5 ᠳ᠋ᠤᠭᠠᠷ ᠰᠠᠷ᠎ᠠ ᠶᠢᠨ 27 ᠤ ᠡᠳᠦᠷ᠂ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ | ᠲᠡᠷᠢᠭᠦᠯᠡᠭᠴᠢ ᠪᠠᠶ ᠰᠢᠶᠠᠩ ᠭᠦᠩ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢᠳ ᠤᠨ | ᠬᠤᠷᠠᠯ ᠤᠨ ᠭᠡᠰᠢᠭᠦᠨ ᠵᠢᠴᠢ ᠬᠠᠮᠢᠶ᠎ᠠ ᠪᠦᠬᠦᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢᠶᠠᠷ ᠪᠦᠷᠢᠯᠳᠦᠭᠰᠡᠨ | ᠪᠠᠶᠢᠴᠠᠭᠠᠨ ᠦᠵᠡᠬᠦ ᠳᠤᠭᠤᠶᠢᠯᠠᠩ ᠢ ᠳᠠᠭᠠᠭᠤᠯᠤᠨ ᠪᠥᠬᠦ ᠲᠤᠭᠤᠷᠢᠭ ᠤᠨ ᠲᠣᠭᠠᠴᠢᠯᠠᠭᠰᠠᠨ ᠠᠵᠤ ᠠᠬᠤᠶ᠂ ᠳᠣᠣᠷ᠎ᠠ | ᠠᠭᠠᠷ ᠤᠨ ᠠᠵᠤ ᠠᠬᠤᠶ ᠶᠢᠨ ᠭᠤᠤᠯᠳᠠᠯᠭ᠎ᠠ ᠪᠣᠯᠬᠤ ᠲᠥᠷᠥᠯ ᠵᠦᠢᠯ ᠳᠤ ᠠᠷᠠᠳᠴᠢᠯᠠᠯ ᠢᠶᠠᠷ ᠬᠢᠨᠠᠯᠲᠠ ᠲᠠᠯᠪᠢᠵᠤ | ᠪᠠᠶᠢᠴᠠᠭᠠᠨ ᠦᠵᠡᠬᠦ ᠠᠵᠢᠯ ᠢ ᠥᠷᠨᠢᠭᠦᠯᠪᠡ᠃ | ᠪᠠᠶᠢᠴᠠᠭᠠᠨ ᠦᠵᠡᠬᠦ ᠳᠤᠭᠤᠶᠢᠯᠠᠩ ᠤᠨ ᠬᠢᠨ ᠤᠷᠢᠳ ᠬᠤᠵᠢᠳ ᠤᠮᠠᠷᠠᠲᠤ ᠬᠢᠯᠢ ᠶᠢᠨ ᠳᠣᠣᠷ᠎ᠠ | ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠺᠠᠶ ᠱᠢ ᠳ᠋ᠡ ᠮᠠᠰᠢᠨ ᠴᠠᠬᠢᠯᠭᠠᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠶᠤᠤ ᠯᠸᠢ ᠠᠭᠠᠷ ᠠᠶᠠᠯᠠᠯ ᠤᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ᠂ ᠨᠡᠶᠢᠳᠡᠮ | ᠬᠡᠷᠡᠭᠯᠡᠭᠡᠨ ᠤ ᠠᠭᠠᠷ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠢᠵᠢ ᠪᠦᠷᠢᠳᠦᠭᠦᠯᠬᠦ ᠨᠢᠰᠦᠯᠲᠡ ᠶᠢᠨ | ᠬᠡᠷᠡᠭᠯᠡᠭᠡᠨ ᠤ ᠲᠤᠷᠰᠢᠯᠲᠠ ᠶᠢᠨ ᠰᠠᠭᠤᠷᠢᠨ ᠭᠠᠵᠠᠷ ᠤᠨ ᠲᠥᠷᠥᠯ ᠵᠦᠢᠯ ᠳᠤ ᠬᠦᠷᠴᠦ᠂ ᠲᠣᠭᠠᠴᠢᠯᠠᠭᠰᠠᠨ ᠠᠵᠤ | ᠠᠬᠤᠶ᠂ ᠳᠣᠤᠷ᠎ᠠ ᠠᠭᠠᠷ ᠤᠨ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ | ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠡᠵᠡᠩᠨᠡᠯᠲᠡ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ | ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠪᠠ᠃ | ᠪᠠᠶ ᠰᠢᠶᠠᠩ ᠬᠦᠩ᠂ ᠣᠳᠣᠬᠠᠨ ᠳᠤ᠂ ᠰᠢᠭᠤᠶᠢᠲᠤ ᠲᠣᠭᠤᠷᠢᠭ ᠳᠣᠣᠷ᠎ᠠ ᠠᠭᠠᠷ ᠤᠨ ᠠᠵᠤ ᠠᠬᠤᠢ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠲᠣᠭᠠᠴᠢᠯᠠᠭᠰᠠᠨ ᠠᠵᠤ ᠠᠬᠤᠢ᠂ | ᠳᠣᠣᠷ᠎ᠠ ᠠᠭᠠᠷ ᠤᠨ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ᠂ ᠰᠢᠨ᠎ᠡ ᠶᠢ | ᠡᠭᠦᠳᠬᠦ ᠲᠣᠭᠲᠠᠯᠴᠠᠭ᠎ᠠ ᠶᠢ ᠪᠤᠶᠢᠵᠢᠭᠤᠯᠬᠤ ᠵᠡᠷᠭᠡ ᠲᠠᠯ᠎ᠠ ᠠᠴᠠ ᠵᠡᠷᠭᠡᠪᠡᠷ ᠬᠦᠴᠦᠯᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠲᠦᠷᠦᠯ ᠵᠦᠢᠯ ᠤᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ | ᠳᠣᠣᠷ᠎ᠠ ᠠᠭᠠᠷ + ︾ ᠬᠡᠷᠡᠭᠯᠡᠭᠡᠨ ᠤ ᠪᠠᠶᠢᠳᠠᠯ ᠢ ᠥᠷᠭᠡᠳᠬᠡᠨ ᠳᠡᠯᠭᠡᠷᠡᠭᠦᠯᠵᠦ ᠪᠤᠢ ᠂ ᠬᠠᠮᠢᠶ᠎ᠠ ᠪᠦᠬᠦᠢ ᠬᠦᠷᠢᠶᠡᠨ ᠤ | ᠠᠵᠤ ᠠᠬᠤᠶᠢᠯᠠᠯ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠵᠤ | ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠭᠦᠨᠵᠡᠭᠡᠢ | ᠠᠭᠤᠰᠤᠯᠴᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠨᠢ ᠤᠯᠤᠰ | ᠲᠥᠷᠥ ᠶᠢᠨ ᠵᠥᠪᠯᠡᠯᠭᠡᠨ ᠤ ᠭᠡᠰᠢᠭᠦᠳ ᠤᠨ ᠣᠶᠤᠨ ᠤ ᠳᠠᠪᠠᠭᠤᠯᠢᠭ ᠪᠠ ᠡᠬᠢ ᠪᠠᠶᠠᠯᠢᠭ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠵᠠᠰᠠᠭ ᠲᠤ ᠲᠤᠰᠠᠯᠠᠵᠤ᠂ ᠠᠵᠤ | ᠦᠢᠯᠡᠰ ᠤᠨ ᠬᠥᠭᠵᠢᠯᠲᠡ ᠶᠢ ᠠᠬᠢᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠵᠠᠰᠠᠭ ᠠᠵᠤ ᠠᠬᠤᠶᠢᠯᠠᠯ | ᠬᠠᠮᠵᠢᠯᠴᠠᠨ ᠠᠵᠤ ᠦᠢᠯᠡᠰ ᠤᠨ ᠲᠠᠰ ᠳᠡᠪᠰᠢᠬᠦ ᠳᠤ ᠬᠦᠴᠦᠨ ᠨᠡᠮᠡᠷᠢᠯᠡᠬᠦ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠦ᠂ ᠪᠥᠬᠦ ᠲᠤᠭᠤᠷᠢᠭ ᠤᠨ ᠳᠣᠣᠷ᠎ᠠ ᠠᠭᠠᠷ ᠤᠨ ᠠᠵᠤ ᠠᠬᠤᠶ᠂ ᠲᠣᠭᠠᠴᠢᠯᠠᠭᠰᠠᠨ ᠠᠵᠤ ᠠᠬᠤᠶ ᠶᠢᠨ ᠠᠵᠤ | ᠦᠢᠯᠡᠰ ᠤᠨ ᠡᠷᠡᠭᠦᠯ ᠢᠶᠠᠷ ᠲᠦᠷᠭᠡᠨ ᠬᠥᠭᠵᠢᠬᠦ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠮᠠ ᠪᠢᠨ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠣᠷᠣᠯᠴᠠᠪᠠ᠃ | |