ᠣᠷᠴᠢᠨ ᠲᠣᠭᠤᠷᠢᠨ ᠭᠤᠶᠤ ᠰᠠᠶᠢᠬᠠᠨ ᠂ ᠲᠥᠬᠦᠭᠡᠷᠦᠮᠵᠢ ᠳᠠᠪᠰᠢᠩᠭᠤᠢ | ᠪᠠᠭᠰᠢ ᠶᠢᠨ ᠬᠦᠴᠦᠨ ᠭᠠᠷᠮᠠᠭᠠᠢ ᠂ ᠥᠩᠭᠡ ᠦᠵᠡᠮᠵᠢ ᠬᠦᠮᠦᠨ ᠢ ᠰᠣᠭᠲᠣᠭᠤᠷᠠᠭᠤᠯᠤᠮᠠᠷ | ᠬᠥᠢ᠂ ᠰᠢᠨ᠎ᠡ ᠰᠤᠷᠭᠠᠭᠤᠯᠢ ᠶᠢᠨ ᠲᠣᠭᠤᠷᠢᠭ︕ | ᠪᠢᠳᠡ ᠢᠷᠡᠯ᠎ᠡ︕ | ᠥᠪᠥᠷ ᠣᠩᠭᠤᠯ ᠤᠨ ᠲᠡᠮᠦᠷ ᠵᠠᠮ ᠤᠨ ᠠᠵᠢᠯ ᠡᠷᠭᠡᠵᠢᠯ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ | ᠲᠣᠭᠤᠷᠢᠭ 5 ᠳ᠋ᠤᠭᠠᠷ ᠰᠠᠷ᠎ᠠ ᠶᠢᠨ 25 ᠤ ᠡᠳᠦᠷ ᠲᠤ ᠨᠡᠭᠦᠯᠭᠡᠬᠦ ᠠᠵᠢᠯ ᠢ ᠵᠢᠩᠬᠢᠨᠢ ᠪᠠᠷ ᠪᠡᠶᠡᠯᠡᠭᠦᠯᠬᠦ ᠶᠢᠨ ᠬᠠᠮᠳᠤ | ᠠᠰᠢᠭᠯᠠᠯᠲᠠ ᠳᠤ ᠣᠷᠤᠵᠤ᠂ ᠰᠤᠷᠭᠠᠭᠤᠯᠢ ᠶᠢᠨ ᠬᠥᠭᠵᠢᠯ ᠤᠨ ᠲᠡᠦᠬᠡᠨ ᠳᠠᠬᠢ ᠴᠣ ᠰᠢᠨ᠎ᠡ | ᠬᠠᠭᠤᠳᠠᠰᠤ ᠶᠢ ᠪᠢᠴᠢᠭᠯᠡᠵᠦ᠂ ᠲᠡᠤᠬᠡᠳᠦ ᠴᠢᠨᠠᠷᠲᠠᠢ ᠲᠠᠪᠠᠯᠳᠠᠳᠤ ᠬᠦᠭᠵᠢᠯᠲᠡ ᠶᠢ ᠤᠭᠲᠤᠨ᠎ᠠ ︕ | ᠮᠦᠨ ᠴᠤ ᠰᠢᠭᠤᠶᠢᠲᠤ ᠲᠣᠭᠤᠷᠢᠭ ᠨᠢ ᠰᠤᠷᠭᠠᠨ ᠬᠥᠮᠦᠵᠢᠯ ᠤᠨ ᠥᠨᠳᠦᠷᠯᠢᠭ ᠢ ᠪᠠᠶᠢᠭᠤᠯᠬᠤ ᠠᠶᠠᠨ | ᠵᠠᠮ ᠳᠠᠭᠠᠨ ᠪᠠᠲᠤ ᠪᠠᠬᠢ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ ᠃ | | | ᠲᠣᠰ ᠤᠳᠠᠭᠠᠨ ᠤ ᠨᠡᠭᠦᠯᠭᠡᠬᠦ ᠠᠵᠢᠯ ᠨᠢ ᠶᠡᠷᠦ ᠪᠤᠰᠤ ᠶᠢᠨ ᠠᠴᠢ ᠬᠤᠯᠪᠣᠭᠳᠠᠯ ᠲᠠᠢ᠂ ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠢᠶᠠᠷ | ᠵᠥᠪᠰᠢᠶᠡᠷᠡᠭᠦᠯᠦᠭᠡᠳ᠂ ᠰᠤᠷᠭᠠᠭᠤᠯᠢ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠰᠢᠨ᠎ᠡ ᠡᠭᠦᠷᠭᠡ | ᠴᠢᠳᠠᠪᠤᠷᠢ ᠶᠢ ᠠᠮᠵᠢᠯᠲᠠ ᠲᠠᠢ ᠪᠠᠷ ᠣᠯᠤᠭᠰᠠᠨ ᠪᠥᠭᠡᠳ ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ ᠤ ᠰᠤᠷᠭᠠᠭᠤᠯᠢ ᠶᠢ ᠵᠢᠩᠬᠢᠨᠢ ᠪᠠᠷ ᠪᠠᠶᠢᠭᠤᠯᠪᠠ᠃ ᠡᠨᠡ ᠨᠢ | ᠰᠤᠷᠭᠠᠭᠤᠯᠢ ᠶᠢᠨ ᠲᠣᠰ ᠪᠡᠶ᠎ᠡ ᠶᠢᠨ ᠬᠥᠭᠵᠢᠯᠲᠡ ᠳᠤ ᠨᠠᠩ ᠥᠷᠭᠡᠨ ᠠᠭᠤᠳᠠᠮ ᠣᠷᠣᠨ ᠵᠠᠶ ᠶᠢ ᠨᠡᠭᠡᠭᠡᠵᠦ | ᠥᠭᠭᠦᠭᠰᠡᠨ ᠢᠶᠠᠷ ᠪᠠᠷᠠᠬᠤ ᠥᠬᠡᠶ᠂ ᠨᠠᠩ ᠴᠤ ᠦᠷᠭᠦᠯᠵᠢᠯᠡᠨ ᠬᠥᠭᠵᠢᠭᠰᠡᠨ᠂ ᠬᠠᠮᠵᠢᠯᠴᠠᠨ ᠬᠥᠮᠦᠨ ᠢ ᠬᠥᠮᠦᠵᠢᠭᠦᠯᠬᠦ | ᠴᠤ᠋ ᠰᠢᠨ᠎ᠡ ᠪᠠᠶᠢᠳᠠᠯ ᠢ ᠪᠣᠶ ᠪᠣᠯᠭᠠᠭᠰᠠᠨ ᠪᠠᠶᠢᠨ᠎ᠠ᠃ ᠡᠨᠡ ᠬᠦ ᠴᠢᠬᠤᠯᠠ ᠶᠡᠭᠡ ᠬᠤᠪᠢᠰᠤᠯᠲᠠ ᠨᠢ ᠰᠤᠷᠭᠠᠭᠤᠯᠢ | ᠵᠢᠩᠬᠢᠨᠢ ᠪᠠᠷ ᠴᠢᠨᠠᠷ ᠰᠠᠶᠢᠲᠠᠢ ᠬᠥᠭᠵᠢᠯᠲᠡ ᠶᠢᠨ ︽ᠲᠦᠷᠭᠡᠨ ᠵᠠᠮ︾ ᠳᠤ ᠣᠷᠣᠵᠤ᠂ ᠣᠳᠣᠬᠢᠴᠢᠯᠠᠭᠰᠠᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠮᠡᠷᠭᠡᠵᠢᠯ ᠤᠨ ᠠᠵᠢᠯᠴᠢᠨ ᠤ ᠰᠤᠷᠭᠠᠨ ᠬᠥᠮᠦᠵᠢᠯ ᠤᠨ ᠵᠠᠮ ᠳᠡᠭᠡᠷ᠎ᠡ | ᠲᠦᠷᠭᠡᠨ ᠤᠷᠤᠭᠰᠢᠯᠠᠬᠤ ᠶᠢ ᠬᠠᠷᠠᠭᠤᠯᠵᠤ ᠪᠠᠶᠢᠨ᠎ᠠ᠃ ᠲᠣᠰ ᠤᠳᠠᠭ᠎ᠠ ᠥᠪᠥᠷ ᠮᠣᠩᠭᠤᠯ ᠤᠨ ᠲᠡᠮᠦᠷ ᠵᠠᠮ ᠤᠨ | ᠠᠵᠢᠯ ᠮᠡᠷᠭᠡᠵᠢᠯ ᠤᠨ ᠰᠤᠷᠭᠠᠭᠤᠯᠢ ᠶᠢᠨ ᠰᠠᠭᠤᠷᠢᠰᠢᠭᠰᠠᠨ ᠨᠢ ᠰᠢᠭᠤᠶᠢᠲᠤ ᠲᠣᠭᠤᠷᠢᠭ ᠤᠨ ᠠᠵᠢᠯ ᠮᠡᠷᠭᠡᠵᠢᠯ ᠤᠨ | ᠰᠤᠷᠭᠠᠨ ᠬᠥᠮᠦᠵᠢᠯ ᠤᠨ ᠬᠦᠷᠢᠶᠡᠨ ᠳᠠᠬᠢ ᠬᠤᠭᠤᠰᠣᠨ ᠢ ᠨᠥᠬᠦᠪᠥᠷᠢᠯᠡᠵᠦ᠂ ᠣᠷᠣᠨ ᠪᠦᠰᠡ ᠶᠢᠨ ᠰᠤᠷᠭᠠᠨ | ᠬᠥᠮᠦᠵᠢᠯ ᠤᠨ ᠬᠥᠭᠵᠢᠯᠲᠡ ᠳᠤ ᠴᠣ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠥᠭᠡᠳ ᠪᠠᠰᠠ ᠰᠢᠭᠤᠶᠢᠲᠤ | ᠰᠢᠨ᠎ᠡ ᠲᠣᠭᠤᠷᠢᠭ ᠤᠨ ᠬᠥᠮᠦᠨ ᠠᠮᠠ ᠶᠢ ᠴᠤᠭᠯᠠᠷᠠᠭᠤᠯᠬᠤ᠂ ᠬᠤᠲᠠ ᠶᠢ ᠴᠡᠴᠡᠭᠯᠡᠭᠦᠯᠦᠨ ᠬᠥᠭᠵᠢᠭᠦᠯᠬᠦ ᠳᠤ | ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ ᠪᠣᠯᠤᠨ᠎ᠠ᠃ | | | | ᠰᠢᠨ᠎ᠡ ᠰᠤᠷᠭᠠᠭᠤᠯᠢ ᠶᠢᠨ ᠲᠣᠭᠤᠷᠢᠭ ᠤᠨ ᠣᠷᠴᠢᠨ ᠲᠣᠭᠤᠷᠢᠨ ᠭᠤᠶᠢᠳᠠ ᠰᠠᠶᠢᠬᠠᠨ᠂ ᠲᠥᠬᠦᠭᠡᠷᠦᠮᠵᠢ | ᠳᠠᠪᠰᠢᠩᠭᠤᠢ᠂ ᠣᠳᠣᠬᠢᠴᠢᠯᠠᠭᠰᠠᠨ ᠵᠢᠭᠠᠨ ᠰᠤᠷᠭᠠᠯᠲᠠ ᠶᠢᠨ ᠠᠰᠠᠷ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠵᠢᠴᠢ ᠪᠦᠷᠢᠨ ᠲᠡᠭᠦᠯᠳᠡᠷ ᠠᠮᠢᠳᠤᠷᠠᠯ ᠤᠨ ᠢᠵᠢ ᠪᠦᠷᠢᠳᠦᠭᠰᠡᠨ ᠲᠥᠬᠦᠭᠡᠷᠦᠮᠵᠢ ᠲᠠᠢ ᠪᠠᠶᠢᠵᠤ᠂ | ᠰᠤᠷᠤᠭᠴᠢᠳ ᠲᠤ ᠰᠢᠯᠢᠳᠡᠭ ᠰᠤᠷᠤᠯᠭ᠎ᠠ ᠪᠠ ᠠᠮᠢᠳᠤᠷᠠᠯ ᠤᠨ ᠨᠥᠬᠦᠴᠡᠯ ᠬᠠᠩᠭᠠᠪᠠ᠃ ᠰᠤᠷᠭᠠᠭᠤᠯᠢ ᠵᠠᠬ᠎ᠠ | ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠪᠠᠭᠰᠢ ᠶᠢᠨ | ᠡᠩᠨᠡᠭᠡ ᠪᠠ ᠣᠨᠴᠠᠯᠢᠭ ᠢᠶᠠᠷ ᠢᠯᠡ ᠲᠣᠳᠣ ᠬᠢᠴᠢᠶᠡᠯ ᠤᠨ ᠲᠣᠭᠲᠠᠯᠴᠠᠭ᠎ᠠ ᠳᠤ ᠲᠦᠰᠢᠭᠯᠡᠨ᠂ ᠨᠡᠶᠢᠭᠡᠮ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠰᠠᠨ ᠥᠨᠳᠥᠷ ᠬᠡᠪ ᠪᠣᠯᠪᠠᠰᠤᠷᠠᠯ ᠲᠠᠢ ᠤᠷ᠎ᠠ | ᠴᠢᠳᠠᠪᠤᠷᠢ ᠶᠢᠨ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠵᠦ ᠂ ᠬᠤᠲᠠ ᠶᠢᠨ ᠬᠥᠭᠵᠢᠯᠲᠡ ᠳᠤ ᠴᠢᠨᠠᠷ ᠰᠠᠶᠢᠲᠠᠶ | ᠬᠥᠮᠦᠨ ᠤ ᠬᠦᠴᠦᠨ ᠤ ᠡᠬᠢ ᠪᠠᠶᠠᠯᠢᠭ ᠬᠠᠩᠭᠠᠬᠤ ᠪᠠᠷ ᠴᠢᠷᠮᠠᠶᠢᠨ᠎ᠠ ᠃ | | | | ᠰᠢᠭᠤᠶᠢᠲᠤ ᠲᠣᠭᠤᠷᠢᠭ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠢᠳᠡᠪᠬᠢᠲᠡᠢ ᠣᠷᠣᠭᠤᠯᠬᠤ ᠨᠢ | ᠰᠤᠷᠭᠠᠨ ᠬᠥᠮᠦᠵᠢᠯ ᠤᠨ ᠬᠢᠷᠢ ᠲᠦᠪᠰᠢᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ | ᠬᠡᠮᠵᠢᠶ᠎ᠡ ᠪᠣᠯᠤᠨ᠎ᠠ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠬᠢᠭᠡᠳ ᠣᠷᠣᠨ ᠪᠦᠰᠡ ᠶᠢᠨ ᠠᠵᠤ ᠦᠢᠯᠡᠰ ᠤᠨ | ᠬᠥᠭᠵᠢᠯᠲᠡ ᠶᠢ ᠨᠢᠭᠲᠠ ᠤᠶᠠᠯᠳᠤᠭᠤᠯᠬᠤ ᠨᠢ ᠂ ᠰᠤᠷᠤᠭᠴᠢᠳ ᠤᠨ ᠠᠵᠢᠯ ᠣᠯᠬᠤ ᠥᠷᠢᠰᠥᠯᠳᠦᠬᠦ ᠬᠦᠴᠦᠨ ᠢ | ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠦᠭᠡᠶ ᠪᠠᠰᠠ ᠲᠤᠬᠠᠶ ᠶᠢᠨ ᠭᠠᠵᠠᠷ ᠤᠨ ᠠᠵᠤ ᠠᠬᠤᠶᠢᠯᠠᠯ ᠳᠤ ᠶᠡᠭᠡ | ᠬᠡᠮᠵᠢᠶᠡᠨ ᠤ ᠲᠤᠰᠬᠠᠶ ᠮᠡᠷᠭᠡᠵᠢᠯ ᠤᠨ ᠴᠢᠳᠠᠪᠤᠷᠢᠲᠠᠨ ᠬᠦᠷᠭᠡᠵᠦ᠂ ᠠᠵᠤ ᠦᠢᠯᠡᠰ ᠤᠨ ᠳᠡᠰ ᠳᠡᠪᠰᠢᠬᠦ ᠳᠤ ᠬᠦᠴᠦᠨ | ᠨᠡᠮᠡᠷᠢᠯᠡᠨ᠎ᠡ᠃ ᠳᠠᠷᠠᠭᠠᠴᠢ ᠶᠢᠨ ᠠᠯᠬᠤᠮ ᠳᠤ᠂ ᠰᠢᠭᠤᠶᠢᠲᠤ ᠲᠣᠭᠤᠷᠢᠭ ᠨᠢ ᠰᠤᠷᠭᠠᠨ ᠬᠥᠮᠦᠵᠢᠯ ᠤᠨ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ | ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ | ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠪᠣᠯᠤᠨ᠎ᠠ᠃ | ᠭᠠᠵᠠᠷ ᠵᠦᠢ ᠶᠢᠨ ᠪᠠᠶᠢᠷᠢᠯᠠᠯ | ᠦᠪᠦᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠣᠭᠤᠷᠢᠭ | | ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ ᠰᠢᠨ᠎ᠡ ᠰᠤᠷᠭᠠᠭᠤᠯᠢ ᠶᠢᠨ | ᠲᠣᠭᠤᠷᠢᠭ ᠨᠢ ᠰᠢᠭᠤᠶᠢᠲᠤ ᠰᠢᠨ᠎ᠡ ᠲᠤᠭᠤᠷᠢᠭ ᠤᠨ ᠳ᠋ᠠ ᠳ᠋ᠧ ᠾᠧᠩ ᠵᠡᠭᠡᠯᠢ ᠭᠤᠳᠤᠮᠵᠢ ᠳᠤ ᠂ ᠺᠠᠩ ᠨᠢᠩ | ᠵᠠᠮ ᠠᠴᠠ ᠡᠮᠦᠨᠡᠰᠢ᠂ ᠳ᠋ᠧ ᠶᠤᠸᠠᠨ ᠵᠠᠮ ᠠᠴᠠ ᠪᠠᠷᠠᠭᠤᠨᠰᠢ᠂ ᠵᠢᠪᠬᠤᠯᠠᠩᠲᠤ ᠶᠡᠭᠡ ᠵᠡᠭᠡᠯᠢ ᠠᠴᠠ ᠬᠤᠶᠢᠰᠢ᠂ | G210 ᠤᠯᠤᠰ ᠤᠨ ᠵᠠᠮ ᠠᠴᠠ ᠵᠡᠭᠦᠨᠰᠢ ᠪᠠᠶᠢᠷᠢᠯᠠᠨ᠎ᠠ ᠂ ᠠᠳᠡᠬᠢ ᠭᠠᠵᠠᠷ ᠵᠦᠢ ᠶᠢᠨ ᠪᠠᠶᠢᠷᠢᠰᠢᠯ ᠨᠢ ᠳᠠᠪᠠᠭᠤᠯᠢᠭ᠂ | ᠵᠠᠮ ᠬᠠᠷᠢᠯᠴᠠᠭ᠎ᠠ ᠳᠥᠭᠦᠮ ᠳᠥᠲᠡ᠃ ᠰᠢᠨ᠎ᠡ ᠰᠤᠷᠭᠠᠭᠤᠯᠢ ᠶᠢᠨ ᠲᠣᠭᠤᠷᠢᠭ ᠤᠨ ᠶᠡᠷᠦᠩᠬᠡᠶ ᠪᠠᠯᠠ | ᠣᠷᠣᠭᠤᠯᠤᠯᠲᠠ ᠪᠠᠷᠤᠭ 5.16 ᠳ᠋ᠦᠩᠰᠢᠭᠤᠷ ᠲᠥᠭᠦᠷᠢᠭ ᠲᠤ ᠬᠦᠷᠴᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ | ᠪᠠᠷᠤᠭ 67062 ᠲᠡᠭᠰᠢ ᠳᠥᠷᠪᠡᠯᠵᠢᠨ ᠮᠧᠲᠷ ᠪᠠᠶᠢᠵᠤ᠂ ᠶᠠᠭ ᠯᠠ ᠭᠡᠷᠡᠯ ᠰᠠᠴᠤᠷᠠᠩᠭᠤᠶ ᠭᠡᠷᠡᠯᠲᠦ ᠰᠤᠪᠤᠳ | ᠬᠦᠰᠡᠯ ᠤᠨ ᠰᠢᠮᠡᠯᠢᠭ ᠬᠥᠷᠥᠰᠥᠨ ᠳᠤ ᠰᠢᠭᠢᠳᠬᠡᠭᠰᠡᠨ ᠰᠢᠭ ᠃ | ᠠᠳᠡ ᠮᠡᠳᠡᠯᠭᠡ ᠶᠢᠨ ᠲᠠᠩᠬᠢᠮ ᠢᠶᠠᠷ ᠪᠠᠷᠠᠬᠤ ᠦᠭᠡᠢ | ᠨᠡᠩ ᠴᠤ ᠬᠦᠰᠡᠯ ᠵᠡᠭᠦᠳᠦ ᠶᠢ ᠡᠪᠦᠷᠯᠡᠭᠰᠡᠨ ᠰᠤᠷᠭᠠᠨ ᠬᠦᠮᠦᠵᠢᠯ ᠤᠨ ᠨᠡᠷᠡᠲᠦ ᠤᠷᠤᠨ ᠪᠤᠯᠤᠨ᠎ᠠ | ᠲᠤᠭ᠎ᠠ ᠲᠣᠮᠰᠢ ᠦᠭᠡᠢ ᠦᠢ ᠲᠦᠮᠡᠨ ᠰᠤᠷᠤᠭᠴᠢ ᠶᠢᠨ ᠢᠷᠡᠭᠡᠳᠦᠢ ᠪᠠ ᠬᠦᠰᠡᠯ ᠮᠦᠷᠦᠭᠡᠳᠦᠯ ᠢ | ᠠᠴᠢᠶᠠᠯᠠᠵᠤ ᠪᠠᠶᠢᠨ᠎ᠠ ︕ | ᠴᠤ᠋ ᠰᠢᠨ᠎ᠡ ᠦᠪᠦᠷ ᠮᠤᠩᠭᠤᠯ ᠤᠨ ᠲᠡᠮᠤᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠨᠢ | ᠴᠣ ᠰᠢᠨ᠎ᠡ ᠲᠦᠷᠰᠦ ᠪᠠᠶᠢᠳᠠᠯ ᠢᠶᠠᠷ | ᠬᠠᠯᠠᠭᠤᠮᠰᠤᠭ ᠬᠤᠶᠠᠷ ᠭᠠᠷ ᠢᠶᠠᠨ ᠳᠡᠯᠭᠡᠵᠦ | ᠪᠠᠭᠰᠢ ᠰᠤᠷᠤᠭᠴᠢᠳ ᠤᠨ ᠬᠦᠷᠴᠦ ᠢᠷᠡᠬᠦ ᠶᠢ ᠬᠦᠯᠢᠶᠡᠵᠦ ᠪᠠᠶᠢᠨ᠎ᠠ︕ | ᠪᠢᠳᠡ ᠬᠠᠮᠲᠤᠪᠠᠷ ᠰᠢᠨ᠎ᠡ ᠰᠤᠷᠭᠠᠭᠤᠯᠢ ᠶᠢᠨ ᠲᠣᠭᠤᠷᠢᠭ ᠲᠤ ᠣᠷᠣᠵᠤ | ᠰᠢᠨ᠎ᠡ ᠰᠤᠷᠤᠯᠭ᠎ᠠ ᠠᠮᠢᠳᠤᠷᠠᠯ ᠤᠨ ᠠᠶᠠᠨ ᠢᠶᠠᠨ ᠡᠬᠢᠯᠡᠭᠦᠯᠵᠦ | ᠨᠡᠩ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠬᠦᠰᠡᠨ ᠪᠠᠷᠠᠯᠠᠶ᠎ᠠ ︕ | |