ᠠᠭᠤᠵᠢᠮ ᠰᠠᠷᠠᠭᠤᠯ ᠵᠢᠭᠠᠨ ᠰᠤᠷᠭᠠᠯᠲᠠ ᠶᠢᠨ ᠠᠰᠠᠷ᠂ ᠣᠷᠴᠢᠨ ᠠᠬᠤᠢ ᠨᠢ ᠡᠯᠪᠡᠭ ᠪᠠᠶᠠᠯᠢᠭ ᠪᠣᠳᠠᠲᠠᠶ | ᠪᠣᠯᠪᠠᠰᠤᠷᠠᠯ ᠤᠨ ᠠᠩᠭᠢ ᠶᠢᠨ ᠭᠡᠷ᠂ ᠠᠷᠢᠭᠤᠨ ᠴᠡᠪᠡᠷ ᠬᠠᠯᠠᠭᠤᠨ ᠳᠤᠯᠠᠭᠠᠨ ᠪᠠᠶᠢᠷᠢ ᠶᠢᠨ ᠠᠰᠠᠷ ᠁ 5 ᠳ᠋ᠤᠭᠠᠷ | ᠰᠠᠷ᠎ᠠ ᠶᠢᠨ 25 ᠤ ᠡᠳᠦᠷ᠂ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠢᠨ᠎ᠡ ᠰᠤᠷᠭᠠᠭᠤᠯᠢ ᠶᠢᠨ ᠲᠣᠭᠤᠷᠢᠭ ᠢ ᠵᠢᠩᠬᠢᠨᠢ ᠡᠬᠢᠯᠡᠵᠦ ᠬᠡᠷᠡᠭᠯᠡᠪᠡ᠃ ᠰᠢᠨ᠎ᠡ ᠰᠤᠷᠭᠠᠭᠤᠯᠢ ᠶᠢᠨ ᠲᠣᠭᠤᠷᠢᠭ ᠤᠨ | ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 5.16 ᠳ᠋ᠦᠩᠰᠢᠭᠤᠷ ᠲᠥᠭᠦᠷᠢᠭ ᠪᠠᠶᠢᠵᠤ᠂ ᠪᠠᠷᠢᠯᠭ᠎ᠠ ᠶᠢᠨ ᠶᠡᠷᠦᠩᠬᠡᠶ | ᠲᠠᠯᠠᠪᠠᠶ ᠨᠢ 67062 ᠲᠡᠭᠰᠢ ᠳᠥᠷᠪᠡᠯᠵᠢᠨ ᠮᠧᠲᠷ ᠂ ᠪᠠᠷᠤᠭ 5000 ᠰᠣᠷᠣᠭᠴᠢ ᠶᠢ ᠪᠠᠭᠲᠠᠭᠠᠨ᠎ᠠ ᠃ | ᠬᠤᠪᠢᠷᠠᠯᠲᠠ ᠶᠡᠭᠡ᠂ ᠠᠮᠢᠵᠢᠷᠠᠯ ᠤᠨ ᠬᠦᠴᠦᠨ ᠭᠦᠢᠴᠡᠳ ᠨᠢ ᠰᠢᠭᠤᠶᠢᠲᠤ ᠶᠢᠨ ᠰᠤᠷᠭᠠᠨ ᠬᠥᠮᠦᠵᠢᠯ ᠤᠨ | ᠣᠶᠢᠷ᠎ᠠ ᠶᠢᠨ ᠵᠢᠯ ᠤᠨ ᠲᠤᠷᠰᠢ ᠬᠥᠮᠦᠰ ᠲᠤ ᠥᠭᠭᠦᠭᠰᠡᠨ ᠢᠯᠡ ᠲᠣᠳᠣ ᠰᠠᠭᠤᠭᠳᠠᠯ ᠪᠣᠯᠵᠠᠢ᠃ 2024 ᠣᠨ | ᠳᠤ᠂ ︽ᠰᠢᠭᠤᠶᠢᠲᠤ ᠲᠣᠭᠤᠷᠢᠭ ᠤᠨ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢᠨ | ᠲᠥᠰᠦᠯ ︵2024 — 2026 ᠣᠨ︶︾ ᠢ ᠨᠡᠶᠢᠲᠡᠯᠡᠵᠦ᠂ ︽ᠨᠢᠭᠡ ᠵᠢᠯ ᠳᠤ ᠰᠠᠭᠤᠷᠢ ᠶᠢ ᠴᠢᠩᠭᠠᠳᠬᠠᠵᠤ᠂ | ᠬᠤᠶᠠᠷ ᠵᠢᠯ ᠳᠤ ᠰᠢᠨ᠎ᠡ ᠳᠡᠭᠲᠡᠷ ᠲᠤ ᠭᠠᠷᠭᠠᠵᠤ᠂ ᠭᠤᠷᠪᠠᠨ ᠵᠢᠯ ᠳᠤ ᠴᠢᠨᠠᠷ ᠤᠨ ᠬᠤᠪᠢᠷᠠᠯᠲᠠ ᠲᠠᠢ ᠪᠠᠶᠢᠬᠤ︾ | ᠬᠠᠷᠠᠯᠲᠠ ᠶᠢ ᠲᠣᠭᠲᠠᠭᠠᠵᠤ᠂ ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠬᠦᠴᠦᠨ ᠢᠶᠠᠷ ᠢᠶᠠᠨ ᠴᠣᠭᠴᠠᠯᠠᠪᠠ ᠃ | ᠠᠵᠢᠯᠯᠠᠭ᠎ᠠ ᠶᠢᠨ ᠲᠥᠰᠦᠯ ᠢ ᠨᠡᠶᠢᠲᠡᠯᠡᠭᠰᠡᠨ ᠠᠴᠠ ᠨᠠᠭᠠᠰᠢ ᠂ ᠰᠢᠭᠤᠶᠢᠲᠤ ᠲᠣᠭᠤᠷᠢᠭ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠴᠢᠬᠤᠯᠠ ᠠᠭᠤᠯᠭ᠎ᠠ | ᠪᠣᠯᠭᠠᠵᠤ᠂ ᠦᠢᠯᠡᠳᠪᠦᠷᠢᠯᠡᠯ ᠵᠢᠭᠠᠨ ᠰᠤᠷᠭᠠᠯᠲᠠ ᠶᠢᠨ ᠠᠭᠤᠰᠤᠯᠴᠠᠯ᠂ ᠰᠤᠷᠭᠠᠭᠤᠯᠢ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ᠃ 2024 ᠣᠨ ᠤ 6 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠲᠡᠮᠦᠷ | ᠵᠠᠮ ᠤᠨ ᠠᠵᠢᠯ ᠮᠡᠷᠭᠡᠵᠢᠯ ᠤᠨ ᠰᠢᠨ᠎ᠡ ᠶᠢ ᠡᠭᠦᠳᠬᠦ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠪᠠᠷᠢᠯᠭ᠎ᠠ | ᠡᠬᠢᠯᠡᠵᠦ᠂ ᠨᠢᠭᠡ ᠵᠢᠯ ᠤᠨ ᠲᠤᠷᠰᠢ᠂ ᠰᠤᠷᠭᠠᠭᠤᠯᠢ᠂ ᠠᠵᠤ ᠠᠬᠤᠶᠢᠯᠠᠯ᠂ ᠭᠠᠵᠠᠷ ᠣᠷᠣᠨ ᠭᠤᠷᠪᠠᠨ | ᠲᠠᠯ᠎ᠠ ᠪᠠᠷ ᠢᠶᠠᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠮᠵᠢᠯᠴᠠᠨ ᠪᠣᠭᠤᠮᠲᠠ ᠰᠢᠪᠲᠤᠯᠵᠤ᠂ ᠲᠦᠷᠦᠯ | ᠵᠦᠢᠯ ᠤᠨ ᠴᠢᠨᠠᠷ ᠰᠠᠶᠢᠲᠠᠢ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠬᠤ ᠶᠢ ᠠᠬᠢᠭᠤᠯᠵᠤ᠂ | ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠰᠢᠨ᠎ᠡ ᠬᠠᠷᠢᠭᠤᠯᠲᠠ ᠶᠢᠨ ᠬᠠᠭᠤᠳᠠᠰᠤ ᠶᠢ | ᠪᠢᠴᠢᠭᠯᠡᠪᠡ᠃ | ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ ᠪᠣᠯ ᠥᠪᠥᠷ ᠮᠣᠩᠭᠤᠯ ᠤᠨ | ᠰᠤᠷᠭᠠᠨ ᠬᠥᠮᠦᠵᠢᠯ ᠤᠨ ᠲᠢᠩᠬᠢᠮ ᠤᠨ ᠵᠥᠪᠰᠢᠶᠡᠷᠡᠯ ᠢᠶᠠᠷ ᠪᠠᠶᠢᠭᠤᠯᠤᠭᠳᠠᠭᠰᠠᠨ ᠪᠦᠬᠦᠯᠢ ᠡᠳᠦᠷ ᠤᠨ ᠳᠦᠷᠢᠮᠲᠦ | ᠭᠤᠤᠯᠳᠠᠯᠭ᠎ᠠ ᠪᠣᠯᠬᠤ ᠲᠡᠮᠦᠷ ᠵᠠᠮ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠤᠨ᠎ᠠ ᠂ 2006 ᠣᠨ ᠳᠤ | ᠰᠤᠷᠭᠠᠭᠤᠯᠢ ᠪᠠᠶᠢᠭᠤᠯᠤᠭᠳᠠᠭᠰᠠᠨ ᠠᠴᠠ ᠨᠠᠭᠠᠰᠢ ᠂ ᠨᠢᠭᠡᠨᠲᠡ ᠨᠢᠭᠡᠨ ᠪᠦᠯᠦᠭ ᠰᠦᠷ ᠳᠠᠯᠠᠶᠢᠴᠠᠲᠠᠶ ᠬᠥᠭᠵᠢᠯᠲᠡ ᠶᠢᠨ | ᠶᠠᠪᠤᠴᠠ ᠶᠢ ᠥᠩᠭᠡᠷᠡᠭᠡᠭᠰᠡᠨ ᠪᠠᠶᠢᠨ᠎ᠠ᠃ ᠰᠤᠷᠭᠠᠭᠤᠯᠢ ᠨᠢ ᠰᠠᠭᠤᠷᠢ ᠰᠤᠷᠭᠠᠨ ᠬᠥᠮᠦᠵᠢᠯ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ᠂ ᠭᠠᠳᠠᠭᠠᠳᠤ ᠳᠤ | ᠰᠤᠷᠤᠯᠴᠠᠬᠤ ᠦᠢᠯᠡᠴᠢᠯᠡᠭᠡ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠂ ᠳᠠᠬᠢᠨ ᠠᠵᠢᠯ | ᠣᠯᠭᠤᠬᠤ ᠪᠣᠯᠪᠠᠰᠤᠷᠠᠯ ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢ ᠬᠢᠨᠠᠨ ᠲᠣᠭᠲᠠᠭᠠᠬᠤ ᠳᠣᠯᠣᠭᠠᠨ | ᠶᠡᠭᠡ ᠬᠡᠯᠬᠢᠶᠡᠵᠢᠭᠰᠡᠨ ᠰᠤᠷᠭᠠᠨ ᠬᠥᠮᠦᠵᠢᠯ ᠤᠨ ᠲᠣᠭᠲᠠᠯᠴᠠᠭ᠎ᠠ ᠶᠢ ᠪᠠᠶᠢᠭᠤᠯᠵᠤ᠂ ︽ᠠᠵᠢᠯ ᠮᠡᠷᠭᠡᠵᠢᠯ ᠤᠨ ᠰᠤᠷᠭᠠᠨ | ᠬᠦᠮᠦᠵᠢᠯ᠂ ᠡᠩ ᠤᠨ ᠰᠤᠷᠭᠠᠨ ᠬᠦᠮᠦᠵᠢᠯ ᠠᠭᠤᠰᠤᠯᠴᠠᠨ · ᠣᠯᠠᠨ ᠡᠰᠢᠲᠦ ᠴᠢᠳᠠᠪᠤᠷᠢᠲᠠᠨ ᠪᠣᠯᠬᠤ︾ ᠰᠤᠷᠭᠠᠨ | ᠬᠥᠮᠦᠵᠢᠯ ᠤᠨ ︽ᠬᠤᠤᠰ ᠵᠢᠭᠦᠷ︾ ᠤᠨ ᠲᠣᠭᠲᠠᠯᠴᠠᠭ᠎ᠠ ᠶᠢ ᠲᠤᠰᠠᠭᠠᠷ ᠡᠭᠦᠳᠪᠡ ᠃ ᠠᠵᠤ ᠦᠢᠯᠡᠰ ᠪᠠ ᠰᠤᠷᠭᠠᠨ | ᠬᠥᠮᠦᠵᠢᠯ ᠬᠤᠤᠰ ᠴᠢᠭᠯᠡᠯ ᠢᠶᠠᠷ ᠡᠨᠧᠷᠭᠢ ᠣᠯᠭᠤᠵᠤ᠂ ᠲᠡᠮᠦᠷ ᠵᠠᠮ ᠤᠨ ᠬᠥᠭᠵᠢᠯᠲᠡ ᠪᠠᠷ ᠭᠤᠤᠯ ᠴᠢᠳᠠᠪᠤᠷᠢᠲᠠᠨ ᠢ | ᠬᠥᠮᠦᠵᠢᠭᠦᠯᠬᠦ ᠴᠢᠭᠯᠡᠯ ᠪᠣᠯᠭᠠᠵᠤ᠂ ᠬᠥᠬᠡᠬᠤᠲᠠ ᠶᠢᠨ ᠲᠡᠮᠦᠷ ᠵᠠᠮ ᠤᠨ ᠲᠣᠪᠴᠢᠶ᠎ᠠ᠂ ᠳᠤᠮᠳᠠᠳᠤ ᠤᠯᠤᠰ ᠤᠨ ᠲᠡᠮᠦᠷ | ᠵᠠᠮ ᠤᠨ ᠴᠠᠬᠢᠯᠭᠠᠨᠵᠢᠭᠤᠯᠤᠯᠲᠠ ᠶᠢᠨ ᠪᠦᠯᠦᠭᠯᠡᠯ᠂ ᠤᠯᠤᠰ ᠤᠨ ᠡᠨᠧᠷᠭᠢ ᠶᠢᠨ ᠪᠤᠭᠤᠲᠤ ᠶᠢᠨ ᠲᠡᠮᠦᠷ ᠵᠠᠮ ᠵᠡᠷᠭᠡ | 32 ᠲᠥᠪ ᠤᠨ ᠠᠵᠤ ᠠᠬᠤᠶᠢᠯᠠᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠪᠠᠶᠢᠭᠤᠯᠵᠤ᠂ ︽ᠵᠠᠬᠢᠶᠠᠯᠠᠭ᠎ᠠ ᠶᠢᠨ ᠠᠩᠭᠢ︾ ︽ᠬᠠᠨᠳᠤᠯᠭᠠᠲᠤ ᠠᠩᠭᠢ︾ ᠵᠡᠷᠭᠡ | ᠣᠨᠴᠠᠯᠢᠭᠲᠤ ᠲᠥᠷᠥᠯ ᠵᠦᠢᠯ ᠢ ᠨᠡᠭᠡᠭᠡᠵᠦ᠂ ︽ᠭᠤᠷᠪᠠᠨ ᠱᠠᠲᠤ ᠠᠬᠢᠭᠤᠯᠤᠨ ᠣᠷᠣᠭᠤᠯᠬᠤ︾ ᠠᠵᠢᠯ | ᠣᠯᠭᠤᠯᠲᠠ ᠶᠢᠨ ᠪᠠᠲᠤᠯᠠᠭ᠎ᠠ ᠶᠢᠨ ᠲᠣᠭᠲᠠᠯᠴᠠᠭ᠎ᠠ ᠶᠢᠨ ᠰᠢᠨ᠎ᠡ ᠶᠢ ᠡᠭᠦᠳᠴᠦ᠂ ᠨᠢᠭᠡᠨᠲᠡ ᠲᠡᠮᠦᠷ ᠵᠠᠮ ᠤᠨ | ᠰᠢᠰᠲ᠋ᠧᠮ ᠳᠤ ᠨᠡᠶᠢᠲᠡ ᠲᠦᠮᠡ ᠰᠢᠬᠠᠮ ᠮᠡᠷᠭᠡᠵᠢᠯ ᠤᠨ ᠭᠤᠤᠯᠯᠠᠭᠴᠢ ᠬᠦᠴᠦᠨ ᠢ ᠬᠦᠷᠭᠡᠵᠦ᠂ ᠣᠯᠠᠨ ᠠᠵᠢᠯ ᠤᠨ | ᠪᠠᠶᠢᠷᠢ ᠶᠢᠨ ᠴᠢᠳᠠᠪᠤᠷᠢᠲᠠᠨ᠂ ᠤᠷ᠎ᠠ ᠴᠢᠳᠠᠪᠤᠷᠢ ᠶᠢᠨ ᠴᠢᠳᠠᠪᠤᠷᠢᠲᠠᠨ ᠴᠣᠯᠭᠤᠷᠠᠨ ᠭᠠᠷᠪᠠ᠃ | | ᠰᠢᠨ᠎ᠡ ᠰᠤᠷᠭᠠᠭᠤᠯᠢ ᠶᠢᠨ ᠲᠣᠭᠤᠷᠢᠭ ᠲᠤ ᠠᠯᠬᠤᠨ ᠣᠷᠣᠵᠣ ᠂ ᠴᠠᠬᠢᠯᠭᠠᠨ ᠬᠦᠴᠦᠨ ᠤ ᠪᠤᠬ᠎ᠠ ᠲᠡᠷᠭᠡ ᠶᠢ | ᠬᠡᠷᠡᠭᠯᠡᠬᠦ ᠪᠠ ᠪᠠᠶᠢᠴᠠᠭᠠᠨ ᠵᠠᠰᠠᠬᠤ ᠲᠤᠰᠬᠠᠢ ᠮᠡᠷᠭᠡᠵᠢᠯ ᠤᠨ ᠰᠤᠷᠤᠭᠴᠢ ᠳ᠋ᠦᠩ ᠴᠧᠩ ᠤᠨ ᠬᠠᠮᠤᠭ ᠤᠨ ᠰᠢᠭᠤᠳ | ᠲᠦᠷᠦᠭᠳᠡᠯ ᠪᠣᠯ᠄ ᠣᠷᠴᠢᠨ ᠲᠣᠭᠤᠷᠢᠨ ᠨᠡᠩ ᠰᠠᠶᠢᠨ ᠪᠣᠯᠵᠤ᠂ ᠪᠣᠳᠠᠲᠠᠢ ᠪᠣᠯᠪᠠᠰᠤᠷᠠᠯ ᠤᠨ ᠡᠬᠢ ᠪᠠᠶᠠᠯᠢᠭ ᠨᠡᠩ | ᠡᠯᠪᠡᠭ ᠪᠠᠶᠠᠯᠢᠭ ᠪᠣᠯᠪᠠ᠃ ︽ᠠᠬᠤᠶ ᠲᠠᠯᠠᠪᠠᠶ ᠨᠠᠩ ᠡᠯᠪᠡᠭ ᠪᠠᠶᠠᠯᠢᠭ ᠪᠣᠳᠠᠲᠠᠶ ᠪᠣᠯᠪᠠᠰᠤᠷᠠᠯ ᠤᠨ ᠠᠩᠭᠢ ᠶᠢᠨ | ᠬᠡᠷ ᠨᠢ ᠨᠠᠮᠠᠶᠢ ᠣᠨᠣᠯ ᠤᠨ ᠮᠡᠳᠡᠯᠭᠡ ᠪᠠ ᠪᠣᠳᠠᠲᠠᠶ ᠠᠵᠢᠯᠯᠠᠭ᠎ᠠ ᠶᠢ ᠨᠠᠩ ᠰᠠᠶᠢᠨ ᠤᠶᠠᠯᠳᠤᠭᠤᠯᠬᠤ ᠪᠣᠯᠭᠠᠨ᠎ᠠ ᠂ | ᠴᠠᠬᠢᠯᠭᠠᠨ ᠬᠦᠴᠦᠨ ᠤ ᠪᠤᠬ᠎ᠠ ᠲᠡᠷᠭᠡ ᠶᠢ ᠬᠡᠷᠡᠭᠯᠡᠬᠦ ᠪᠠ ᠪᠠᠶᠢᠴᠠᠭᠠᠨ ᠵᠠᠰᠠᠬᠤ ᠡᠨᠡ ᠬᠦ ᠲᠤᠰᠬᠠᠶ ᠮᠡᠷᠭᠡᠵᠢᠯ ᠤᠨ | ᠰᠤᠷᠤᠯᠴᠠᠯᠭ᠎ᠠ ᠶᠢᠨ ᠳᠤᠷ᠎ᠠ ᠰᠣᠨᠢᠷᠬᠠᠯ ᠴᠦ ᠨᠠᠩ ᠥᠳᠬᠡᠷᠡᠪᠡ︾ ᠭᠡᠵᠦ ᠳ᠋ᠦᠩ ᠴᠧᠩ ᠬᠡᠯᠡᠵᠦ ᠂ ᠲᠡᠷᠡ | ᠬᠤᠶᠢᠰᠢᠳᠠ ᠶᠢᠨ ᠰᠢᠨ᠎ᠡ ᠰᠤᠷᠭᠠᠭᠤᠯᠢ ᠶᠢᠨ ᠲᠣᠭᠤᠷᠢᠭ ᠲᠤ ᠰᠤᠷᠤᠯᠴᠠᠵᠤ ᠠᠮᠢᠳᠤᠷᠠᠬᠤ ᠳᠤ ᠬᠦᠰᠡᠯ ᠡᠷᠡᠮᠡᠯᠵᠡᠯ | ᠳᠦᠭᠦᠷᠡᠩ ᠪᠠᠶᠢᠨ᠎ᠠ᠃ | ᠰᠢᠨ᠎ᠡ ᠬᠠᠭᠤᠴᠢᠨ ᠰᠤᠷᠭᠠᠭᠤᠯᠢ ᠶᠢᠨ ᠲᠣᠭᠤᠷᠢᠭ ᠤᠨ ᠬᠠᠮᠤᠭ ᠤᠨ ᠶᠡᠭᠡ ᠬᠤᠪᠢᠷᠠᠯᠲᠠ ᠶᠢᠨ ᠲᠤᠬᠠᠢ | ᠶᠠᠷᠢᠬᠤ ᠳᠤ᠂ ᠳᠡᠳ᠋ ᠵᠠᠬᠢᠷᠤᠯ ᠱᠢ ᠢᠦᠢ ᠯᠧ ︽ᠰᠤᠷᠤᠭᠴᠢᠳ ᠤᠨ ᠠᠮᠢᠳᠤᠷᠠᠯ ᠪᠣᠯᠤᠨ ᠰᠤᠷᠤᠯᠴᠠᠯᠭ᠎ᠠ ᠶᠢᠨ | ᠬᠡᠷᠡᠭᠴᠡᠭᠡ ᠶᠢ ᠬᠠᠩᠭᠠᠭᠰᠠᠨ ᠰᠠᠭᠤᠷᠢᠨ ᠳᠡᠭᠡᠷ᠎ᠡ᠂ ᠰᠢᠨ᠎ᠡ ᠰᠤᠷᠭᠠᠭᠤᠯᠢ ᠶᠢᠨ ᠲᠣᠭᠤᠷᠢᠭ ᠲᠤ ᠴᠠᠬᠢᠯᠭᠠᠨᠴᠢᠯᠠᠭᠰᠠᠨ | ᠬᠠᠮ ᠱᠤᠭᠤᠮ ᠤᠨ ᠵᠢᠭᠠᠨ ᠰᠤᠷᠭᠠᠯᠲᠠ ᠶᠢᠨ ᠡᠯᠡᠰᠦᠨ ᠴᠠᠷᠠᠭ᠎ᠠ᠂ HXD ᠮᠠᠰᠢᠨ ᠲᠡᠷᠭᠡᠨ ᠤ ᠵᠢᠯᠣᠭᠤᠴᠢ ᠶᠢᠨ | ᠳᠠᠭᠤᠷᠢᠶᠠᠯᠲᠠ᠂ VR ᠲᠡᠮᠦᠷ ᠵᠠᠮ ᠤᠨ ᠵᠠᠮ ᠬᠠᠷᠢᠯᠴᠠᠭᠠᠨ ᠤ ᠱᠤᠭᠤᠮ ᠳᠡᠭᠡᠷᠡᠬᠢ ᠪᠣᠳᠠᠲᠠᠢ ᠪᠣᠯᠪᠠᠰᠤᠷᠠᠯ᠂ ᠲᠡᠷᠭᠡ᠂ | ᠠᠵᠢᠯᠴᠢᠨ᠂ ᠴᠠᠬᠢᠯᠭᠠᠨ ᠤ ᠲᠤᠰᠬᠠᠢ ᠮᠡᠷᠭᠡᠵᠢᠯ ᠢ ᠨᠢᠭᠡ ᠴᠤᠬᠴᠠᠵᠢᠭᠤᠯᠤᠬᠰᠠᠨ ᠪᠣᠳᠠᠲᠠᠢ ᠪᠣᠯᠪᠠᠰᠤᠷᠠᠯ ᠤᠨ | CTC ᠲᠤᠰᠠᠭᠠᠷ ᠥᠪᠡᠷ ᠢ ᠪᠠᠨ ᠱᠠᠭᠠᠷᠳᠠᠬᠤ ᠰᠢᠰᠲ᠋ᠧᠮ᠂ ᠭᠠᠯᠲᠤ ᠲᠡᠷᠭᠡ ᠲᠣᠰᠬᠤ ᠠᠵᠢᠯ ᠤᠨ ᠵᠢᠱᠢᠮᠡᠭ | ᠴᠢᠭᠯᠡᠯᠲᠡ ᠶᠢᠨ ᠲᠤᠷᠰᠢᠯᠲᠠ ᠶᠢᠨ ᠲᠠᠰᠤᠭ᠂ ᠦᠨᠳᠦᠷ ᠬᠤᠷᠳᠤᠴᠠᠲᠤ ᠲᠡᠮᠦᠷ ᠵᠠᠮ ᠤᠨ ᠳᠠᠭᠤᠷᠢᠶᠠᠮᠠᠯ ᠬᠥᠮᠥᠷᠭᠡ | ᠵᠡᠷᠭᠡ ᠲᠡᠮᠦᠷ ᠵᠠᠮ ᠤᠨ ᠪᠣᠳᠠᠲᠤ ᠪᠣᠯᠪᠠᠰᠤᠷᠠᠯ ᠤᠨ ᠲᠥᠬᠦᠭᠡᠷᠦᠮᠵᠢ ᠶᠢ ᠰᠢᠨ᠎ᠡ ᠪᠠᠷ ᠪᠠᠶᠢᠭᠤᠯᠪᠠ᠂ ᠰᠤᠷᠭᠠᠭᠤᠯᠢ ᠶᠢᠨ | ᠬᠦᠷᠢᠶᠡᠨ ᠤ ᠬᠠᠲᠠᠭᠤ ᠬᠡᠷᠡᠭᠰᠡᠯ ᠢ ᠲᠡᠰ ᠳᠡᠪᠰᠢᠭᠦᠯᠦᠭᠰᠡᠨ ᠢᠶᠠᠷ ᠪᠠᠷᠠᠬᠤ ᠦᠭᠡᠢ᠂ ᠨᠡᠩ ᠴᠤ ︿ᠵᠢᠭᠠᠨ ᠰᠤᠷᠭᠠᠯᠲᠠ | ᠪᠣᠯ ᠪᠣᠳᠠᠲᠤ ᠪᠠᠶᠢᠯᠳᠤᠭᠠᠨ᠂ ᠪᠣᠳᠠᠲᠠᠢ ᠪᠣᠯᠪᠠᠰᠤᠷᠠᠯ ᠳᠠᠷᠤᠢ ᠠᠵᠢᠯ ᠤᠨ ᠪᠠᠶᠢᠷᠢ ᠳᠤ ᠭᠠᠷᠬᠤ﹀ ᠶᠢ ᠬᠥᠮᠦᠵᠢᠭᠦᠯᠬᠦ | ᠬᠠᠷᠠᠯᠲᠠ ᠳᠡᠭᠡᠷ᠎ᠡ᠂ ᠦᠷᠳᠡᠭᠡ ᠲᠡᠷᠭᠡ ᠶᠢ ᠨᠢᠭᠡ ᠴᠤᠬᠴᠠᠵᠢᠭᠤᠯᠤᠭᠰᠠᠨ ᠳᠠᠳᠤᠯᠭ᠎ᠠ ᠪᠣᠯᠪᠠᠰᠤᠷᠠᠯ ᠤᠨ | ᠲᠥᠬᠦᠭᠡᠷᠦᠮᠵᠢ ᠶᠢ ᠴᠢᠨᠠᠭᠰᠢᠳᠠ ᠲᠡᠭᠦᠯᠳᠡᠷᠵᠢᠭᠦᠯᠵᠦ᠂ ᠡᠭᠦᠨ ᠤ ᠤᠯᠠᠮ ᠠᠴᠠ ᠦᠢᠯᠡᠳᠪᠦᠷᠢᠯᠡᠯ ᠵᠢᠭᠠᠨ | ᠰᠤᠷᠭᠠᠯᠲᠠ ᠶᠢᠨ ᠠᠭᠤᠰᠤᠯᠴᠠᠯ ᠢ ᠭᠦᠨᠵᠡᠭᠡᠶᠢᠷᠡᠭᠦᠯᠵᠡᠢ᠃ ᠰᠤᠷᠤᠭᠴᠢᠳ ᠤᠨ ᠭᠠᠷ ᠬᠥᠳᠡᠯᠬᠦ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠵᠦ᠂ ᠲᠡᠳᠡᠨ ᠤ ᠬᠤᠵᠢᠮ ᠤᠨ ᠰᠤᠷᠭᠠᠭᠤᠯᠢ ᠳᠡᠪᠰᠢᠬᠦ᠂ ᠠᠵᠢᠯ ᠡᠷᠢᠬᠦ ᠳᠤ ᠨᠠᠩ ᠢᠲᠡᠭᠡᠯ | ᠵᠣᠷᠢᠭ ᠲᠠᠢ ᠪᠣᠯᠭᠠᠨ᠎ᠠ︕ ︾ ᠭᠡᠵᠦ ᠲᠠᠨᠢᠯᠴᠠᠭᠤᠯᠪᠠ᠃ | | ᠰᠤᠷᠪᠤᠯᠵᠢᠯᠠᠭᠴᠢ ᠶᠢᠨ ᠣᠯᠵᠤ ᠦᠵᠡᠭᠰᠡᠨ ᠢᠶᠠᠷ᠂ ᠰᠢᠨ᠎ᠡ ᠰᠤᠷᠭᠠᠭᠤᠯᠢ ᠶᠢᠨ ᠲᠣᠭᠤᠷᠢᠭ ᠤᠨ ᠣᠶᠤᠨᠴᠢ | ᠠᠩᠭᠢ ᠶᠢᠨ ᠬᠡᠷ ᠴᠡᠪᠡᠷ ᠴᠡᠮᠴᠡᠭᠡᠷ ᠴᠤ᠋ ᠰᠢᠨ᠎ᠡ᠂ ᠣᠯᠠᠨ ᠴᠢᠳᠠᠮᠵᠢᠲᠤ ᠳᠠᠳᠤᠯᠭ᠎ᠠ ᠪᠣᠯᠪᠠᠰᠤᠷᠠᠯ ᠤᠨ ᠰᠠᠭᠤᠷᠢᠨ | ᠭᠠᠵᠠᠷ ᠤᠨ ᠲᠥᠬᠦᠭᠡᠷᠦᠮᠵᠢ ᠪᠦᠷᠢᠨ᠂ ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠰᠢᠰᠲ᠋ᠧᠮ ᠲᠡᠷᠢᠭᠦᠨ ᠤ | ᠣᠶᠤᠨᠴᠢ᠂ ᠠᠮᠢᠳᠤᠷᠠᠯ ᠤᠨ ᠢᠵᠢ ᠪᠦᠷᠢᠳᠦᠭᠦᠯᠦᠯᠲᠡ ᠴᠥᠮ ᠪᠦᠷᠢᠨ ᠪᠠᠶᠢᠨ᠎ᠠ᠃ ᠰᠤᠷᠤᠭᠴᠢᠳ ᠡᠨᠡ ᠬᠦ | ᠣᠳᠣᠬᠢᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠳᠤ ᠢᠷᠡᠭᠡᠳᠦᠶ ᠶᠢᠨ ᠰᠤᠷᠭᠠᠭᠤᠯᠢ | ᠳᠡᠪᠰᠢᠬᠦ᠂ ᠠᠵᠢᠯ ᠤᠯᠬᠤ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠᠨ ᠳᠠᠪᠲᠠᠨ ᠪᠣᠯᠪᠠᠰᠤᠷᠠᠨ᠎ᠠ ᠃ | ᠣᠶᠢᠯᠠᠭᠠᠭᠰᠠᠨ ᠢᠶᠠᠷ᠂ ᠲᠣᠰ ᠤᠳᠠᠭ᠎ᠠ ᠪᠦᠬᠦᠯᠢ ᠴᠣᠭᠴᠠ ᠪᠠᠷ ᠢᠶᠠᠨ ᠰᠢᠨ᠎ᠡ ᠰᠤᠷᠭᠠᠭᠤᠯᠢ ᠶᠢᠨ | ᠲᠣᠭᠤᠷᠢᠭ ᠲᠤ ᠨᠡᠭᠦᠭᠰᠡᠨ ᠲᠡᠮᠦᠷ ᠵᠠᠮ ᠤᠨ ᠲᠡᠭᠡᠭᠡᠪᠦᠷᠢ ᠶᠢᠨ ᠦᠢᠯᠡᠴᠢᠯᠡᠭᠡ ᠂ ᠴᠠᠬᠢᠯᠭᠠᠨ ᠬᠦᠴᠦᠨ ᠤ ᠪᠤᠬ᠎ᠠ | ᠲᠡᠷᠭᠡ ᠶᠢ ᠬᠡᠷᠡᠭᠯᠡᠬᠦ ᠪᠠ ᠪᠠᠶᠢᠴᠠᠭᠠᠨ ᠵᠠᠰᠠᠬᠤ᠂ ᠲᠡᠮᠦᠷ ᠵᠠᠮ ᠤᠨ ᠲᠡᠷᠭᠡ ᠬᠥᠰᠬᠡ ᠶᠢ ᠬᠡᠷᠡᠭᠯᠡᠬᠦ ᠪᠠ ᠪᠠᠶᠢᠴᠠᠭᠠᠨ | ᠵᠠᠰᠠᠬᠤ ᠵᠡᠷᠭᠡ ᠲᠠᠪᠤᠨ ᠲᠤᠰᠬᠠᠶ ᠮᠡᠷᠭᠡᠵᠢᠯ ᠤᠨ ᠨᠡᠶᠢᠲᠡ 2000 ᠭᠠᠷᠤᠶ ᠪᠠᠭᠰᠢ ᠰᠤᠷᠤᠭᠴᠢᠳ ᠪᠠᠶᠢᠨ᠎ᠠ ᠃ | ︽ᠲᠠᠷᠠᠭᠠᠴᠢ ᠶᠢᠨ ᠠᠯᠬᠤᠮ ᠳᠤ᠂ ᠰᠤᠷᠭᠠᠭᠤᠯᠢ ᠰᠢᠨ᠎ᠡ ᠰᠤᠷᠭᠠᠭᠤᠯᠢ ᠶᠢᠨ ᠲᠣᠭᠤᠷᠢᠭ ᠲᠤ ᠨᠡᠭᠦᠭᠰᠡᠨ ᠂ | ᠥᠪᠥᠷ ᠮᠣᠩᠭᠤᠯ ᠤᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠴᠢᠨ ᠤ | ᠰᠤᠷᠭᠠᠭᠤᠯᠢ ᠪᠠᠷ ᠵᠦᠪᠰᠢᠶᠡᠷᠡᠭᠳᠡᠭᠰᠡᠨ ᠢᠶᠠᠷ ᠠᠵᠠ ᠲᠣᠬᠢᠶᠠᠯ ᠪᠣᠯᠭᠠᠵᠤ᠂ ᠪᠥᠬᠦ ᠬᠤᠲᠠ ᠶᠢᠨ ︿3 + 5 + N﹀ | ᠭᠤᠤᠯᠳᠠᠯᠭ᠎ᠠ ᠪᠣᠯᠬᠤ ᠠᠵᠤ ᠦᠢᠯᠡᠰ ᠤᠨ ᠪᠦᠯᠦᠭᠵᠢᠯ ᠤᠨ ᠪᠥᠲᠥᠭᠡᠨ ᠪᠠᠶᠢᠭᠤᠯᠤᠯᠲᠠ ᠶᠢᠨ ᠴᠢᠳᠠᠪᠤᠷᠢᠲᠠᠨ ᠤ | ᠬᠡᠷᠡᠭᠴᠡᠭᠡ ᠱᠠᠭᠠᠷᠳᠠᠯᠭ᠎ᠠ ᠪᠠ ᠮᠡᠷᠭᠡᠵᠢᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠣᠷᠣᠨ ᠨᠤᠲᠤᠭ ᠤᠨ ᠠᠵᠤ ᠠᠬᠤᠶ ᠨᠡᠶᠢᠭᠡᠮ ᠳᠤ ᠦᠢᠯᠡᠴᠢᠯᠡᠬᠦ ᠪᠠᠷ ᠬᠠᠷᠠᠯᠲᠠ ᠪᠣᠯᠭᠠᠵᠤ᠂ ᠳᠣᠤᠷ᠎ᠠ ᠠᠭᠠᠷ ᠤᠨ | ᠠᠵᠤ ᠠᠬᠤᠶ᠂ ᠰᠢᠨ᠎ᠡ ᠡᠨᠧᠷᠭᠢ ᠵᠡᠷᠭᠡ ᠬᠦᠷᠢᠶᠡᠨ ᠳᠠᠬᠢ ᠬᠠᠮᠢᠶ᠎ᠠ ᠪᠥᠬᠦᠶ ᠲᠤᠰᠬᠠᠶ ᠮᠡᠷᠭᠡᠵᠢᠯ ᠢ ᠰᠢᠨ᠎ᠡ ᠪᠠᠷ ᠨᠡᠮᠡᠵᠦ᠂ | ᠭᠠᠵᠠᠷ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠪᠠᠷ | ᠲᠥᠯᠥᠪᠯᠡᠵᠦ ᠪᠠᠶᠢᠨ᠎ᠠ᠃ ᠡᠭᠦᠨ ᠤ ᠬᠠᠮᠲᠤ᠂ ᠳᠤᠮᠳᠠ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ | ᠠᠵᠢᠯ ᠮᠡᠷᠭᠡᠵᠢᠯ ᠤᠨ ᠵᠢᠩᠬᠢᠨᠢ ᠠᠩᠭᠢ᠂ ᠠᠵᠤ ᠠᠬᠤᠶᠢᠯᠠᠯ ᠢ ᠨᠢᠭᠡ ᠴᠣᠭᠴᠠᠵᠢᠭᠤᠯᠤᠭᠰᠠᠨ ᠴᠢᠳᠠᠪᠤᠷᠢᠲᠠᠨ ᠢ | ᠬᠥᠮᠥᠵᠢᠭᠦᠯᠬᠦ ᠰᠠᠭᠤᠷᠢᠨ ᠭᠠᠵᠠᠷ ᠢ ᠢᠳᠡᠪᠬᠢᠲᠡᠢ ᠪᠠᠷ ᠪᠠᠶᠢᠭᠤᠯᠵᠤ᠂ ᠵᠢᠯ ᠪᠦᠷᠢ ᠮᠡᠷᠭᠡᠵᠢᠯ ᠤᠨ ᠴᠢᠳᠠᠪᠤᠷᠢ ᠶᠢᠨ | ᠬᠡᠯᠪᠡᠷᠢ ᠶᠢᠨ ᠴᠢᠳᠠᠪᠤᠷᠢᠲᠠᠨ ᠢ 2000 ᠭᠠᠷᠤᠢ ᠬᠥᠮᠥᠵᠢᠭᠦᠯᠵᠦ᠂ ᠬᠤᠲᠠ ᠶᠢᠨ ᠬᠥᠭᠵᠢᠯᠲᠡ ᠳᠤ ᠴᠢᠨᠠᠷ ᠰᠠᠶᠢᠲᠠᠢ | ᠬᠥᠮᠥᠨ ᠤ ᠬᠦᠴᠦᠨ ᠤ ᠡᠬᠢ ᠪᠠᠶᠠᠯᠢᠭ ᠬᠠᠩᠭᠠᠵᠤ᠂ ᠴᠢᠳᠠᠪᠤᠷᠢᠲᠠᠨ ᠴᠤᠭᠯᠠᠷᠠᠭᠰᠠᠨ ᠰᠢᠨ᠎ᠡ ᠥᠨᠳᠦᠷᠯᠢᠭ ᠢ ᠪᠥᠬᠦ | ᠬᠦᠴᠦᠨ ᠢᠶᠠᠷ ᠢᠶᠠᠨ ᠴᠣᠭᠴᠠᠯᠠᠨ᠎ᠠ︾ ᠭᠡᠵᠦ ᠱᠢ ᠢᠦᠢ ᠯᠧ ᠬᠡᠯᠡᠪᠡ ᠃ | | ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠬᠡᠷ ᠤᠨ ᠡᠭᠦᠳᠡᠨ ᠳᠠᠬᠢ ︽ᠴᠢᠳᠠᠪᠤᠷᠢᠲᠠᠨ ᠤ | ᠨᠡᠪᠴᠢᠭᠦᠯᠦᠭᠦᠷ︾ ᠮᠥᠨ᠂ ᠨᠠᠩ ᠴᠤ ᠬᠦᠰᠡᠯ ᠵᠡᠭᠦᠳᠦ ᠪᠠᠨ ᠲᠡᠷᠭᠡᠯᠰᠢᠭᠦᠯᠬᠦ ︽ᠬᠥᠮᠦᠨ ᠤ ᠠᠮᠢᠳᠤᠷᠠᠯ ᠤᠨ ᠲᠣᠰᠣ | ᠨᠡᠮᠡᠬᠦ ᠥᠷᠲᠡᠭᠡ︾ ᠮᠥᠨ᠃ ᠬᠢᠴᠢᠶᠡᠯ ᠤᠨ ᠲᠠᠩᠬᠢᠮ ᠠᠴᠠ ᠦᠢᠯᠡᠳᠪᠦᠷᠢ ᠶᠢᠨ ᠲᠠᠰᠤᠭ ᠬᠦᠷᠲᠡᠯ᠎ᠡ᠂ ᠨᠣᠮ | ᠪᠢᠴᠢᠭ ᠠᠴᠠ ᠦᠢᠯᠡᠳᠦᠯᠭᠡ ᠬᠦᠷᠲᠡᠯ᠎ᠡ᠂ ᠥᠪᠥᠷ ᠮᠣᠩᠭᠤᠯ ᠤᠨ ᠲᠡᠮᠦᠷ ᠵᠠᠮ ᠤᠨ ᠠᠵᠢᠯ ᠮᠡᠷᠭᠡᠵᠢᠯ ᠤᠨ ᠰᠤᠷᠭᠠᠭᠤᠯᠢ | ᠭᠡᠬᠦ ᠡᠨᠡ ᠬᠦ ︽ᠭᠡᠷ ᠤᠨ ᠡᠭᠦᠳᠡᠨ ᠳᠠᠬᠢ ᠰᠠᠶᠢᠨ ᠰᠤᠷᠭᠠᠭᠤᠯᠢ︾ ᠨᠢ ᠶᠠᠭ ᠰᠤᠷᠤᠭᠴᠢᠳ ᠤᠨ ᠦᠰᠦᠨ | ᠪᠤᠶᠢᠵᠢᠯᠲᠠ ᠶᠢᠨ ᠰᠢᠮᠡᠳᠦ ᠬᠥᠷᠥᠰᠥ᠂ ᠠᠵᠤ ᠦᠢᠯᠡᠰ ᠤᠨ ᠲᠡᠰ ᠳᠡᠪᠰᠢᠬᠦ ᠬᠥᠳᠡᠯᠭᠡᠭᠦᠷ ᠪᠣᠯᠵᠤ᠂ ᠦᠢᠯᠡᠳᠪᠦᠷᠢᠯᠡᠯ | ᠵᠢᠭᠠᠨ ᠰᠤᠷᠭᠠᠯᠲᠠ ᠶᠢ ᠠᠭᠤᠰᠤᠯᠴᠠᠭᠤᠯᠬᠤ ᠥᠷᠨᠢᠯᠲᠡ ᠳᠤᠮᠳᠠ᠂ ᠲᠤᠭ᠎ᠠ ᠲᠣᠮᠰᠢ ᠦᠭᠡᠢ ᠰᠤᠷᠤᠭᠴᠢᠳ ᠤᠨ ᠭᠡᠷᠡᠯ | ᠭᠢᠯᠪᠠᠭ᠎ᠠ ᠰᠠᠴᠤᠷᠠᠭᠤᠯᠬᠤ ᠠᠮᠢᠳᠤᠷᠠᠯ ᠢ ᠡᠷᠭᠦᠵᠦ᠂ ᠮᠦᠨ ᠴᠤ ᠰᠢᠭᠤᠶᠢᠲᠤ ᠲᠣᠭᠤᠷᠢᠭ ᠤᠨ ︽ᠰᠤᠷᠭᠠᠨ | ᠬᠥᠮᠦᠵᠢᠯ ᠤᠨ ᠥᠨᠳᠦᠷᠯᠢᠭ ᠢ ᠴᠣᠭᠴᠠᠯᠠᠬᠤ︾ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠤᠨ᠎ᠠ᠃ | |