ᠳ᠋ᠦᠩ ᠰᠢᠨ ᠶᠤᠸᠠᠢ ᠰᠢᠭᠤᠶᠢᠲᠤ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/5/23
        5 ᠳ᠋ᠤᠭᠠᠷ ᠰᠠᠷ᠎ᠠ ᠶᠢᠨ 22 ᠤᠨ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠳ᠋ᠦᠩ ᠰᠢᠨ ᠶᠤᠸᠠᠢ ᠰᠢᠭᠤᠶᠢᠲᠤ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ᠃        ᠰᠢᠭᠤᠶᠢᠲᠤ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠪᠠ ᠶᠡᠷᠦᠩᠬᠡᠶᠢᠯᠡᠨ ᠵᠠᠰᠠᠬᠤ ᠲᠥᠪ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠠᠭᠠᠯᠳᠤᠬᠤ ᠠᠴᠠ ᠡᠮᠦᠨᠡᠬᠢ ᠡᠶᠡᠳᠡᠭᠦᠯᠭᠡ ᠳᠤ ᠣᠷᠣᠯᠴᠠᠬᠤ᠂ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠪᠠᠶᠢᠴᠠᠭᠠᠬᠤ ᠰᠠᠨᠠᠭᠤᠯᠭ᠎ᠠ ᠶᠢ ᠬᠤᠶᠠᠷ ᠲᠠᠯ᠎ᠠ ᠪᠠᠷ ᠢᠶᠠᠨ ᠬᠤᠪᠢᠷᠠᠭᠤᠯᠬᠤ ᠵᠢᠴᠢ ︽ᠨᠢᠭᠡ ᠯᠠ ᠦᠷᠲᠡᠭᠡ ᠮᠠᠶ᠋ᠢᠭ︾ ᠤᠨ ᠵᠢᠭᠤᠷᠠᠯᠳᠤᠭᠠᠨ ᠢ ᠰᠢᠢᠳᠪᠦᠷᠢᠯᠡᠬᠦ ᠲᠠᠪᠴᠠᠩ ᠤᠨ ᠠᠵᠢᠯ ᠤᠨ ᠪᠠᠶᠢᠳᠠᠯ ᠢ ᠨᠠᠷᠢᠨ ᠬᠢᠨᠠᠮᠠᠭᠠᠶ ᠣᠶᠢᠯᠠᠭᠠᠪᠠ᠃ ᠲᠡᠷᠡ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠠᠵᠢᠯ ᠳᠤ ᠣᠷᠣᠯᠴᠠᠬᠤ ᠳᠠᠬᠢ ᠪᠠᠶᠢᠪᠠᠰᠤ ᠵᠣᠬᠢᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠲᠥᠯᠥᠭᠡᠯᠡᠭᠴᠢᠳ ᠤᠨ ᠰᠠᠨᠠᠭᠤᠯᠭ᠎ᠠ ᠪᠣᠯᠤᠨ ᠪᠠᠶᠢᠴᠠᠭᠠᠬᠤ ᠰᠠᠨᠠᠭᠤᠯᠭ᠎ᠠ ᠶᠢ ᠵᠣᠯᠭᠠᠭᠤᠯᠤᠨ ᠬᠤᠪᠢᠷᠠᠭᠤᠯᠬᠤ ᠠᠵᠢᠯ ᠢ ᠠᠬᠢᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠣᠯᠤᠨ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠬᠤ ᠰᠠᠨᠠᠭᠤᠯᠭ᠎ᠠ ᠶᠢᠨ ᠬᠤᠣᠰ ᠴᠢᠭᠯᠡᠯ ᠢᠶᠠᠷ ᠴᠢᠳᠠᠪᠤᠷᠢ ᠣᠯᠭᠤᠬᠤ ᠶᠢ ᠪᠡᠶᠡᠯᠡᠭᠦᠯᠬᠦ ᠬᠡᠷᠡᠭᠲᠡᠢ᠃ ︽ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ + ︾ ᠡᠶᠡᠳᠡᠭᠦᠯᠦᠨ ᠰᠢᠢᠳᠪᠦᠷᠢᠯᠡᠬᠦ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠰᠢᠢᠳᠪᠦᠷᠢᠯᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠳᠤ ᠬᠦᠴᠦ ᠨᠡᠮᠡᠷᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠲᠦᠮᠵᠢᠲᠡᠢ ᠬᠠᠮᠠᠭᠠᠯᠠᠬᠤ ᠬᠡᠷᠡᠭᠲᠡᠢ ᠭᠡᠪᠡ ᠃
图片11.png
        ᠰᠢᠭᠤᠶᠢᠳᠤ ᠲᠣᠭᠤᠷᠢᠭ ᠤᠨ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠤᠨ ᠱᠠᠩ ᠾᠧ ᠬᠡᠷᠡᠭ ᠵᠥᠪᠯᠡᠬᠦ ᠲᠢᠩᠰᠡ᠂ ᠪᠠᠳᠺᠠᠷ ᠰᠦᠮ᠎ᠡ ᠪᠠᠯᠭᠠᠰᠤᠨ ᠤ ᠴᠢᠩ ᠱᠠᠨ ᠲᠣᠰᠬᠤᠨ ᠳᠤ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾᠂ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠤᠯᠪᠣᠭ᠎ᠠ ᠠᠪᠬᠤ ᠦᠷᠳᠡᠭᠡ ᠶᠢᠨ ᠠᠵᠢᠯᠯᠠᠭᠠᠨ ᠤ ᠪᠠᠶᠢᠳᠠᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠠᠬᠢᠳᠠᠯ ᠰᠤᠷᠪᠤᠯᠵᠢᠯᠠᠭ᠎ᠠ ᠪᠠᠷ ᠣᠷᠣᠯᠠᠨ ᠭᠦᠢᠴᠡᠳᠬᠡᠬᠦ ᠠᠵᠢᠯ ᠳᠤ ᠣᠷᠣᠯᠴᠠᠭᠰᠠᠨ ᠪᠠᠶᠢᠳᠠᠯ᠂ ᠠᠷᠠᠳ ᠤᠨ ᠲᠥᠯᠥᠭᠡᠯᠡᠭᠴᠢ ᠤᠨᠤᠯ ᠤᠨ ᠰᠤᠳᠤᠯᠤᠨ ᠦᠢᠯᠡᠳᠦᠯᠭᠡᠵᠢᠭᠦᠯᠬᠦ ᠪᠤᠭᠤᠲᠤ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ︽ᠰᠡᠳᠬᠢᠯ ᠬᠤᠯᠪᠣᠬᠤ ᠬᠥᠭᠦᠷᠭᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠷᠠᠳ ᠤᠯᠠᠨ ᠤ ᠬᠦᠰᠡᠯ ᠱᠠᠭᠠᠷᠳᠠᠯᠭ᠎ᠠ ᠶᠢ ᠨᠡᠩ ᠰᠠᠶᠢᠲᠤᠷ ᠰᠣᠨᠣᠰᠴᠤ᠂ ᠨᠡᠶᠢᠭᠡᠮ ᠤᠨ ᠵᠥᠷᠢᠴᠡᠯ ᠢ ᠨᠠᠮᠳᠠᠭᠤᠯᠵᠤ᠂ ᠤᠯᠠᠨ ᠲᠦᠮᠡᠨ ᠳᠤ ᠰᠢᠭᠤᠳ ᠦᠢᠯᠡᠴᠢᠯᠡᠬᠦ ᠬᠡᠷᠡᠭᠲᠡᠢ᠃ ︽ᠠᠷᠠᠳ ᠤᠨ ᠰᠠᠨᠠᠭ᠎ᠠ ᠶᠢᠨ ᠰᠢᠭᠤᠳ ᠨᠡᠪᠲᠡᠷᠡᠬᠦ ᠲᠡᠷᠭᠡ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠡᠩ ᠤᠯᠠᠨ ᠦᠨᠳᠦᠰᠦᠨ ᠱᠠᠲᠤᠨ ᠤ ᠤᠯᠠᠨ ᠲᠦᠮᠡᠨ ᠢ ᠬᠠᠤᠯᠢ ᠲᠣᠭᠲᠠᠭᠠᠬᠤ ᠠᠵᠢᠯ ᠤᠨ ᠦᠢᠯᠡᠳᠦᠯᠭᠡ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠦᠷᠢᠮ ᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠣᠯᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠤᠨᠤᠯ ᠤᠨ ᠰᠤᠳᠤᠯᠭᠠᠨ ᠦᠢᠯᠡᠳᠦᠯᠭᠡ ᠶᠢᠨ ᠪᠤᠭᠤᠲᠤ ᠶᠢᠨ ᠰᠠᠭᠤᠷᠢᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠠᠷᠠᠳ ᠤᠨ ᠲᠥᠯᠥᠭᠡᠯᠡᠭᠴᠢᠳ ᠤᠨ ᠰᠣᠨᠢᠨ ᠤ ᠬᠤᠷᠢᠶ᠎ᠠ ᠯᠤᠭ᠎ᠠ ᠶᠢᠨ ᠤᠯᠤᠯᠴᠠᠭ᠎ᠠ ᠬᠠᠷᠢᠯᠴᠠᠭ᠎ᠠ ᠪᠠᠨ ᠴᠢᠩᠭᠠᠳᠬᠠᠵᠤ᠂ ᠤᠨᠤᠯ ᠤᠨ ᠰᠤᠳᠤᠯᠭᠠᠨ ᠢ ᠰᠠᠶᠢᠲᠤᠷᠬᠢᠵᠦ᠂ ᠪᠤᠭᠤᠲᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠯᠢᠭᠡᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠯᠢᠭᠡᠷ ᠢ ᠰᠠᠶᠢᠲᠤᠷ ᠶᠠᠷᠢᠬᠤ ᠬᠡᠷᠡᠭᠲᠡᠢ ᠭᠡᠪᠡ ᠃        ᠥᠪᠥᠷ ᠮᠣᠩᠭᠤᠯ ᠤᠨ ᠶᠠ ᠰᠢᠨ ᠯᠦᠩ ᠱᠦᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ᠂ ᠶᠠ ᠰᠢᠨ ᠯᠦᠩ ᠱᠦᠨ + ᠪᠠᠢ ᠼᠤᠤ ᠭᠸᠤ ᠲᠣᠰᠬᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠤᠯᠪᠣᠭ᠎ᠠ ᠠᠪᠬᠤ ᠦᠷᠳᠡᠭᠡ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠲᠣᠰᠬᠤᠨ ᠠᠵᠤ ᠠᠬᠤᠶᠢᠯᠠᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠮᠲᠤᠪᠠᠷ ᠪᠠᠶᠢᠭᠤᠯᠵᠤ ᠬᠠᠷᠢᠯᠴᠠᠨ ᠠᠬᠢᠭᠤᠯᠬᠤ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠳᠠ᠂ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠶᠠᠷᠢᠯᠴᠠᠪᠠ᠃ ᠲᠡᠷᠡ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠲᠥᠯᠥᠭᠡᠯᠡᠭᠴᠢ ᠶᠢᠨ ᠬᠠᠤᠯᠢ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ︽ᠬᠤᠶᠠᠷ ᠬᠠᠷᠢᠯᠴᠠᠬᠤ︾ ᠠᠵᠢᠯ ᠤᠨ ᠲᠣᠭᠲᠠᠴᠠ ᠶᠢ ᠭᠦᠨᠵᠡᠭᠡᠶᠢᠷᠡᠭᠦᠯᠵᠦ᠂ ᠬᠠᠷᠢᠯᠴᠠᠬᠤ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠵᠦ᠂ ᠬᠠᠷᠢᠯᠴᠠᠬᠤ ᠠᠭᠤᠯᠭ᠎ᠠ ᠪᠠ ᠬᠡᠯᠪᠡᠷᠢ ᠶᠢ ᠪᠠᠶᠠᠯᠢᠭᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠲᠠᠢ ᠬᠠᠷᠢᠯᠴᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠠᠵᠢᠯ ᠲᠥᠷᠥᠯ᠂ ᠠᠵᠤ ᠦᠢᠯᠡᠰ ᠤᠨ ᠬᠦᠷᠢᠶᠡᠨ ᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠲᠤᠰᠬᠠᠶ ᠮᠡᠷᠭᠡᠵᠢᠯ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠪᠡ ᠃        ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠴᠧᠨ ᠲᠢᠶᠧ ᠶᠢᠩ᠂ ᠠᠵᠢᠯ ᠤᠨ ᠵᠥᠪᠯᠡᠯ ᠤᠨ ᠭᠤᠤᠯ ᠬᠠᠷᠢᠭᠤᠴᠠᠯᠭᠠᠲᠠᠨ ᠵᠢᠴᠢ ᠰᠢᠭᠤᠶᠢᠲᠤ ᠲᠣᠭᠤᠷᠢᠭ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠵᠠᠶ᠃
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号