ᠤᠮᠠᠷᠠᠲᠤ ᠬᠢᠯᠢ ᠶᠢᠨ ᠳᠣᠤᠷ᠎ᠠ ᠠᠭᠠᠷ ᠤᠨ ᠰᠢᠨ᠎ᠡ ᠰᠤᠷᠤᠭᠴᠢᠳ ᠤᠨ ᠬᠢᠴᠢᠶᠡᠯ ᠡᠬᠢᠯᠡᠪᠡ ᠨᠢᠭᠤᠴᠠ ᠬᠠᠶᠢᠬᠤ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠨᠢᠰᠦᠯᠲᠡ ᠶᠢᠨ ᠰᠢᠨ᠎ᠡ ᠠᠶᠠᠨ ᠢᠶᠠᠨ ᠡᠬᠢᠯᠡᠭᠦᠯᠪᠡ
ᠨᠡᠶᠢᠲᠡᠯᠡᠭᠰᠡᠨ ᠴᠠᠭ᠄
2025/5/26
        ᠣᠶᠢᠷ᠎ᠠ ᠳᠤ᠂ ᠤᠮᠠᠷᠠᠲᠤ ᠬᠢᠯᠢ ᠶᠢᠨ ᠳᠣᠣᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ 5 ᠳ᠋ᠤᠭᠠᠷ ᠰᠠᠷ᠎ᠠ ᠶᠢᠨ ᠠᠩᠬᠠᠳᠠᠭᠴᠢ ᠪᠦᠯᠦᠭ ᠰᠢᠨ᠎ᠡ ᠰᠤᠷᠤᠭᠴᠢᠳ ᠵᠢᠩᠬᠢᠨᠢ ᠪᠠᠷ ᠬᠢᠴᠢᠶᠡᠯ ᠡᠬᠢᠯᠡᠪᠡ᠃ ᠠᠩᠭᠢ ᠡᠬᠢᠯᠡᠬᠦ ᠠᠩᠬᠠᠨ ᠤ ᠡᠳᠦᠷ᠂ ᠺᠣᠮᠫᠠᠨᠢ ᠶᠢᠨ ᠶᠡᠷᠦᠩᠬᠡᠶ ᠳᠠᠭᠠᠭᠠᠮᠠᠯ ᠯᠢ ᡁᠢ ᠰᠢᠨ᠎ᠡ ᠰᠤᠷᠤᠭᠴᠢᠳ ᠢᠶᠠᠨ ᠳᠠᠭᠠᠭᠤᠯᠤᠨ ᠪᠤᠭᠤᠲᠤ ᠶᠢᠨ ᠡᠷᠲᠡᠨ ᠤ ᠬᠤᠲᠠ ᠶᠢᠨ ᠡᠮᠦᠨ᠎ᠡ ᠲᠠᠯ᠎ᠠ ᠳᠤ ᠪᠠᠶᠢᠭ᠎ᠠ ᠳᠠᠳᠤᠯᠭ᠎ᠠ ᠪᠣᠯᠪᠠᠰᠤᠷᠠᠯ ᠤᠨ ᠰᠠᠭᠤᠷᠢᠨ ᠭᠠᠵᠠᠷ ᠢ ᠲᠣᠭᠤᠷᠢᠨ ᠦᠵᠡᠵᠦ᠂ ᠰᠤᠷᠤᠭᠴᠢᠳ ᠲᠤ ᠵᠢᠯᠣᠭᠤᠴᠢ ᠥᠬᠡᠶ ᠨᠢᠰᠬᠡᠯ ᠤᠨ ᠪᠣᠯᠪᠠᠰᠤᠷᠠᠯ ᠤᠨ ᠨᠢᠭᠤᠴᠠ ᠶᠢ ᠢᠯᠡᠴᠢᠯᠡᠪᠡ ᠃
图片6.png
        ᠲᠣᠭᠤᠷᠢᠨ ᠦᠵᠡᠬᠦ ᠶᠠᠪᠤᠴᠠ ᠳᠤ᠂ ᠯᠢ ᡁᠢ ᠺᠣᠮᠫᠠᠨᠢ ᠶᠢᠨ ᠵᠢᠯᠣᠭᠤᠴᠢ ᠦᠭᠡᠢ ᠨᠢᠰᠬᠡᠯ ᠤᠨ ᠪᠣᠯᠪᠠᠰᠤᠷᠠᠯ ᠤᠨ ᠲᠥᠬᠦᠭᠡᠷᠦᠮᠵᠢ ᠶᠢ ᠨᠠᠷᠢᠨ ᠲᠠᠨᠢᠯᠴᠠᠭᠤᠯᠪᠠ᠃  ᠪᠣᠯᠪᠠᠰᠤᠷᠠᠯ ᠤᠨ ᠲᠥᠬᠦᠭᠡᠷᠦᠮᠵᠢ ᠶᠢ ᠠᠵᠢᠯ ᠲᠥᠷᠥᠯ ᠤᠨ ᠬᠡᠷᠡᠭᠯᠡᠭᠡᠨ ᠤ ᠪᠣᠯᠪᠠᠰᠤᠷᠠᠯ ᠪᠠ ᠦᠨᠡᠮᠯᠡᠯ ᠤᠨ ᠪᠣᠯᠪᠠᠰᠤᠷᠠᠯ ᠭᠡᠵᠦ ᠬᠤᠶᠠᠷ ᠶᠡᠭᠡ ᠲᠥᠷᠥᠯ ᠳᠤ ᠬᠤᠪᠢᠶᠠᠨ᠎ᠠ᠃ ᠠᠵᠢᠯ ᠲᠥᠷᠥᠯ ᠤᠨ ᠬᠡᠷᠡᠭᠯᠡᠭᠡᠨ ᠤ ᠪᠣᠯᠪᠠᠰᠤᠷᠠᠯ ᠤᠨ ᠲᠥᠬᠦᠭᠡᠷᠦᠮᠵᠢ ᠨᠢ ᠲᠠᠷᠢᠶᠠᠯᠠᠩ ᠤᠨ ᠬᠦᠷᠢᠶᠡᠨ ᠳᠤ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠵᠤ ᠪᠤᠢ ᠂ ᠲᠠᠷᠢᠶᠠᠨ ᠡᠮ ᠢ ᠨᠠᠷᠢᠯᠢᠭ ᠣᠨᠤᠪᠴᠢᠲᠠᠢ ᠰᠦᠷᠴᠢᠬᠦ ᠳᠤ ᠬᠦᠴᠦᠨ ᠨᠡᠮᠡᠷᠢᠯᠡᠵᠦ᠂ ᠲᠠᠷᠢᠶᠠᠯᠠᠩ ᠤᠨ ᠣᠳᠣᠬᠢᠴᠢᠯᠠᠯᠲᠠ ᠶᠢᠨ ᠬᠥᠭᠵᠢᠯᠲᠡ ᠶᠢ ᠠᠬᠢᠭᠤᠯᠪᠠ︔ ᠠᠮᠤᠷ ᠢ ᠬᠠᠮᠠᠭᠠᠯᠠᠬᠤ ᠬᠦᠷᠢᠶᠡᠨ ᠳᠤ ᠡᠳᠦᠷ ᠲᠤᠲᠤᠮ ᠤᠨ ᠲᠣᠭᠤᠷᠢᠨ ᠪᠠᠶᠢᠴᠠᠭᠠᠯᠲᠠ ᠳᠤ ᠬᠡᠷᠡᠭᠯᠡᠵᠦ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠪᠦᠲᠦᠮᠵᠢᠲᠡᠶ ᠳᠡᠭᠡᠭᠰᠢᠯᠡᠭᠦᠯᠪᠡ᠃ ᠦᠨᠡᠮᠯᠡᠯ ᠤᠨ ᠪᠣᠯᠪᠠᠰᠤᠷᠠᠯ ᠨᠢ ᠣᠯᠠᠨ  ᠵᠦᠢᠯ   ᠤᠨ ᠨᠢᠰᠬᠡᠯ ᠤᠨ ᠬᠡᠯᠪᠡᠷᠢ ᠶᠢ ᠬᠠᠮᠤᠷᠴᠤ᠂ ᠲᠣᠰ ᠬᠤᠭᠤᠴᠠᠭᠠᠨ ᠤ ᠰᠣᠷᠣᠭᠴᠢ ᠡᠯᠰᠡᠬᠦ ᠳᠤ ᠭᠤᠤᠯᠳᠠᠭᠤ ᠣᠯᠠᠨ ᠡᠷᠭᠢᠯᠳᠦᠭᠡ ᠵᠢᠭᠦᠷᠲᠦ ᠪᠠ ᠡᠭᠴᠡ ᠨᠢᠰᠦᠨ ᠪᠠᠭᠤᠬᠤ ᠲᠣᠭᠲᠠᠮᠠᠯ ᠵᠢᠭᠦᠷᠲᠦ ᠬᠤᠶᠠᠷ ᠲᠥᠷᠥᠯ ᠤᠨ ᠵᠢᠯᠣᠭᠤᠴᠢ ᠥᠬᠡᠶ ᠨᠢᠰᠬᠡᠯ ᠤᠨ ᠵᠢᠯᠣᠭᠤᠴᠢ ᠶᠢᠨ ᠪᠣᠯᠪᠠᠰᠤᠷᠠᠯ ᠳᠤ ᠠᠩᠬᠠᠷᠤᠯ ᠢᠶᠠᠨ ᠲᠥᠪᠯᠡᠷᠡᠭᠦᠯᠦᠭᠰᠡᠨ ᠪᠠᠶᠢᠨ᠎ᠠ᠃
        ᠣᠯᠠᠨ ᠡᠷᠭᠢᠯᠳᠦᠭᠡ ᠵᠢᠭᠦᠷᠲᠦ ᠵᠢᠯᠣᠭᠤᠴᠢ ᠥᠬᠡᠶ ᠨᠢᠰᠬᠡᠯ ᠨᠢ ᠲᠡᠭᠦᠨ ᠤ ᠠᠮᠢᠳᠤᠯᠢᠭ ᠬᠥᠳᠡᠯᠦᠩᠭᠦᠶ ᠴᠢᠨᠠᠷ ᠢᠶᠠᠷ ᠢᠶᠠᠨ ᠠᠭᠠᠷ ᠠᠴᠠ ᠰᠡᠭᠦᠳᠡᠷᠯᠡᠬᠦ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠭᠠᠵᠠᠷ ᠵᠦᠶ ᠶᠢᠨ ᠬᠡᠮᠵᠢᠨ ᠵᠢᠷᠤᠬᠤ ᠪᠠ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠵᠡᠷᠭᠡ ᠣᠯᠠᠨ ᠬᠦᠷᠢᠶᠡᠨ ᠳᠤ ᠯᠤᠲᠤ ᠶᠡᠭᠡ ᠳᠠᠪᠠᠭᠤᠯᠢᠭ ᠢᠶᠠᠨ ᠢᠯᠡᠷᠡᠭᠦᠯᠪᠡ᠃ ᠠᠭᠠᠷ ᠠᠴᠠ ᠰᠡᠭᠦᠳᠡᠷᠯᠡᠬᠦ ᠬᠦᠷᠢᠶ᠎ᠡ ᠴᠠᠷᠠᠭ᠎ᠠ ᠳᠤ᠂ ᠲᠡᠷᠡ ᠨᠢ ᠬᠥᠮᠦᠰ ᠢ ᠰᠣᠴᠢᠭᠠᠮ᠎ᠠ ᠬᠠᠷᠠᠭᠠᠨ ᠰᠡᠷᠡᠯ ᠤᠨ ᠵᠢᠷᠤᠭ ᠢ ᠡᠵᠡᠮᠰᠢᠵᠦ ᠳᠡᠶᠢᠯᠦᠨ᠎ᠡ ︔ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠦᠶ᠎ᠡ ᠳᠤ᠂ ᠲᠤᠬᠠᠶ ᠶᠢᠨ ᠲᠠᠯᠠᠪᠤᠷ ᠲᠤ ᠲᠦᠷᠭᠡᠨ ᠬᠦᠷᠴᠦ᠂ ᠴᠠᠭ ᠲᠤᠬᠠᠶ ᠳᠤᠨᠢ ᠵᠢᠷᠤᠭᠳᠠᠮᠵᠢᠭᠤᠯᠵᠤ᠂ ᠠᠪᠤᠷᠠᠨ ᠲᠤᠰᠠᠯᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠶ ᠦᠨᠳᠦᠰᠦᠯᠡᠯ ᠬᠠᠩᠭᠠᠨ᠎ᠠ︔ ᠭᠠᠵᠠᠷ ᠵᠦᠶ ᠶᠢᠨ ᠬᠡᠮᠵᠢᠨ ᠵᠢᠷᠤᠬᠤ ᠶᠠᠪᠤᠴᠠ ᠳᠤ ᠭᠠᠵᠠᠷ ᠤᠨ ᠵᠢᠷᠤᠭ ᠢ ᠣᠨᠣᠪᠴᠢᠲᠠᠶ ᠵᠢᠷᠤᠵᠤ ᠲᠥᠯᠥᠪᠯᠡᠨ᠂ ᠬᠡᠮᠵᠢᠨ ᠵᠢᠷᠤᠬᠤ ᠨᠠᠷᠢᠯᠢᠭ ᠤᠨ ᠬᠡᠮᠵᠢᠶ᠎ᠡ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ︔ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠠᠵᠢᠯ ᠳᠤ ᠨᠡᠩ ᠴᠤ ᠬᠥᠮᠦᠨ ᠤ ᠬᠦᠴᠦᠨ ᠪᠣᠳᠠᠰ ᠤᠨ ᠬᠦᠴᠦᠨ ᠢ ᠶᠡᠭᠡ ᠪᠠᠷ ᠠᠷᠪᠢᠯᠠᠨ᠎ᠠ ᠃ ᠡᠭᠴᠡ ᠲᠣᠭᠲᠠᠮᠠᠯ ᠵᠢᠭᠦᠷᠲᠦ ᠵᠢᠯᠣᠭᠤᠴᠢ ᠥᠬᠡᠶ ᠨᠢᠰᠬᠡᠯ  ᠨᠢ ᠦᠷᠭᠦᠯᠵᠢᠯᠡᠨ ᠠᠶᠠᠯᠠᠬᠤ ᠴᠠᠭ ᠨᠢ ᠣᠷᠳᠣ᠂ ᠨᠢᠰᠬᠦ ᠬᠤᠷᠳᠤᠴᠠ ᠨᠢ ᠲᠦᠷᠭᠡᠨ ᠣᠨᠴᠠᠯᠢᠭ ᠢᠶᠠᠷ ᠢᠶᠠᠨ ᠶᠡᠭᠡ ᠬᠡᠪᠴᠢᠶ᠎ᠡ ᠪᠠᠷ ᠲᠣᠭᠤᠷᠢᠨ ᠪᠠᠶᠢᠴᠠᠭᠠᠬᠤ ᠳᠤ ᠳᠣᠭᠢᠷᠠᠨ᠎ᠠ᠂ ᠵᠢᠱᠢᠶᠡᠯᠡᠪᠡᠯ ᠣᠶ ᠰᠢᠭᠤᠶ ᠶᠢᠨ ᠡᠬᠢ ᠪᠠᠶᠠᠯᠢᠭ ᠢ ᠬᠢᠨᠠᠨ ᠬᠡᠮᠵᠢᠬᠦ᠂ ᠭᠠᠵᠠᠷ ᠰᠢᠷᠣᠶ ᠶᠢᠨ ᠡᠬᠢ ᠪᠠᠶᠠᠯᠢᠭ ᠢ ᠨᠡᠶᠢᠳᠡᠮ ᠪᠠᠶᠢᠴᠠᠭᠠᠬᠤ ᠵᠡᠷᠭᠡ᠃
图片9.png
        ᠲᠣᠰ ᠬᠤᠭᠤᠴᠠᠭᠠᠨ ᠳᠤ ᠨᠡᠶᠢᠲᠡ 45 ᠰᠣᠷᠣᠭᠴᠢ ᠡᠯᠰᠡᠨ᠎ᠡ ᠂ ᠡᠭᠦᠨ ᠳᠤ 15 ᠰᠤᠷᠤᠭᠴᠢ ᠠᠵᠢᠯ ᠲᠥᠷᠥᠯ ᠤᠨ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠵᠤ᠂ 