ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠠᠵᠢᠯ ᠢ ᠦᠨᠡᠨ ᠬᠦ ᠰᠠᠶᠢᠲᠤᠷ | ᠬᠢᠬᠦ ᠶᠢᠨ ᠲᠥᠯᠥᠭᠡ᠂ ᠪᠡᠳᠭᠡᠷ ᠰᠦᠮ᠎ᠡ ᠪᠠᠯᠭᠠᠰᠤᠨ ᠤ ᠨᠠᠮ ᠤᠨ ᠬᠤᠷᠢᠶ᠎ᠠ ᠡᠮᠦᠨᠡᠬᠢ ᠬᠤᠭᠤᠴᠠᠭᠠᠨ ᠤ ᠪᠠᠶᠢᠴᠠᠭᠠᠨ | ᠰᠤᠳᠤᠯᠤᠯᠲᠠ ᠬᠢᠬᠦ ᠶᠢ ᠰᠠᠭᠤᠷᠢ ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ ᠠᠵᠢᠯ ᠪᠣᠯᠭᠠᠬᠤ ᠶᠢ ᠪᠠᠷᠢᠮᠲᠠᠯᠠᠵᠤ᠂ ︽ | ᠴᠢᠩᠭ᠎ᠠ ᠪᠣᠳᠠᠲᠠᠢ ᠨᠠᠷᠢᠨ ᠪᠣᠳᠠᠲᠠᠢ ᠲᠦᠷᠭᠡᠨ︾ ᠠᠵᠢᠯ ᠤᠨ ᠰᠤᠷᠲᠠᠯ ᠢᠶᠠᠷ ᠪᠠᠶᠢᠴᠠᠭᠠᠨ ᠰᠤᠳᠤᠯᠵᠤ ᠪᠠᠶᠢᠴᠠᠭᠠᠨ | ᠣᠶᠢᠯᠠᠭᠠᠬᠤ ᠪᠠ ᠴᠢᠳᠠᠪᠤᠷᠢᠲᠠᠨ ᠨᠥᠭᠡᠴᠡᠯᠡᠬᠦ ᠠᠵᠢᠯ ᠢ ᠪᠦᠬᠦ ᠲᠠᠯ᠎ᠠ ᠪᠠᠷ᠂ ᠭᠦᠨ ᠳᠠᠪᠬᠤᠷᠭ᠎ᠠ ᠪᠠᠷ ᠥᠷᠨᠢᠭᠦᠯᠵᠦ᠂ | ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠤᠨ ᠲᠣᠭᠲᠠᠭᠤᠨ ᠡᠮᠬᠢ ᠵᠢᠷᠤᠮ ᠲᠠᠢ ᠶᠠᠪᠤᠭᠳᠠᠬᠤ ᠶᠢ | ᠪᠠᠲᠤᠯᠠᠪᠠ᠃ | ᠪᠠᠶᠢᠴᠠᠭᠠᠨ ᠰᠤᠳᠤᠯᠵᠤ ᠪᠠᠶᠢᠴᠠᠭᠠᠨ ᠣᠶᠢᠯᠠᠭᠠᠬᠤ ᠳᠤᠮᠳᠠ ︽ᠭᠦᠨ ᠦᠨᠳᠦᠰᠦᠯᠡᠵᠦ︾ ᠂ ᠬᠤᠭᠤᠴᠠᠭ᠎ᠠ | ᠰᠣᠯᠢᠬᠤ ᠠᠵᠢᠯ ᠤᠨ ︽ᠪᠦᠬᠦ ᠦᠵᠡᠮᠵᠢ ᠶᠢᠨ ᠵᠢᠷᠤᠭ︾ ᠢ ᠵᠢᠷᠤᠭᠯᠠᠪᠠ | ︽ᠵᠠᠩ ᠠᠪᠤ ᠡ᠂ ᠲᠠᠨ ᠤ ᠦᠵᠡᠬᠦ ᠪᠠᠷ ᠲᠣᠰᠬᠤᠨ ᠤ ᠪᠠᠭ ᠤᠨ ᠬᠡᠷᠡᠭ ᠡᠷᠬᠢᠯᠡᠭᠰᠡᠨ ᠲᠥᠪ ᠭᠤᠣᠯᠴᠢ | ᠦᠦ︖ ᠬᠤᠭᠤᠴᠠᠭ᠎ᠠ ᠰᠣᠯᠢᠬᠤ ᠲᠤᠬᠠᠢ ᠶᠠᠮᠠᠷ ᠪᠣᠳᠣᠯ ᠲᠠᠢ ᠶᠤᠮ ᠪᠤᠢ ︖ ︾ ᠪᠠᠳᠺᠠᠷ ᠰᠦᠮ᠎ᠡ ᠪᠠᠯᠭᠠᠰᠤᠨ ᠤ | ᠭᠠᠩ ᠹᠠᠩ ᠳ᠋ᠢ ᠲᠣᠰᠬᠤᠨ ᠳᠤ᠂ ᠳᠠᠭᠠᠭᠠᠴᠢᠯᠠᠨ ᠬᠤᠯᠪᠣᠭᠠᠯᠠᠬᠤ ᠤᠳᠤᠷᠢᠳᠤᠯᠭ᠎ᠠ᠂ ᠳᠠᠭᠠᠭᠠᠴᠢᠯᠠᠨ ᠬᠤᠯᠪᠣᠭᠠᠯᠠᠬᠤ | ᠨᠢᠭᠡᠴᠢ ᠪᠠᠷ ᠪᠦᠷᠢᠯᠳᠦᠭᠰᠡᠨ ᠪᠠᠶᠢᠴᠠᠭᠠᠨ ᠰᠤᠳᠤᠯᠬᠤ ᠳᠤᠭᠤᠶᠢᠯᠠᠩ ᠶᠠᠭ ᠲᠣᠰᠬᠤᠨ ᠤ ᠠᠷᠠᠳ ᠲᠠᠢ ᠵᠣᠭᠤᠭᠳᠠᠵᠤ | ᠪᠠᠶᠢᠨ᠎ᠠ᠃ ᠬᠤᠭᠤᠴᠠᠭ᠎ᠠ ᠰᠣᠯᠢᠬᠤ ︽ᠰᠤᠳᠠᠯ ᠤᠨ ᠯᠤᠭᠰᠢᠯᠲᠠ︾ ᠶᠢ ᠣᠨᠣᠪᠴᠢᠲᠠᠶ ᠡᠵᠡᠮᠳᠡᠬᠦ ᠶᠢᠨ ᠲᠥᠯᠥᠭᠡ᠂ | ᠪᠠᠳᠺᠠᠷ ᠰᠦᠮ᠎ᠡ ᠪᠠᠯᠭᠠᠰᠤ ︽ᠬᠡᠪᠢᠰ ᠮᠠᠶ᠋ᠢᠭ︾ ᠤᠨ ᠶᠡᠷᠦᠩᠬᠡᠶᠢᠯᠡᠭᠰᠡᠨ ᠰᠤᠳᠤᠯᠤᠨ ᠮᠠᠭᠠᠳᠯᠠᠯᠲᠠ ᠶᠢ | ᠥᠷᠨᠢᠭᠦᠯᠵᠦ᠂ 5 ᠠᠵᠢᠯᠯᠠᠬᠤ ᠳᠤᠭᠤᠶᠢᠯᠠᠩ ᠤᠳᠤᠷᠢᠳᠬᠤ ᠪᠠᠭ ᠤᠨ ᠠᠵᠢᠯᠯᠠᠭᠠᠨ᠂ ᠠᠵᠢᠯ ᠤᠨ ᠠᠮᠵᠢᠯᠲᠠ | ᠪᠦᠲᠦᠮᠵᠢ᠂ ᠭᠡᠰᠢᠭᠦᠨ ᠤ ᠢᠯᠡᠷᠡᠯ᠂ ᠪᠡᠯᠡᠳᠬᠡᠯ ᠨᠥᠭᠡᠴᠡ᠂ ᠣᠷᠣᠰᠢᠵᠤ ᠪᠠᠶᠢᠭ᠎ᠠ ᠠᠰᠠᠭᠤᠳᠠᠯ ᠵᠡᠷᠭᠡ ᠭᠤᠤᠯᠳᠠᠯᠭ᠎ᠠ | ᠪᠣᠯᠬᠤ ᠠᠭᠤᠯᠭ᠎ᠠ ᠶᠢᠨ ᠲᠣᠭᠤᠷᠢᠨ ᠳᠤ᠂ ᠲᠣᠰᠬᠤᠨ ᠳᠠᠷᠠᠭᠠᠯᠠᠨ ︽ᠪᠢᠯᠵᠤᠤᠬᠠᠢ ᠶᠢ ᠲᠤᠶᠠᠴᠢᠵᠤ᠂ ︽ᠲᠠᠩᠰᠠ︾ | ᠶᠢ ᠦᠵᠡᠵᠦ ᠠᠵᠢᠯ ᠤᠨ ᠪᠦᠲᠦᠮᠵᠢ ᠶᠢ ᠪᠠᠶᠢᠴᠠᠭᠠᠬᠤ ᠮᠥᠷᠲᠡᠭᠡᠨ ᠪᠠᠰᠠ ︽ᠬᠡᠷ ᠤᠨ ᠡᠭᠦᠳᠡ︾ ᠳᠤ ᠬᠦᠷᠴᠦ | ᠠᠷᠠᠳ ᠤᠨ ᠲᠠᠭᠤᠨ ᠢ ᠰᠣᠨᠣᠰᠴᠤ᠂ ᠡᠯ᠎ᠡ ᠲᠣᠰᠬᠤᠨ ᠤ ᠬᠥᠮᠦᠨ ᠠᠮᠠ ᠶᠢᠨ ᠪᠦᠲᠦᠴᠡ᠂ ᠨᠠᠮ ᠤᠨ ᠭᠡᠰᠢᠭᠦᠨ ᠤ | ᠲᠠᠷᠬᠠᠯᠲᠠ᠂ ᠤᠳᠤᠷᠢᠳᠬᠤ ᠪᠠᠭ ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠵᠡᠷᠭᠡ ᠪᠠᠶᠢᠳᠠᠯ ᠢ ᠰᠢᠰᠲ᠋ᠧᠮ ᠲᠠᠢ | ᠡᠮᠬᠢᠯᠡᠵᠦ᠂ ︽ᠨᠢᠭᠡ ᠲᠣᠰᠬᠤᠨ ᠨᠢᠭᠡ ᠲᠠᠩᠰᠠ ᠡᠪᠬᠡᠮᠡᠯ︾ ᠤᠨ ᠪᠠᠶᠢᠴᠠᠭᠠᠨ ᠰᠤᠳᠤᠯᠤᠯᠲᠠ ᠶᠢᠨ ᠡᠬᠡ ᠲᠠᠩᠰᠠ ᠶᠢ | ᠪᠦᠷᠢᠯᠳᠦᠭᠦᠯᠵᠦ᠂ ᠬᠤᠭᠤᠴᠠᠭ᠎ᠠ ᠰᠣᠯᠢᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠨᠠᠷᠢᠯᠢᠭ ᠣᠨᠤᠪᠴᠢᠲᠠᠢ | ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠪᠠ᠃ ᠨᠡᠶᠢᠲᠡ 37 ᠭᠠᠷᠤᠶ ᠵᠤᠷᠪᠤᠰ ᠰᠠᠨᠠᠯ ᠰᠠᠨᠠᠭᠤᠯᠭ᠎ᠠ ᠶᠢ | ᠴᠤᠭᠯᠠᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠵᠡᠷᠭᠡ 3 | ᠠᠶᠤᠯ ᠲᠦᠭᠰᠢᠭᠦᠷᠢ ᠶᠢᠨ ᠴᠡᠭ ᠢ ᠡᠮᠬᠢᠯᠡᠨ ᠭᠠᠷᠭᠠᠪᠠ᠃ | | | ᠴᠢᠳᠠᠪᠤᠷᠢᠲᠠᠨ ᠤ ᠨᠥᠭᠡᠴᠡᠯᠡᠯᠲᠡ ᠶᠢᠨ ᠲᠠᠯ᠎ᠠ ᠪᠠᠷ ︽ᠨᠠᠷᠢᠯᠢᠭ ᠪᠤᠶᠢᠵᠢᠭᠤᠯᠵᠤ︾᠂ ᠡᠩᠨᠡᠭᠡᠨ ᠤ | ᠪᠠᠶᠢᠭᠤᠯᠤᠯᠲᠠ ᠶᠢᠨ ︽ᠡᠬᠢ ᠡᠭᠦᠰᠦᠯ ᠤᠨ ᠤᠰᠤ︾ ᠶᠢ ᠬᠦᠭᠵᠢᠭᠡᠪᠡ | ᠪᠠᠯᠭᠠᠰᠤᠨ ᠤ ᠨᠠᠮ ᠤᠨ ᠬᠤᠷᠢᠶ᠎ᠠ ᠺᠠᠳ᠋ᠷ ᠤᠨ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠪᠠᠷ ᠭᠤᠣᠯ | ᠪᠣᠯᠭᠠᠵᠤ᠂ ︽ ᠦᠯᠡᠳᠡᠭᠡᠨ ᠲᠣᠮᠢᠯᠠᠬᠤ + ᠲᠤᠬᠢᠷᠠᠭᠤᠯᠤᠨ ᠬᠡᠷᠡᠭᠯᠡᠬᠦ + ᠪᠡᠯᠡᠳᠬᠡᠯ︾ ᠭᠤᠷᠪᠠᠨ ᠱᠠᠲᠤᠨ ᠤ | ᠴᠢᠳᠠᠪᠤᠷᠢᠲᠠᠨ ᠤ ᠬᠥᠮᠥᠷᠭᠡ ᠶᠢᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠯᠴᠠᠭ᠎ᠠ ᠶᠢ ᠪᠠᠶᠢᠭᠤᠯᠪᠠ᠃ ᠣᠯᠠᠨ | ᠡᠭᠡᠯᠵᠢ ᠶᠢᠨ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ | ᠪᠠ ᠶᠡᠷᠦᠩᠬᠡᠶᠢᠯᠡᠨ ᠰᠤᠳᠤᠯᠤᠨ ᠮᠠᠭᠠᠳᠯᠠᠬᠤ ᠪᠠᠷ ᠳᠠᠮᠵᠢᠭᠤᠯᠤᠨ᠂ ᠦᠯᠡᠳᠡᠭᠡᠨ ᠲᠣᠮᠢᠯᠠᠬᠤ 23 ᠺᠠᠳ᠋ᠷ ᠢ | ᠣᠨᠣᠪᠴᠢᠲᠠᠶ ᠲᠣᠭᠲᠠᠭᠠᠵᠤ᠂ 6 ᠨᠡᠷ᠎ᠡ ᠲᠣᠬᠢᠷᠠᠭᠤᠯᠬᠤ ᠵᠢᠱᠢᠭᠳᠡᠭᠴᠢ ᠶᠢ ᠳᠤᠷᠠᠳᠴᠤ᠂ 29 ᠲᠣᠰᠬᠤᠨ ᠤ | ᠺᠠᠳ᠋ᠷ ᠲᠤ ᠤᠯᠤᠰ ᠲᠥᠷᠥ᠂ ᠴᠢᠳᠠᠪᠤᠷᠢ᠂ ᠣᠪᠣᠷ ᠰᠤᠷᠲᠠᠯ ᠭᠤᠷᠪᠠᠨ ᠬᠡᠮᠵᠢᠯᠳᠦ ︽ᠵᠢᠷᠤᠭ︾ ᠬᠢᠪᠡ᠃ 34 ᠨᠡᠷᠡᠰ | ᠤᠯᠤᠰ ᠲᠥᠷᠥ ᠶᠢᠨ ᠲᠠᠯ᠎ᠠ ᠪᠠᠷ ᠪᠠᠲᠤ ᠴᠢᠩᠭ᠎ᠠ᠂ ᠳᠠᠯᠳᠠ ᠬᠦᠴᠦᠨ ᠢᠶᠠᠷ ᠲᠣᠪᠤᠶᠢᠮ᠎ᠠ ᠪᠡᠯᠡᠳᠬᠡᠯ ᠬᠦᠴᠦᠨ ᠢ | ᠵᠡᠷᠭᠡᠪᠡᠷ ᠠᠭᠤᠳᠠᠯᠪᠠ᠃ ᠬᠥᠮᠦᠨ ᠰᠣᠩᠭᠤᠬᠤ ᠬᠠᠷᠠᠭ᠎ᠠ ᠪᠠᠨ ᠥᠷᠭᠡᠳᠬᠡᠵᠦ᠂ ᠪᠠᠶᠠᠵᠢᠭᠤᠯᠬᠤ ᠴᠢᠳᠠᠪᠤᠷᠢᠲᠠᠨ᠂ | ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠬᠤ ᠬᠥᠮᠦᠰ᠂ ᠴᠡᠷᠢᠭ ᠤᠨ ᠠᠯᠪᠠ ᠠᠴᠠ ᠬᠠᠯᠠᠭᠳᠠᠭᠰᠠᠳ | ᠵᠡᠷᠭᠡ ᠬᠠᠮᠲᠤᠯᠢᠭ ᠤᠨ ᠳᠣᠲᠣᠷ᠎ᠠ ᠠᠴᠠ ᠴᠢᠳᠠᠪᠤᠷᠢᠲᠠᠨ ᠰᠣᠩᠭᠤᠨ ᠬᠡᠷᠡᠭᠯᠡᠵᠦ᠂ 40 ᠨᠠᠰᠤᠨ ᠠᠴᠠ ᠳᠣᠷᠤᠭᠰᠢᠬᠢ ᠂ | ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠵᠢᠴᠢ ᠰᠤᠷᠤᠯᠭ᠎ᠠ ᠶᠢᠨ | ᠨᠠᠮᠲᠠᠷ ᠢ ᠳᠡᠭᠡᠭᠰᠢᠯᠡᠭᠦᠯᠬᠦ ᠢᠨᠵᠧᠨᠧᠷᠢᠩ ᠳᠤ ᠣᠷᠣᠯᠴᠠᠭᠰᠠᠨ ᠰᠢᠯᠢᠳᠡᠭ ᠺᠠᠳ᠋ᠷ ᠢ ᠤᠷᠢᠳᠠᠪᠠᠷ ᠰᠣᠩᠭᠤᠨ ᠬᠡᠷᠡᠭᠯᠡᠵᠦ᠂ | 35 ᠺᠠᠳ᠋ᠷ ᠲᠠᠢ ᠪᠣᠳᠣᠯ ᠰᠠᠨᠠᠯ ᠢᠶᠠᠨ ᠶᠠᠷᠢᠵᠤ᠂ ᠲᠥᠯᠥᠪᠵᠢᠭᠦᠯᠭᠡ ᠬᠢᠵᠦ᠂ ᠰᠠᠨᠠᠭᠤᠯᠭ᠎ᠠ ᠪᠠᠨ ᠶᠠᠷᠢᠵᠤ᠂ ᠪᠡᠯᠡᠳᠬᠡᠯ | ᠡᠩᠨᠡᠭᠡ ᠶᠢᠨ ︽ᠲᠤᠭ᠎ᠠ ᠬᠡᠮᠵᠢᠶ᠎ᠡ ᠨᠢ ᠭᠦᠢᠴᠡᠳ᠂ ᠪᠦᠲᠦᠴᠡ ᠨᠢ ᠵᠦᠢ ᠵᠣᠬᠢᠰᠲᠠᠶ᠂ ᠬᠡᠪ ᠴᠢᠨᠠᠷ ᠨᠢ ᠰᠢᠯᠢᠳᠡᠭ | ᠰᠠᠶᠢᠨ︾ ᠪᠠᠶᠢᠬᠤ ᠶᠢ ᠦᠨᠡᠨ ᠬᠦ ᠪᠠᠲᠤᠯᠠᠵᠤ᠂ ︽ᠰᠣᠩᠭᠤᠨ ᠪᠣᠶᠢᠵᠢᠭᠤᠯᠵᠤ ᠬᠠᠮᠢᠶᠠᠷᠴᠤ ᠬᠡᠷᠡᠭᠯᠡᠬᠦ ︾ ᠪᠦᠬᠦ | ᠬᠡᠯᠬᠢᠶ᠎ᠡ ᠪᠠᠷ ᠨᠡᠪᠲᠡᠷᠡᠭᠦᠯᠬᠦ ᠶᠢ ᠪᠡᠶᠡᠯᠡᠭᠦᠯᠪᠡ᠃ | ᠵᠠᠳᠠᠯᠤᠨ ᠰᠣᠳᠤᠯᠵᠤ ᠮᠠᠭᠠᠳᠯᠠᠬᠤ ᠠᠴᠠ ︽ᠴᠢᠩᠭ᠎ᠠ ᠨᠢᠭᠡᠳᠦᠯᠲᠡᠶ ᠲᠦᠯᠦᠪᠯᠡᠵᠦ ︾ ᠂ ᠬᠤᠭᠤᠴᠠᠭ᠎ᠠ | ᠰᠣᠯᠢᠬᠤ ᠠᠵᠢᠯ ᠤᠨ ︽ᠴᠢᠭᠯᠡᠯ︾ ᠢ ᠣᠨᠣᠪᠴᠢᠲᠠᠶ ᠡᠵᠡᠮᠰᠢᠪᠡ | ᠡᠯ᠎ᠡ ᠳᠠᠭᠠᠭᠠᠴᠢᠯᠠᠭᠰᠠᠨ ᠲᠣᠰᠬᠤᠨ ᠤ ᠤᠳᠤᠷᠢᠳᠤᠯᠭ᠎ᠠ ᠲᠦᠷᠦᠭᠦᠯᠡᠨ ᠪᠠᠶᠢᠴᠠᠭᠠᠨ ᠰᠤᠳᠤᠯᠤᠯᠲᠠ ᠶᠢᠨ | ᠦᠷ᠎ᠡ ᠪᠦᠲᠦᠭᠡᠯ ᠢ ᠰᠢᠰᠲ᠋ᠧᠮ ᠲᠠᠢ ᠡᠮᠬᠢᠯᠡᠵᠦ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠬᠢᠭᠡᠳ ᠦᠨᠳᠦᠰᠦᠨ | ᠱᠠᠲᠤᠨ ᠤ ᠪᠣᠳᠠᠲᠠᠶ ᠲᠠᠢ ᠤᠶᠠᠯᠳᠤᠭᠤᠯᠤᠨ᠂ ᠲᠣᠰᠬᠤᠨ ᠤ ᠪᠠᠶᠢᠳᠠᠯ ᠤᠨ ᠲᠦᠢᠮᠣ ᠪᠠᠶᠢᠳᠠᠯ᠂ ᠠᠰᠠᠭᠤᠳᠠᠯ ᠤᠨ | ᠨᠠᠷᠢᠨ ᠲᠠᠩᠰᠠ᠂ ᠲᠦᠭᠰᠢᠭᠦᠷᠢ ᠶᠢ ᠰᠤᠳᠤᠯᠤᠨ ᠮᠠᠭᠠᠳᠯᠠᠬᠤ᠂ ᠠᠷᠭᠠᠴᠠᠭᠠᠬᠤ ᠪᠣᠳᠣᠯᠭ᠎ᠠ ᠶᠢᠨ ᠰᠠᠨᠠᠭᠤᠯᠭ᠎ᠠ ᠶᠢ | ᠬᠠᠮᠤᠷᠤᠭᠰᠠᠨ ᠬᠤᠭᠤᠴᠠᠭ᠎ᠠ ᠰᠣᠯᠢᠬᠤ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠶᠢ | ᠪᠣᠶ ᠪᠣᠯᠭᠠᠪᠠ᠃ ᠮᠡᠳᠡᠭᠦᠯᠦᠯᠲᠡ ᠶᠢ ᠴᠠᠭ ᠲᠤᠬᠠᠶ ᠳᠤᠨᠢ ᠨᠠᠮ ᠤᠨ ᠬᠤᠷᠢᠶ᠎ᠠ ᠳᠤ ᠳᠡᠪᠰᠢᠭᠦᠯᠵᠦ ᠲᠤᠰᠬᠠᠶ ᠰᠡᠳᠦᠪᠲᠦ | ᠬᠠᠷᠢᠭᠤ ᠮᠡᠳᠡᠭᠦᠯᠦᠯᠲᠡ ᠬᠢᠵᠦ᠂ ᠪᠠᠯᠭᠠᠰᠤᠨ ᠤ ᠨᠠᠮ ᠤᠨ ᠬᠤᠷᠢᠶᠠᠨ ᠤ ᠤᠳᠤᠷᠢᠳᠬᠤ ᠪᠠᠭ ᠤᠯᠤᠰ ᠲᠥᠷᠥ ᠶᠢ | ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠦᠨᠳᠦᠷᠴᠡ ᠠᠴᠠ ᠮᠡᠳᠡᠭᠦᠯᠦᠯᠲᠡ ᠶᠢᠨ ᠠᠭᠤᠯᠭ᠎ᠠ ᠶᠢ ᠵᠤᠷᠪᠤᠰ | ᠳᠠᠷᠠᠭᠠᠯᠠᠨ ᠰᠤᠳᠤᠯᠵᠤ᠂ ᠭᠦᠨᠵᠡᠭᠡᠶ ᠶᠠᠷᠢᠯᠴᠠᠵᠤ᠂ ᠲᠣᠰᠬᠤᠨ ᠤ ᠪᠠᠶᠢᠳᠠᠯ ᠪᠤᠳᠤᠯᠢᠶᠠᠨᠲᠠᠶ᠂ ᠬᠠᠮᠢᠶᠠᠷᠤᠯᠲᠠ | ᠪᠠᠭᠤᠷᠠᠶ᠂ ᠵᠥᠷᠢᠴᠡᠯ ᠵᠢᠭᠤᠷᠠᠯᠳᠤᠭᠠᠨ ᠲᠣᠪᠤᠶᠢᠮ᠎ᠠ᠂ ᠥᠩᠭᠡᠷᠡᠭᠰᠡᠨ ᠤ ᠬᠤᠭᠤᠴᠠᠭ᠎ᠠ ᠰᠣᠯᠢᠬᠤ ᠠᠰᠠᠭᠤᠳᠠᠯ | ᠨᠡᠯᠢᠶᠡᠳ ᠣᠯᠠᠨ ᠪᠠᠶᠢᠭ᠎ᠠ ᠲᠣᠰᠬᠤᠨ ᠢ ᠭᠤᠤᠯᠳᠠᠯᠭ᠎ᠠ ᠲᠠᠢ ᠠᠩᠬᠠᠷᠴᠤ᠂ ᠬᠤᠭᠤᠴᠠᠭ᠎ᠠ ᠰᠣᠯᠢᠬᠤ ᠶᠢ ᠨᠥᠯᠥᠭᠡᠯᠡᠵᠦ | ᠮᠡᠳᠡᠬᠦ ᠲᠣᠭᠲᠠᠭᠤᠨ ᠪᠤᠰᠤ ᠬᠦᠴᠦᠨ ᠵᠦᠢᠯ ᠢ ᠵᠠᠳᠠᠯᠤᠨ ᠰᠤᠳᠤᠯᠵᠤ ᠮᠠᠭᠠᠳᠯᠠᠵᠤ᠂ ᠠᠶᠤᠯ ᠲᠦᠭᠰᠢᠭᠦᠷᠢ ᠶᠢᠨ | ᠳᠠᠯᠳᠠ ᠬᠡᠮ ᠢ ᠪᠥᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠪᠠ ᠃ ᠪᠠᠯᠭᠠᠰᠤᠨ ᠤ ᠱᠠᠲᠤᠨ ᠤ ᠺᠠᠳ᠋ᠷ ︽ᠨᠢᠭᠡ ᠳᠤ | ᠨᠢᠭᠡ︾ ᠳᠠᠭᠠᠭᠠᠴᠢᠯᠠᠨ ᠬᠤᠯᠪᠣᠭᠠᠯᠠᠬᠤ ᠪᠠᠷ ᠲᠠᠷᠠᠭᠠᠴᠢ ᠶᠢᠨ ᠬᠤᠭᠤᠴᠠᠭ᠎ᠠ ᠰᠣᠯᠢᠬᠤ ᠰᠣᠩᠭᠤᠭᠤᠯᠢ ᠶᠢᠨ ᠠᠵᠢᠯ ᠢ | ᠲᠣᠭᠲᠠᠭᠤᠨ ᠪᠥᠭᠡᠳ ᠡᠮᠬᠢ ᠵᠢᠷᠤᠮ ᠲᠠᠢ ᠠᠬᠢᠭᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠪᠠ ᠵᠣᠬᠢᠶᠠᠨ | ᠪᠠᠶᠢᠭᠤᠯᠤᠯᠲᠠ ᠶᠢᠨ ᠪᠠᠲᠤᠯᠠᠭ᠎ᠠ ᠲᠠᠯᠪᠢᠪᠠ᠃ | | | ᠲᠠᠷᠠᠭᠠᠴᠢ ᠶᠢᠨ ᠠᠯᠬᠤᠮ ᠳᠤ᠂ ᠪᠠᠳᠺᠠᠷ ᠰᠦᠮ᠎ᠡ ᠪᠠᠯᠭᠠᠰᠤᠨ ᠤ ᠨᠠᠮ ᠤᠨ ᠬᠤᠷᠢᠶ᠎ᠠ ᠪᠠᠶᠢᠴᠠᠭᠠᠨ | ᠰᠤᠳᠤᠯᠵᠤ ᠪᠠᠶᠢᠴᠠᠭᠠᠨ ᠲᠣᠳᠣᠯᠠᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠬᠤᠭᠤᠴᠠᠭ᠎ᠠ ᠰᠣᠯᠢᠬᠤ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠬᠤᠭᠤᠴᠠᠭ᠎ᠠ ᠶᠢ ᠴᠢᠩᠭ᠎ᠠ | ᠡᠵᠡᠮᠳᠡᠵᠦ᠂ ᠪᠣᠷᠣᠭᠠᠨ ᠠᠴᠠ ᠡᠮᠦᠨᠡᠬᠢ ᠪᠡᠯᠡᠳᠬᠡᠯ ᠠᠵᠢᠯ ᠤᠨ ᠪᠠᠶᠢᠳᠠᠯ ᠢᠶᠠᠷ ᠬᠤᠭᠤᠴᠠᠭ᠎ᠠ ᠰᠣᠯᠢᠬᠤ | ᠰᠣᠩᠭᠤᠭᠤᠯᠢ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠳᠤ ᠪᠠᠲᠤ ᠴᠢᠩᠭ᠎ᠠ ᠬᠦᠴᠦᠨ ᠪᠦᠬᠦᠢ ᠦᠨᠳᠦᠰᠦᠨ ᠱᠠᠲᠤᠨ ᠤ | ᠲᠠᠶᠢᠴᠢᠨ ᠪᠠᠬᠢᠯᠡᠯᠲᠡ ᠶᠢ ᠳᠠᠪᠲᠠᠨ ᠪᠣᠯᠪᠠᠰᠤᠷᠠᠭᠤᠯᠤᠨ᠎ᠠ᠃ | |