︽ ᠳ᠋ᠢ — ᠭᠡᠷᠡᠴᠢᠯᠡᠭᠡ ᠬᠢᠵᠦ ᠠᠮᠵᠢᠯᠲᠠ ᠤᠯᠪᠠ︕︾ ᠪᠤᠭᠤᠲᠤ ᠬᠤᠲᠠ ᠶᠢᠨ ᠰᠢᠭᠤᠶᠢᠲᠤ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ᠂ 62 ᠨᠠᠰᠤᠲᠠᠢ ᠯᠢ ᠡᠪᠦᠭᠡᠨ | ᠭᠠᠷ ᠤᠲᠠᠰᠤ ᠪᠠᠨ ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ ᠶᠢᠨ ᠬᠥᠬᠡ ᠥᠩᠭᠡ ᠶᠢᠨ ᠲᠡᠮᠳᠡᠭ ᠫᠠᠶᠢᠰᠠ ᠲᠠᠢ | ᠬᠦᠩᠭᠡᠨ ᠣᠶᠢᠷᠠᠲᠤᠭᠤᠯᠵᠤ᠂ ᠵᠥᠪᠬᠡᠨ 5 ᠰᠧᠺᠦ᠋ᠨ᠋ᠳ᠋ ᠲᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ | ᠭᠡᠮ ᠤᠨ ᠭᠡᠷᠡᠴᠢᠯᠡᠯ ᠢ ᠪᠡᠶᠡᠯᠡᠭᠦᠯᠪᠡ ᠃ ︽ᠨᠡᠶᠢᠲᠡ ᠶᠢᠨ ᠮᠠᠰᠢᠨ ᠳᠤ ᠰᠠᠭᠤᠵᠤ ᠺᠠᠷᠲ ᠵᠢᠷᠤᠬᠤ ᠠᠴᠠ ᠪᠠᠰᠠ | ᠬᠤᠷᠳᠤᠨ︕ ︾ ᠭᠡᠵᠦ ᠲᠡᠷᠡ ᠲᠣᠯᠣᠭᠠᠢ ᠳᠣᠬᠢᠵᠤ᠂ ᠰᠢᠨ᠎ᠡ ᠦᠢᠯᠡᠴᠢᠯᠡᠭᠡ ᠳᠠᠬᠢ ᠮᠠᠭᠲᠠᠭᠠᠯ ᠰᠠᠶᠢᠰᠢᠶᠠᠯ ᠢᠶᠠᠨ | ᠳᠠᠷᠤᠵᠤ ᠶᠠᠳᠠᠨ᠎ᠠ᠃ | | ᠡᠨᠡ ᠬᠦ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠳᠠᠭᠠᠳᠬᠠᠯ ᠤᠨ | ᠦᠢᠯᠡᠰ ᠤᠨ ᠦᠢᠯᠡᠴᠢᠯᠡᠭᠡᠨ ᠤ ᠲᠥᠪ ᠤᠨ ᠰᠢᠨ᠎ᠡ ᠪᠠᠷ ᠡᠭᠦᠳᠦᠨ ᠭᠠᠷᠭᠠᠭᠰᠠᠨ ᡁᠢ ᠹᠦ᠋ ᠪᠣᠣ ᠶᠢᠨ ︽ | ᠤᠶᠢᠷᠠᠲᠤᠭᠤᠯᠬᠤ · ᠭᠡᠷᠡᠴᠢᠯᠡᠯ ︾ ᠦᠢᠯᠡᠴᠢᠯᠡᠭᠡ ᠨᠢ᠂ ᠲᠡᠷᠢᠭᠦᠨ ᠤ NFC ᠤᠨ ᠣᠶᠢᠷ᠎ᠠ ᠲᠠᠯᠠᠪᠠᠶ ᠶᠢᠨ ᠴᠢᠮᠡᠭᠡ | ᠬᠤᠯᠪᠣᠭᠠᠨ ᠤ ᠮᠡᠷᠭᠡᠵᠢᠯ ᠳᠤ ᠲᠦᠰᠢᠭᠯᠡᠨ᠂ ᠲᠦᠷᠭᠡᠨ ᠭᠡᠷᠡᠴᠢᠯᠡᠭᠡ ᠬᠢᠬᠦ ᠶᠢ ᠪᠡᠶᠡᠯᠡᠭᠦᠯᠪᠡ᠃ ᠳᠠᠭᠠᠳᠬᠠᠯ ᠳᠤ | ᠣᠷᠣᠯᠴᠠᠭᠰᠠᠳ ᠵᠥᠪᠬᠡᠨ ᠭᠠᠷ ᠤᠲᠠᠰᠤᠨ ᠳᠤ ᠪᠠᠨ ᠤᠷᠢᠳᠴᠢᠯᠠᠨ ᡁᠢ ᠹᠦ᠋ ᠪᠣᠣ ᠤᠭᠰᠠᠷᠠᠬᠤ ᠶᠢᠨ ᠬᠠᠮᠲᠤ NFC | ᠴᠢᠳᠠᠮᠵᠢ ᠪᠠᠨ ᠨᠡᠬᠡᠭᠡᠵᠦ ᠂ ᠲᠡᠮᠳᠡᠭ ᠫᠠᠶᠢᠰᠠ ᠲᠠᠢ ᠨᠢ ᠬᠦᠩᠭᠡᠨ ᠤᠶᠢᠷᠠᠲᠤᠭᠤᠯᠤᠭᠰᠠᠭᠠᠷ ᠳᠠᠷᠤᠢ ᠭᠡᠷᠡᠴᠢᠯᠡᠯ ᠤᠨ | ᠬᠡᠰᠡᠭ ᠢᠯᠡᠷᠡᠨ᠎ᠡ ᠂ ᠳᠡᠭᠡᠳᠦ ᠨᠠᠷᠢᠯᠢᠭ ᠬᠥᠮᠦᠨ ᠤ ᠵᠢᠰᠦ ᠶᠢ ᠢᠯᠭᠠᠨ ᠲᠠᠨᠢᠬᠤ ᠮᠡᠷᠭᠡᠵᠢᠯ ᠢᠶᠠᠷ ᠳᠠᠮᠵᠢᠭᠤᠯᠤᠨ᠂ | ᠨᠢᠭᠤᠷ ᠤᠨ ᠬᠡᠰᠡᠭ ᠲᠣᠳᠣᠷᠬᠠᠶ ᠬᠠᠯᠬᠠᠯᠠᠯ ᠥᠬᠡᠶ ᠪᠠᠶᠢᠬᠤ ᠶᠢ ᠪᠠᠲᠤᠯᠠᠵᠤ᠂ ᠪᠥᠬᠦ ᠶᠠᠪᠤᠴᠠ ᠳᠤ ᠲᠠᠩᠰᠠᠨ ᠨᠣᠮᠧᠷ | ᠨᠢᠭᠤᠴᠠ ᠲᠡᠮᠳᠡᠭ ᠢ ᠣᠷᠣᠭᠤᠯᠬᠤ ᠴᠢᠬᠤᠯᠠ ᠥᠬᠡᠶ ᠪᠠᠶᠢᠵᠤ ᠂ ᠣᠬᠤᠷᠬᠠᠨ 5 ᠰᠧᠺᠦ᠋ᠨ᠋ᠳ᠋ ᠤᠨ ᠳᠣᠲᠣᠷ᠎ᠠ | ᠭᠡᠷᠡᠴᠢᠯᠡᠯ ᠢ ᠪᠡᠶᠡᠯᠡᠭᠦᠯᠵᠦ ᠪᠣᠯᠤᠨ᠎ᠠ᠃ NFC ᠴᠢᠳᠠᠮᠵᠢ ᠨᠡᠭᠡᠭᠡᠬᠦ ᠶᠢᠨ ᠠᠷᠭ᠎ᠠ ᠦᠭᠡᠢ ᠪᠤᠶᠤ ᠳᠡᠮᠵᠢᠬᠦ ᠦᠭᠡᠢ | ᠭᠠᠷ ᠤᠲᠠᠰᠤ ᠪᠣᠯ᠂ ᡁᠢ ᠹᠦ᠋ ᠪᠣᠣ ᠶᠢᠨ ︽ᠰᠢᠷᠪᠢᠬᠦ ︾ ᠴᠢᠳᠠᠮᠵᠢ ᠪᠠᠷ ᠳᠠᠮᠵᠢᠨ ᠂ ᠲᠤᠰᠬᠠᠢ ᠬᠡᠷᠡᠭᠯᠡᠬᠦ ᠲᠡᠮᠳᠡᠭ | ᠫᠠᠶᠢᠰᠠ ᠶᠢᠨ ᠪᠠᠷᠠᠭᠤᠨ ᠳᠣᠣᠷ᠎ᠠ ᠥᠨᠴᠥᠭ ᠤᠨ ᠬᠤᠶᠠᠷ ᠬᠡᠮᠵᠢᠯᠲᠦ ᠺᠣᠳ᠋ ᠢ ᠰᠢᠷᠪᠢᠪᠡᠯ ᠭᠡᠷᠡᠴᠢᠯᠡᠯ ᠤᠨ ᠬᠡᠰᠡᠭ ᠲᠤ | ᠣᠷᠣᠵᠤ᠂ ᠮᠥᠨ ᠯᠡ ᠠᠮᠠᠷᠬᠠᠨ ᠭᠡᠷᠡᠴᠢᠯᠡᠭᠡ ᠶᠢ ᠪᠡᠶᠡᠯᠡᠭᠦᠯᠵᠦ ᠪᠣᠯᠤᠨ᠎ᠠ᠃ | | ᠣᠳᠣᠬᠠᠨ ᠳᠤ᠂ ︽ ᠣᠶᠢᠷᠠᠲᠤᠭᠤᠯᠬᠤ · ᠭᠡᠷᠡᠴᠢᠯᠡᠯ︾ ᠤᠨ ᠦᠢᠯᠡᠴᠢᠯᠡᠭᠡ ᠨᠢᠭᠡᠨᠲᠡ ᠰᠢᠭᠤᠶᠢᠲᠤ | ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠡᠶᠢᠭᠡᠮ ᠤᠨ ᠪᠠᠲᠤᠯᠠᠭ᠎ᠠ ᠶᠢᠨ | ᠴᠣᠩᠬᠤᠪᠴᠢ ᠳᠤ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠭᠳᠠᠵᠤ᠂ ᠠᠵᠢᠯᠲᠠᠳ ᠰᠠᠨᠠᠭᠠᠴᠢᠯᠠᠭ᠎ᠠ ᠠᠴᠠ ᠪᠠᠨ | ᠲᠤᠬᠠᠶᠢᠯᠠᠭᠰᠠᠨ ᠠᠵᠢᠯ ᠭᠦᠢᠴᠡᠳᠭᠡᠬᠦ ᠨᠠᠰᠤᠲᠠᠳ ᠢ ᠬᠠᠪᠰᠤᠷᠤᠨ ᠭᠠᠷ ᠤᠲᠠᠰᠤᠨ ᠤ ᠬᠢᠨ ᠬᠠᠷᠠᠭᠠᠰᠤ ᠳᠤ | ᠲᠣᠬᠢᠷᠠᠭᠤᠯᠤᠯᠲᠠ ᠬᠢᠵᠦ᠂ ᠴᠢᠳᠠᠮᠵᠢ ᠶᠢ ᠨᠢ ᠨᠡᠬᠡᠭᠡᠨ ᠂ ᠠᠯᠢ ᠣᠯᠠᠨ ᠠᠵᠢᠯᠯᠠᠭ᠎ᠠ ᠶᠢ ᠪᠡᠶᠡᠯᠡᠭᠦᠯᠦᠨ᠎ᠡ ᠃ | ︽ᠰᠢᠨ᠎ᠡ ᠪᠠᠷ ᠭᠠᠷᠭᠠᠭᠰᠠᠨ ︿ᠣᠶᠢᠷᠠᠲᠤᠭᠤᠯᠬᠤ · ᠭᠡᠷᠡᠴᠢᠯᠡᠯ ﹀ ᠨᠢ ᠶᠠᠪᠤᠴᠠ ᠶᠢ ᠶᠡᠭᠡ ᠪᠠᠷ ᠳᠦᠭᠦᠮᠴᠢᠯᠡᠪᠡ ᠂ | ᠮᠠᠰᠢ ᠣᠯᠠᠨ ᠨᠠᠰᠤᠲᠠᠶᠢᠴᠤᠳ APP ᠶᠢᠨ ᠳᠠᠩᠰᠠᠯᠠᠬᠤ ᠶᠠᠪᠤᠴᠠ ᠶᠢ ᠴᠡᠭᠡᠵᠢᠯᠡᠵᠦ ᠳᠡᠶᠢᠯᠬᠦ ᠥᠬᠡᠶ᠂ ︿ | ᠣᠶᠢᠷᠠᠲᠤᠭᠤᠯᠬᠤ ﹀ ᠨᠢ ᠰᠢᠭᠤᠳ ᡁᠢ ᠹᠦ᠋ ᠪᠣᠣ ᠶᠢᠨ ᠨᠡᠷ᠎ᠡ ᠶᠢ ᠭᠡᠷᠡᠴᠢᠯᠡᠬᠦ ᠮᠡᠳᠡᠭᠡ ᠵᠠᠩᠭᠢ ᠶᠢ ᠰᠢᠯᠵᠢᠭᠦᠯᠦᠨ | ᠬᠡᠷᠡᠭᠯᠡᠵᠦ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠶᠢ | ᠪᠡᠶᠡᠯᠡᠭᠦᠯᠪᠡ ︾ ᠃ ᠰᠢᠭᠤᠶᠢᠳᠤ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ | ᠨᠡᠶᠢᠭᠡᠮ ᠤᠨ ᠪᠠᠲᠤᠯᠠᠭ᠎ᠠ ᠶᠢᠨ ᠴᠣᠩᠬᠤᠪᠴᠢ ᠶᠢᠨ ᠠᠵᠢᠯᠲᠠᠨ ︽ᠰᠢᠨ᠎ᠡ ᠦᠢᠯᠡᠴᠢᠯᠡᠭᠡ ᠨᠢ ᠤᠯᠠᠮᠵᠢᠯᠠᠯᠲᠤ | ᠭᠡᠷᠡᠴᠢᠯᠡᠯ ᠤᠨ ᠠᠷᠭ᠎ᠠ ᠵᠠᠮ ᠢ ᠵᠡᠷᠭᠡᠪᠡᠷ ᠦᠯᠡᠳᠡᠭᠡᠵᠦ᠂ ᠳᠠᠭᠠᠳᠬᠠᠯ ᠳᠤ ᠣᠷᠣᠯᠴᠠᠭᠰᠠᠳ ᠲᠤ ᠨᠠᠩ ᠣᠯᠠᠨ | ᠰᠣᠩᠭᠤᠯᠲᠠ ᠬᠠᠩᠭᠠᠵᠤ᠂ ᠤᠤᠯ ᠤᠨ ᠭᠡᠷᠡᠴᠢᠯᠡᠭᠡ ᠶᠢᠨ ᠠᠷᠭ᠎ᠠ ᠵᠠᠮ ᠨᠢ ᠴᠥᠮ ᠦᠷᠭᠦᠯᠵᠢᠯᠡᠨ ᠬᠡᠪ ᠤᠨ | ᠦᠢᠯᠡᠴᠢᠯᠡᠭᠡ ᠬᠠᠩᠭᠠᠵᠤ ᠪᠠᠶᠢᠨ᠎ᠠ︾ ᠭᠡᠵᠦ ᠲᠠᠨᠢᠯᠴᠠᠭᠤᠯᠪᠠ ᠃ | |