10 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠂ ᠵᠣᠷᠢᠯᠭ᠎ᠠ ᠨᠢ ᠲᠡᠳᠡᠨ ᠳᠤ ᠣᠨᠴᠠ ᠲᠣᠭᠲᠠᠭᠰᠠᠨ ᠠᠵᠢᠯ ᠲᠥᠷᠥᠯ ᠳᠤ ᠪᠠᠶᠢᠭ᠎ᠠ ᠪᠣᠳᠠᠲᠠᠶ ᠠᠵᠢᠯᠯᠠᠬᠤ ᠤᠷ᠎ᠠ ᠴᠢᠳᠠᠪᠤᠷᠢ ᠶᠢ ᠪᠣᠯᠪᠠᠰᠤᠷᠠᠩᠭᠤᠶ ᠡᠵᠡᠮᠰᠢᠭᠦᠯᠦᠨ᠎ᠡ᠃ ᠪᠤᠰᠤᠳ ᠰᠤᠷᠤᠭᠴᠢᠳ ᠨᠢ ᠠᠷᠠᠳ ᠤᠨ ᠬᠡᠷᠡᠭᠯᠡᠭᠡᠨ ᠤ ᠵᠢᠯᠣᠭᠤᠴᠢ ᠥᠬᠡᠶ ᠨᠢᠰᠬᠡᠯ ᠤᠨ ᠦᠨᠡᠮᠯᠡᠯ ᠤᠨ ᠰᠢᠯᠭᠠᠯᠲᠠ ᠳᠤ ᠣᠷᠣᠯᠴᠠᠵᠤ᠂ ᠬᠡᠰᠡᠭ ᠰᠤᠷᠤᠯᠭᠠᠲᠠᠨ ᠰᠠᠷ᠎ᠠ ᠶᠢᠨ ᠰᠡᠭᠦᠯᠴᠢ ᠠᠴᠠ ᠡᠮᠦᠨ᠎ᠡ ᠪᠣᠯᠪᠠᠰᠤᠷᠠᠯ ᠢ ᠪᠡᠶᠡᠯᠡᠭᠦᠯᠵᠦ᠂ ᠨᠥᠭᠦᠭᠡ ᠨᠢᠭᠡ ᠪᠦᠯᠦᠭ ᠰᠤᠷᠤᠯᠭᠠᠲᠠᠨ ᠳᠠᠷᠠᠭ᠎ᠠ ᠰᠠᠷ᠎ᠠ ᠶᠢᠨ 6 ᠤ ᠡᠳᠦᠷ ᠪᠣᠯᠪᠠᠰᠤᠷᠠᠯ ᠳᠠᠭᠤᠰᠤᠨ᠎ᠠ ᠃        ᠪᠦᠬᠦ ᠨᠢᠰᠬᠡᠯ ᠤᠨ ᠬᠡᠯᠪᠡᠷᠢ ᠶᠢᠨ ᠪᠠᠭᠰᠢ ᠪᠣᠯᠤᠭᠰᠠᠨ ᠤ ᠬᠤᠪᠢ ᠳᠤ᠂ ᠯᠢ ᡁᠢ ᠵᠢᠯᠣᠭᠤᠴᠢ ᠦᠭᠡᠢ ᠨᠢᠰᠬᠡᠯ ᠤᠨ ᠪᠣᠯᠪᠠᠰᠤᠷᠠᠯ ᠤᠨ ᠠᠵᠢᠯ ᠲᠦᠷᠦᠯ ᠢ 10 ᠵᠢᠯ ᠰᠢᠬᠠᠮ ᠡᠷᠬᠢᠯᠡᠵᠦ᠂ ᠵᠢᠯᠣᠭᠤᠴᠢ ᠦᠭᠡᠢ ᠨᠢᠰᠬᠡᠯ ᠤᠨ ᠪᠣᠯᠪᠠᠰᠤᠷᠠᠯ ᠤᠨ ᠲᠤᠬᠠᠢ ᠭᠦᠨᠵᠡᠭᠡᠢ ᠣᠶᠢᠯᠠᠭᠠᠯᠲᠠ ᠪᠠ ᠡᠯᠪᠡᠭ ᠪᠠᠶᠠᠯᠢᠭ ᠲᠤᠷᠰᠢᠯᠭ᠎ᠠ ᠲᠠᠢ ᠶᠤᠮ᠃ ᠲᠡᠷᠡ᠂ ︽ᠢᠷᠡᠭᠡᠳᠦᠢ ᠳᠤ ᠺᠣᠮᠫᠠᠨᠢ ᠪᠠᠰᠠ ᠦᠷᠭᠦᠯᠵᠢᠯᠡᠨ ᠰᠢᠨ᠎ᠡ ᠶᠢ ᠡᠭᠦᠳᠴᠦ᠂ ᠪᠣᠯᠪᠠᠰᠤᠷᠠᠯ ᠤᠨ ᠰᠢᠰᠲ᠋ᠧᠮ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠶᠢᠨ ᠬᠠᠮᠲᠤ ᠨᠡᠩ ᠤᠯᠠᠨ ᠳᠣᠣᠷ᠎ᠠ ᠠᠭᠠᠷ ᠤᠨ ᠨᠢᠰᠤᠯᠲᠠ ᠪᠣᠯᠤᠨ ᠰᠣᠶᠣᠯ ᠵᠢᠭᠤᠯᠴᠢᠯᠠᠯ  ᠲᠠᠢ ᠠᠭᠤᠰᠤᠯᠴᠠᠭᠰᠠᠨ ᠲᠦᠷᠦᠯ ᠵᠦᠢᠯ ᠢ ᠭᠠᠷᠭᠠᠵᠤ᠂ ᠰᠢᠭᠤᠶᠢᠲᠤ ᠲᠣᠭᠤᠷᠢᠭ ᠤᠨ ᠳᠣᠣᠷ᠎ᠠ ᠠᠭᠠᠷ ᠤᠨ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠮᠦᠨ ᠴᠤ ᠰᠤᠷᠤᠭᠴᠢᠳ ᠲᠤ ᠨᠡᠩ ᠥᠷᠭᠡᠨ ᠠᠭᠤᠳᠠᠮ ᠠᠵᠢᠯ ᠣᠯᠭᠤᠯᠲᠠ ᠶᠢᠨ ᠢᠷᠡᠭᠡᠳᠦᠢ ᠪᠣᠯᠤᠨ ᠬᠥᠭᠵᠢᠯᠲᠡ ᠶᠢᠨ ᠣᠷᠣᠨ ᠵᠠᠢ ᠬᠠᠩᠭᠠᠨ᠎ᠠ︾ ᠭᠡᠵᠦ ᠢᠯᠡᠳᠬᠡᠪᠡ᠃
图片10.png
        ᠣᠶᠢᠷ᠎ᠠ ᠶᠢᠨ ᠵᠢᠯ ᠤᠨ ᠲᠤᠷᠰᠢ ᠂ ᠰᠢᠭᠤᠶᠢᠲᠤ ᠲᠣᠭᠤᠷᠢᠭ ᠳᠣᠣᠷ᠎ᠠ ᠠᠭᠠᠷ ᠤᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ︽ᠳᠣᠣᠷ᠎ᠠ ᠠᠭᠠᠷ + ᠰᠣᠶᠣᠯ ᠵᠢᠭᠤᠯᠴᠢᠯᠠᠯ︾ ᠤᠨ ᠰᠢᠨ᠎ᠡ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ ᠪᠤᠢ ᠃ ᠡᠮᠦᠨᠡᠬᠡᠨ ᠂ ᠪᠤᠭᠤᠲᠤ ᠶᠢᠨ ᠡᠷᠲᠡᠨ ᠤ ᠬᠤᠲᠠ ᠳᠤ ᠶᠠᠪᠤᠭᠳᠠᠭᠰᠠᠨ ᠲᠩᠷᠢ ᠭᠠᠷᠤᠳᠢ  ᠶᠢᠨ ᠲᠣᠭᠯᠠᠯᠲᠠ ᠨᠢ ᠳ᠋ᠧᠩ ᠤᠨ ᠭᠡᠷᠡᠯ ᠵᠢᠴᠢ ᠳᠠᠭᠤᠨ ᠤ ᠠᠰᠢᠭᠯᠠᠮᠵᠢ ᠶᠢ ᠲᠣᠬᠢᠷᠠᠭᠤᠯᠵᠤ᠂ ᠭᠠᠷᠤᠳᠢ ᠪᠥᠵᠢᠭ ᠤᠨ ᠶᠢᠰᠦᠨ ᠡᠳᠦᠷ ᠤᠨ ᠳᠣᠮᠤᠭ ᠦᠯᠢᠭᠡᠷ ᠢ ᠳᠠᠬᠢᠨ ᠢᠯᠡᠷᠡᠭᠦᠯᠵᠦ᠂ ᠵᠢᠭᠤᠯᠴᠢᠯᠠᠭᠴᠢᠳ ᠲᠤ ᠬᠤᠲᠠ ᠶᠢᠨ ᠲᠡᠦᠬᠡ ᠶᠢᠨ ᠰᠠᠭᠤᠷᠢ ᠪᠠ ᠣᠳᠣ ᠦᠶ᠎ᠡ ᠶᠢᠨ ᠠᠮᠢᠵᠢᠷᠠᠯ ᠤᠨ ᠬᠦᠴᠦᠨ ᠢ ᠮᠡᠳᠡᠷᠡᠭᠦᠯᠵᠦ᠂ ᠰᠢᠭᠤᠶᠢᠲᠤ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠬᠦᠴᠦᠨ ᠣᠯᠭᠤᠭᠰᠠᠨ ᠢᠶᠠᠷ ᠪᠠᠷᠠᠬᠤ ᠦᠭᠡᠢ᠂ ᠨᠡᠩ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠳᠤ ᠰᠢᠨ᠎ᠡ ᠰᠡᠳᠭᠢᠴᠡ ᠬᠠᠩᠭᠠᠭᠰᠠᠨ ᠪᠠᠶᠢᠨ᠎ᠠ ᠃ ᠵᠢᠯᠣᠭᠤᠴᠢ ᠦᠭᠡᠢ ᠨᠢᠰᠬᠡᠯ ᠤᠨ ᠮᠡᠷᠭᠡᠵᠢᠯ ᠢ ᠥᠷᠭᠡᠨ ᠢᠶᠠᠷ ᠬᠡᠷᠡᠭᠯᠡᠬᠦ ᠨᠢ ᠶᠠᠭ ᠬᠥᠮᠥᠰ ᠤᠨ ᠠᠮᠢᠳᠤᠷᠠᠯ ᠪᠠ ᠠᠵᠢᠯ ᠤᠨ ᠠᠷᠭ᠎ᠠ ᠮᠠᠶ᠋ᠢᠭ ᠢ ᠠᠯᠬᠤᠮ ᠠᠯᠬᠤᠮ ᠢᠶᠠᠷ ᠬᠤᠪᠢᠷᠠᠭᠤᠯᠵᠤ ᠪᠠᠶᠢᠨ᠎ᠠ᠃ ᠢᠷᠡᠭᠡᠳᠦᠢ ᠳᠤ᠂ ᠳᠣᠣᠷ᠎ᠠ ᠠᠭᠠᠷ ᠤᠨ ᠠᠵᠤ ᠠᠬᠤᠢ ᠶᠢᠨ ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠰᠢᠭᠤᠶᠢᠲᠤ ᠲᠣᠭᠤᠷᠢᠭ ᠡᠨᠡ ᠬᠦ ᠬᠥᠬᠡ ᠣᠭᠲᠠᠷᠭᠤᠢ ᠳᠤ ᠨᠡᠩ ᠭᠡᠷᠡᠯ ᠰᠠᠴᠤᠷᠠᠩᠭᠤᠢ ᠬᠠᠭᠤᠳᠠᠰᠤ ᠶᠢ ᠪᠢᠴᠢᠭᠯᠡᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号