠᠷᠠᠭ᠎ᠠ ᠲᠥᠷᠥᠯ ᠰᠠᠳᠤᠨ ᠨᠠᠶᠢᠵᠠ ᠨᠥᠬᠦᠳ ᠲᠡᠭᠡᠨ ᠬᠤᠪᠢᠶᠠᠯᠴᠠᠵᠤ᠂ ᠨᠡᠩ ᠣᠯᠠᠨ ᠬᠦᠮᠦᠰ ᠲᠤ ᠨᠠᠮ ᠪᠠ ᠤᠯᠤᠰ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠮᠡᠳᠡᠭᠦᠯᠬᠦ ᠶᠢ ᠬᠦᠰᠡᠵᠦ ᠪᠠᠶᠢᠨ᠎ᠠ ᠃        ᠬᠠᠶᠢᠷᠠᠲᠤ ᠬᠠᠮᠲᠤ ᠰᠤᠷᠤᠭᠴᠢᠳ ᠡ᠂ ᠵᠣᠨ ᠤ ᠠᠮᠠᠷᠠᠯᠲᠠ ᠬᠦᠷᠴᠦ ᠢᠷᠡᠬᠦ ᠭᠡᠵᠦ  ᠪᠠᠶᠢᠨ᠎ᠠ ᠂ ᠠᠳᠡ ᠣᠨᠴᠠᠭᠠᠶᠢᠯᠠᠨ ᠲᠠᠨ ᠢ ᠰᠠᠨᠠᠭᠤᠯᠬᠤ ᠨᠢ ᠂ ᠵᠠᠷᠢᠮ ᠬᠠᠤᠯᠢ ᠪᠤᠰᠤ ᠡᠲᠡᠭᠡᠳ ᠰᠤᠷᠤᠯᠭ᠎ᠠ ᠶᠢᠨ ᠱᠠᠩᠨᠠᠯ ᠰᠤᠷᠤᠯᠭ᠎ᠠ ᠶᠢᠨ ᠲᠡᠳᠭᠦᠮᠵᠢ ᠶᠢᠨ ᠮᠥᠩᠭᠦ᠂ ᠳᠠᠩᠰᠠ ᠪᠠᠷ ᠠᠰᠢᠭ ᠣᠯᠬᠤ᠂ ᠪᠡᠯᠡ ᠣᠷᠣᠭᠤᠯᠵᠤ ᠡᠳ᠋ ᠤᠨ ᠶᠠᠪᠤᠳᠠᠯ ᠢ ᠬᠠᠮᠢᠶᠠᠷᠬᠤ ᠵᠡᠷᠭᠡ ᠰᠢᠯᠲᠠᠭᠠᠨ ᠢᠶᠠᠷ᠂ ᠡᠰᠡᠬᠦᠯ᠎ᠡ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠠᠵᠢᠯᠲᠠᠨ᠂ ᠵᠣᠴᠢᠨ ᠤ ᠦᠢᠯᠡᠴᠢᠯᠡᠭᠡ ᠵᠡᠷᠭᠡ ᠪᠠᠷ ᠳᠠᠮᠵᠢᠭᠤᠯᠤᠨ ᠰᠦᠯᠵᠢᠶᠡᠨ ᠤ ᠮᠡᠬᠡᠯᠡᠯ ᠶᠠᠪᠤᠭᠤᠯᠤᠨ᠎ᠠ᠃ ᠬᠡᠷᠪᠡ ᠲᠠ ᠰᠡᠵᠢᠭᠯᠡᠯᠲᠡᠶ ᠮᠡᠳᠡᠭᠡ ᠵᠠᠩᠭᠢ ᠶᠢ ᠣᠯᠪᠠᠯ᠂ ᠡᠷᠬᠡᠪᠰᠢ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠪᠠᠭᠰᠢ᠂ ᠬᠡᠷ ᠤᠨ ᠠᠬᠠᠮᠠᠳ ᠲᠠᠢ ᠪᠠᠨ ᠴᠠᠭ ᠲᠤᠬᠠᠶ ᠳᠤᠨᠢ ᠨᠡᠪᠲᠡᠷᠡᠯᠴᠡᠵᠦ ᠂ ᠶᠠᠮᠠᠷᠪᠠ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠵᠤ ᠪᠣᠯᠬᠤ ᠥᠬᠡᠶ᠂ ᠨᠠᠩ ᠴᠤ ᠲᠠᠨᠢᠯ ᠪᠤᠰᠤ ᠬᠥᠮᠦᠨ ᠳᠤ ᠲᠠᠩᠰᠠ ᠰᠢᠯᠵᠢᠭᠦᠯᠵᠦ ᠪᠣᠯᠬᠤ ᠥᠬᠡᠶ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠶ᠃        ᠲᠠᠨ ᠤ ᠶᠡᠷᠦᠩᠬᠡᠢ ᠱᠦᠵᠢ ᠰᠢ ᠶᠢᠨ ᠫᠢᠩ ᠤᠨ ᠴᠢᠩ ᠰᠡᠳᠬᠢᠯ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠷᠭᠠᠭᠤ ᠰᠤᠷᠤᠯᠴᠠᠬᠤ ᠳᠦᠷᠰᠦ ᠪᠠᠶᠢᠳᠠᠯ ᠢᠶᠠᠷ ︽ᠵᠠᠯᠠᠭᠤ ᠨᠠᠰᠤ ᠪᠠᠨ ᠨᠠᠮ ᠳᠠᠭᠠᠨ ᠬᠠᠨᠳᠤᠭᠤᠯᠵᠤ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ︾ ᠭᠡᠬᠦ ᠢᠲᠡᠭᠡᠯ ᠪᠢᠰᠢᠷᠡᠯ ᠤᠨ ᠬᠠᠭᠤᠳᠠᠰᠤ ᠶᠢ ᠪᠢᠴᠢᠭᠯᠡᠵᠦ᠂ ᠦᠨᠡᠨᠴᠢ ᠰᠢᠳᠤᠷᠭᠤ ᠳᠦᠷᠰᠦ ᠪᠠᠶᠢᠳᠠᠯ ᠢᠶᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠰᠦᠷ ᠳᠠᠯᠠᠶᠢᠴᠠᠲᠠᠢ ᠠᠶᠠᠨ ᠳᠤ ᠣᠷᠣᠯᠴᠠᠬᠤ ᠶᠢ ᠬᠦᠰᠡᠵᠦ ᠪᠠᠶᠢᠨ᠎ᠠ︕ ᠬᠠᠮᠤᠭ ᠰᠡᠭᠦᠯ ᠳᠤ᠂ ᠲᠠᠨ ᠤ ᠰᠤᠷᠭᠠᠭᠤᠯᠢ ᠳᠡᠪᠰᠢᠬᠦ ᠰᠢᠯᠭᠠᠯᠲᠠ ᠶᠢᠨ ᠳᠤᠮᠳᠠ ᠰᠠᠶᠢᠨ ᠬᠢᠷᠢ ᠪᠦᠲᠦᠮᠵᠢ ᠣᠯᠵᠤ᠂ ᠬᠦᠰᠡᠯᠡᠩᠲᠦ ᠰᠤᠷᠭᠠᠭᠤᠯᠢ ᠵᠦᠭ ᠢᠶᠠᠨ ᠤᠷᠤᠭᠰᠢᠯᠠᠨ᠂ ᠬᠥᠮᠦᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠢᠷᠥᠭᠡᠶ᠎ᠡ︕                ᠪᠦᠬᠦ ᠤᠯᠤᠰ ᠤᠨ ᠰᠤᠷᠤᠭᠴᠢᠳ ᠢ ᠲᠤᠰᠠᠯᠠᠬᠤ ᠬᠠᠮᠢᠶᠠᠷᠤᠯᠲᠠ ᠶᠢᠨ ᠲᠦᠪ                2025 ᠣᠨ ᠤ 4 ᠳ᠋ᠦ᠋ᠭᠡᠷ ᠰᠠᠷ᠎ᠠ ᠶᠢᠨ 28 ᠤ ᠡᠳᠦᠷ    
 
ᠢᠷᠡᠯᠲᠡ᠄ ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号