ᠰᠢᠭᠤᠶᠢᠲᠤ ᠲᠣᠭᠤᠷᠢᠭ ᠱᠠᠨ ᠰᠢ ᠮᠤᠵᠢ ᠶᠢᠨ ᠲᠢᠶᠠᠨ ᠪᠦᠦ ᠪᠦᠯᠦᠭᠯᠡᠯ ᠯᠦᠭᠡ ᠵᠢᠯ ᠳᠤ 15 ᠲᠦᠮᠡᠨ ᠲᠣᠨ ᠰᠠᠯᠬᠢᠨ ᠬᠦᠴᠦᠨ ᠤ ᠴᠠᠬᠢᠯᠭᠠᠨ ᠤ ᠹᠠ ᠯᠠᠨ ᠦᠢᠯᠡᠳᠪᠦᠷᠢᠯᠡᠬᠦ ᠲᠥᠷᠥᠯ ᠵᠦᠢᠯ ᠤᠨ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2025/5/23
        5 ᠳ᠋ᠤᠭᠠᠷ ᠰᠠᠷ᠎ᠠ ᠶᠢᠨ 19 ᠤ ᠡᠳᠦᠷ᠂ ᠰᠢᠭᠤᠶᠢᠲᠤ ᠲᠣᠭᠤᠷᠢᠭ ᠱᠠᠨ ᠰᠢ ᠮᠤᠵᠢ ᠶᠢᠨ ᠲᠢᠶᠠᠨ ᠪᠦᠦ ᠪᠦᠯᠦᠭᠯᠡᠯ  ᠯᠦᠭᠡ ᠵᠢᠯ ᠳᠤ 15 ᠲᠦᠮᠡᠨ ᠲᠣᠨ ᠰᠠᠯᠬᠢᠨ ᠬᠦᠴᠦᠨ ᠤ ᠴᠠᠬᠢᠯᠭᠠᠨ ᠤ ᠹᠠ ᠯᠠᠨ ᠦᠢᠯᠡᠳᠪᠦᠷᠢᠯᠡᠬᠦ ᠲᠥᠷᠥᠯ ᠵᠦᠢᠯ ᠤᠨ ᠭᠡᠷ᠎ᠡ ᠲᠣᠭᠲᠠᠬᠤ ᠶᠣᠰᠣᠯᠠᠯ ᠶᠠᠪᠤᠭᠤᠯᠪᠠ᠂ ᠡᠨᠡ ᠪᠣᠯ ᠪᠤᠭᠤᠲᠤ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠰᠠ ᠨᠢᠭᠡᠨ ᠴᠢᠬᠤᠯᠠ ᠶᠡᠭᠡ ᠪᠡᠯᠭᠡ ᠲᠡᠮᠳᠡᠭ ᠤᠨ ᠴᠢᠨᠠᠷᠲᠠᠢ ᠲᠥᠷᠥᠯ ᠵᠦᠢᠯ ᠪᠣᠯᠤᠨ᠎ᠠ᠃ ᠲᠣᠰ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 20 ᠳ᠋ᠦᠩᠰᠢᠭᠤᠷ ᠲᠥᠭᠦᠷᠢᠭ ᠪᠠᠶᠢᠵᠤ᠂ 330 ᠮᠥ ᠭᠠᠵᠠᠷ ᠡᠵᠡᠯᠡᠵᠦ᠂ ᠪᠠᠶᠢᠭᠤᠯᠵᠤ ᠳᠠᠭᠤᠰᠬᠠᠭᠰᠠᠨ ᠤ ᠳᠠᠷᠠᠭ᠎ᠠ ᠵᠢᠱᠢᠯᠲᠡ ᠪᠠᠷ ᠵᠢᠯ ᠤᠨ ᠦᠢᠯᠡᠳᠬᠦᠨ ᠤ ᠥᠷᠲᠡᠭ ᠢ 15 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠶᠡᠯᠡᠭᠦᠯᠵᠦ᠂ ᠵᠢᠯ ᠤᠨ ᠭᠠᠶᠢᠯᠢ ᠶᠢᠨ ᠣᠷᠣᠯᠭ᠎ᠠ ᠶᠢ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠶᠢᠯᠭᠠᠵᠤ᠂ 500 ᠠᠵᠢᠯ ᠣᠯᠭᠤᠯᠲᠠ ᠶᠢᠨ ᠠᠵᠢᠯ ᠤᠨ ᠪᠠᠶᠢᠷᠢ ᠬᠠᠩᠭᠠᠨ᠎ᠠ ᠃
图片9.png
        ᠲᠣᠰ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ ᠨᠢ ᠥᠪᠡᠷᠲᠡᠭᠡᠨ ᠵᠠᠰᠠᠬᠤ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠹᠠ ᠯᠠᠨ ᠦᠢᠯᠡᠳᠪᠦᠷᠢᠯᠡᠵᠦ ᠦᠢᠯᠡᠳᠬᠦ ᠬᠦᠷᠢᠶᠡᠨ ᠳᠠᠬᠢ ︽ᠲᠡᠭ︾ ᠤᠨ ᠰᠢᠪᠲᠤᠯᠤᠯᠲᠠ ᠶᠢ ᠪᠡᠶᠡᠯᠡᠭᠦᠯᠵᠦ᠂ ᠮᠠᠨ ᠤ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠡᠯᠬᠢᠶ᠎ᠡ ᠳᠡᠭᠡᠷᠡᠬᠢ ᠵᠠᠩᠭᠢᠯᠠᠭ᠎ᠠ ᠶᠢᠨ ᠨᠢᠭᠡ ᠭᠤᠭᠴᠤᠭ᠎ᠠ ᠶᠢ ᠨᠦᠬᠦᠪᠦᠷᠢᠯᠡᠪᠡ ᠃ ᠲᠥᠷᠥᠯ ᠵᠦᠢᠯ ᠨᠢ ᠰᠠᠯᠬᠢᠨ ᠬᠦᠴᠦᠨ ᠤ ᠴᠠᠬᠢᠯᠭᠠᠨ ᠤ ᠹᠠ ᠯᠠᠨ ᠦᠢᠯᠡᠳᠪᠦᠷᠢᠯᠡᠬᠦ ᠪᠠᠷ ᠭᠤᠣᠯ ᠪᠣᠯᠭᠠᠵᠤ᠂ ᠳᠠᠪᠲᠠᠨ ᠦᠢᠯᠡᠳᠬᠦ᠂ ᠢᠯᠴᠢ ᠪᠠᠷ ᠰᠢᠢᠳᠪᠦᠷᠢᠯᠡᠬᠦ᠂ ᠨᠠᠷᠢᠯᠢᠭ ᠪᠣᠯᠪᠠᠰᠤᠷᠠᠭᠤᠯᠬᠤ ᠵᠡᠷᠭᠡ ᠳᠡᠭᠡᠳᠦ ᠳᠣᠣᠷᠠᠳᠤ ᠤᠷᠤᠰᠬᠠᠯ ᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠲᠡᠳᠡᠨ ᠴᠤᠭᠯᠠᠷᠠᠭᠤᠯᠵᠤ᠂  ︽ᠰᠤᠳᠤᠯᠤᠨ ᠨᠡᠭᠡᠭᠡᠬᠦ — ᠦᠢᠯᠡᠳᠪᠦᠷᠢᠯᠡᠬᠦ — ᠢᠵᠢ ᠪᠦᠷᠢᠳᠦᠭᠦᠯᠬᠦ — ᠦᠢᠯᠡᠴᠢᠯᠡᠭᠡ︾ ᠶᠢᠨ ᠪᠦᠬᠦ ᠬᠡᠯᠬᠢᠶ᠎ᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠦ᠂ ᠪᠦᠬᠦ ᠬᠤᠲᠠ ᠶᠢᠨ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠳᠡᠭᠡᠳᠦ ᠲᠡᠰᠵᠢᠯᠲᠡ᠂ ᠪᠦᠯᠦᠭᠵᠢᠯ ᠲᠡᠶᠢᠰᠢ ᠳᠠᠪᠰᠢᠬᠤ ᠶᠢ ᠠᠬᠢᠭᠤᠯᠪᠠ ᠃        ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠨᠢ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ᠂ ᠦᠢᠯᠡᠳᠪᠦᠷᠢᠯᠡᠵᠦ ᠦᠢᠯᠡᠳᠬᠦ ᠂ ᠪᠠᠶᠢᠴᠠᠭᠠᠨ ᠬᠡᠮᠵᠢᠬᠦ᠂ ᠡᠵᠡᠩᠨᠡᠵᠦ ᠬᠠᠮᠠᠭᠠᠯᠠᠬᠤ᠂ ᠡᠭᠡᠭᠦᠯᠦᠨ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠪᠦᠷᠢᠨ ᠪᠦᠲᠦᠨ ᠠᠵᠤ ᠦᠢᠯᠡᠰ ᠤᠨ ᠠᠮᠢ ᠠᠬᠤᠶ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠳᠡᠭᠡᠳᠦ ᠳᠣᠤᠷᠠᠳᠤ ᠤᠷᠤᠰᠬᠠᠯ ᠤᠨ ᠵᠡᠭᠦᠨ ᠪᠠᠷᠠᠭᠤᠨ ᠲᠠᠯ᠎ᠠ ᠶᠢᠨ ᠢᠵᠢ ᠪᠥᠷᠢᠳᠦᠭᠰᠡᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠠᠵᠤ ᠦᠢᠯᠡᠰ ᠤᠨ ᠬᠡᠯᠬᠢᠶ᠎ᠡ ᠶᠢᠨ ᠲᠠᠰᠤᠯᠳᠠᠯ ᠴᠡᠭ ᠢ ᠨᠥᠬᠦᠪᠥᠷᠢᠯᠡᠵᠦ᠂ ᠠᠵᠤ ᠦᠢᠯᠡᠰ ᠤᠨ ᠬᠡᠯᠬᠢᠶ᠎ᠡ ᠬᠠᠮᠤᠭ ᠤᠨ ᠪᠦᠷᠢᠨ ᠪᠦᠲᠦᠨ᠂ ᠮᠡᠷᠭᠡᠵᠢᠯ ᠬᠠᠮᠤᠭ ᠤᠨ ᠲᠡᠷᠢᠭᠦᠨ  ᠤ᠂ ᠠᠵᠤ ᠦᠢᠯᠡᠰ ᠤᠨ ᠢᠵᠢ ᠬᠠᠮᠤᠭ ᠤᠨ ᠪᠦᠷᠢᠨ ᠭᠦᠢᠴᠡᠳ᠂ ᠨᠥᠯᠥᠭᠡᠯᠡᠨ ᠳᠠᠶᠢᠴᠢᠯᠠᠬᠤ ᠬᠦᠴᠦᠨ ᠢᠶᠠᠷ ᠬᠠᠮᠤᠭ ᠤᠨ ᠴᠢᠩᠭ᠎ᠠ ᠪᠥᠬᠦ ᠤᠯᠤᠰ ᠤᠨ ᠬᠠᠮᠤᠭ ᠤᠨ ᠨᠥᠯᠥᠭᠡᠯᠡᠬᠦ ᠬᠦᠴᠦᠨ ᠲᠠᠢ ᠬᠠᠭᠤᠷᠠᠶ ᠳᠡᠭᠡᠷᠡᠬᠢ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号