︽5.19 ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠰᠢᠭᠤᠶᠢᠲᠤ ᠲᠠᠨ ᠳᠤ ᠤᠷᠢᠯᠭ᠎ᠠ ᠶᠢᠨ ᠪᠢᠴᠢᠭ ᠶᠠᠪᠤᠭᠤᠯᠪᠠ
ᠨᠡᠶᠢᠲᠡᠯᠡᠭᠰᠡᠨ ᠴᠠᠭ᠄
2025/5/29
       
         ᠡᠨᠡ ᠵᠢᠯ ᠤᠨ 5 ᠳ᠋ᠤᠭᠠᠷ ᠰᠠᠷ᠎ᠠ ᠶᠢᠨ 19 ᠤ ᠡᠳᠦᠷ ᠪᠣᠯ ᠠᠷᠪᠠᠨ ᠲᠠᠪᠤᠳᠤᠭᠠᠷ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠪᠣᠯᠤᠨ᠎ᠠ᠂ ︽ᠦᠵᠡᠰᠬᠦᠯᠡᠩᠲᠦ ᠰᠠᠶᠢᠬᠠᠨ ᠠᠭᠤᠯᠠ ᠤᠰᠤ᠂ ᠰᠠᠶᠢᠨ ᠰᠠᠶᠢᠬᠠᠨ ᠠᠶᠠᠨᠵᠠᠮ︾ ᠢᠶᠠᠷ ᠭᠤᠣᠯ ᠰᠡᠳᠦᠪ ᠪᠣᠯᠭᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠬᠤᠷᠠᠯ ᠤᠨ ᠲᠠᠯᠠᠪᠠᠢ ᠶᠢᠨ ᠭᠤᠣᠯ ᠰᠡᠳᠦᠪ ᠪᠣᠯ ︽ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠲᠠᠨ ᠢᠶᠠᠨ ᠤᠷᠢᠵᠤ ᠠᠶᠠᠯᠭᠤᠲᠤ ᠰᠠᠶᠢᠬᠠᠨ ᠦᠪᠦᠷ ᠮᠣᠩᠭᠤᠯ ᠢᠶᠠᠷ ᠵᠢᠭᠤᠯᠴᠢᠯᠠᠭᠤᠯᠬᠤ ︾ ᠪᠣᠯᠤᠨ᠎ᠠ᠃
图片3.png
        ᠬᠠᠪᠤᠷ ᠤᠨ ᠰᠡᠭᠦᠯᠴᠢ ᠵᠣᠨ ᠤ ᠡᠬᠢ ᠃ ᠦᠳᠡ ᠶᠢᠨ ᠡᠮᠦᠨᠡᠬᠢ 10 ᠴᠠᠭ ᠲᠤ᠂ ︽ᠰᠢᠭᠤᠶᠢᠳᠤ ᠶᠢᠨ ᠨᠢᠭᠤᠴᠠ ᠶᠢ ᠬᠠᠶᠢᠬᠤ · ᠰᠣᠶᠣᠯ ᠵᠢᠭᠤᠯᠴᠢᠯᠠᠯ ᠬᠠᠮᠲᠤ ᠣᠷᠣᠰᠢᠬᠤ︾ ᠪᠠᠷ ᠭᠤᠣᠯ ᠰᠡᠳᠦᠪ ᠪᠣᠯᠭᠠᠭᠰᠠᠨ ᠰᠢᠭᠤᠶᠢᠲᠤ ᠲᠣᠭᠤᠷᠢᠭ ᠤᠨ ᠬᠤᠪᠢᠶᠠᠷᠢ ᠬᠤᠷᠠᠯ ᠤᠨ ᠲᠠᠯᠠᠪᠠᠢ ᠶᠢᠨ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠠᠵᠢᠯᠯᠠᠭ᠎ᠠ ᠳᠤ ᠣᠷᠣᠯᠴᠠᠬᠤ ᠪᠠᠷ ᠢᠷᠡᠭᠰᠡᠨ ᠵᠢᠭᠤᠯᠴᠢᠯᠠᠭᠴᠢᠳ ᠪᠠᠳᠺᠠᠷ ᠰᠦᠮ᠎ᠡ ᠶᠢᠨ ᠦᠵᠡᠮᠵᠢ ᠶᠢᠨ ᠣᠷᠣᠨ ᠳᠤ ᠴᠤᠭᠯᠠᠷᠠᠵᠤ᠂ ᠬᠥᠮᠦᠨ ᠬᠠᠷ᠎ᠠ ᠬᠤᠷᠠᠨ ᠴᠤᠭᠯᠠᠷᠠᠵᠤ᠂ ᠬᠦᠷ ᠬᠥᠭᠵᠢᠶᠡᠨ ᠲᠠᠢ ᠪᠠᠶᠢᠯ᠎ᠠ᠃        ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠥᠩ ᠵᠣᠣ ᠬᠤᠸᠠ ᠵᠢᠭᠤᠯᠴᠢᠯᠠᠯ ᠤᠨ ᠡᠳᠦᠷ ᠤᠨ ᠬᠤᠭᠤᠴᠠᠭᠠᠨ ᠳᠠᠬᠢ ᠰᠢᠭᠤᠶᠢᠲᠤ ᠲᠣᠭᠤᠷᠢᠭ ᠤᠨ ᠰᠣᠶᠣᠯ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ᠂ ᠠᠷᠠᠳ ᠲᠤ ᠠᠰᠢᠭ ᠬᠦᠷᠲᠡᠭᠡᠬᠦ ᠪᠦᠵᠢᠭᠲᠦ  ᠵᠢᠭᠰᠠᠭᠠᠯ ᠂ ᠤᠨᠴᠠᠯᠢᠬᠳᠤ ᠭᠤᠤᠯ ᠰᠡᠳᠦᠪᠲᠦ ᠠᠵᠢᠯᠯᠠᠭ᠎ᠠ ᠵᠡᠷᠭᠡ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠤᠬᠠᠭᠤᠯᠤᠨ ᠲᠠᠨᠢᠯᠴᠠᠭᠤᠯᠬᠤ ᠶᠢᠨ ᠬᠠᠮᠲᠤ ᠥᠷᠭᠡᠨ ᠣᠯᠠᠨ ᠵᠢᠭᠤᠯᠴᠢᠯᠠᠯ ᠤᠨ ᠠᠵᠤ ᠠᠬᠤᠶᠢᠯᠠᠯ ᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠨᠠᠩ ᠢᠯᠡᠭᠦᠤ ᠵᠣᠬᠢᠴᠠᠬᠤ ᠵᠢᠭᠤᠯᠴᠢᠯᠠᠯ ᠤᠨ ᠪᠦᠲᠦᠭᠡᠭᠳᠡᠬᠦᠨ ᠪᠠ ᠠᠷᠠᠳ ᠲᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠪᠠᠷ ᠨᠠᠩ ᠰᠢᠯᠢᠳᠡᠭ ᠦᠢᠯᠡᠴᠢᠯᠡᠭᠡ ᠬᠠᠩᠭᠠᠬᠤ ᠶᠢ ᠤᠷᠢᠶᠠᠯᠠᠪᠠ᠃ ︽ ᠠᠷᠠᠳ ᠲᠦᠮᠡᠨ   ᠲᠠᠢ ᠣᠶᠢᠷᠠᠳᠬᠤ︾ ᠮᠦᠷᠲᠡᠭᠡᠨ ᠨᠡᠩ ︽ ᠬᠦᠮᠦᠨ ᠤ ᠬᠦᠷᠢᠶᠡᠯᠡᠯ ᠢ ᠴᠢᠩᠭᠠᠷᠠᠭᠤᠯᠤᠨ᠎ᠠ ︾᠂ ᠳᠦᠷᠪᠡᠨ ᠵᠦᠭ ᠨᠠᠢᠮᠠᠨ ᠵᠣᠪᠬᠢᠰ ᠤᠨ ᠵᠢᠭᠤᠯᠴᠢᠯᠠᠭᠴᠢᠳ ᠢ ᠰᠢᠳᠢᠲᠦ ᠰᠢᠭᠤᠶᠢᠲᠤ ᠳᠤ ᠴᠢᠩ ᠰᠡᠳᠭᠢᠯ ᠠᠴᠠ ᠪᠠᠨ ᠤᠷᠢᠵᠣ ᠪᠠᠶᠢᠨ᠎ᠠ ᠃
        ᠠᠵᠢᠯᠯᠠᠭ᠎ᠠ ᠶᠢᠨ ᠳᠤᠮᠳᠠ᠂ ᠰᠣᠶᠣᠯ ᠵᠢᠭᠤᠯᠴᠢᠯᠠᠯ ᠤᠨ ᠲᠠᠨᠢᠯᠴᠠᠭᠤᠯᠤᠭᠴᠢ ᠵᠠᠩ ᠶᠠ ᠲᠢᠩ ᠰᠢᠭᠤᠶᠢᠲᠤ ᠲᠣᠭᠤᠷᠢᠭ ᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠵᠢᠴᠢ ᠵᠣᠨ ᠤ ᠤᠯᠠᠷᠢᠯ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠳᠤ ᠵᠢᠭᠤᠯᠴᠢᠯᠠᠯ ᠤᠨ ᠲᠠᠨᠢᠯᠴᠠᠭᠤᠯᠭ᠎ᠠ ᠬᠢᠪᠠ᠃ ︽ᠡᠨᠡ ᠨᠢ ᠵᠢᠭᠤᠯᠴᠢᠯᠠᠯ ᠤᠨ ᠠᠵᠢᠯ ᠲᠥᠷᠥᠯ ᠤᠨ ᠦᠪᠡᠳᠡᠭᠰᠢ ᠴᠤᠭᠯᠠᠭᠠᠨ ᠪᠣᠯᠬᠤ ᠪᠠᠷ ᠪᠠᠷᠠᠬᠤ ᠥᠬᠡᠶ᠂ ᠨᠠᠩ ᠴᠤ ᠪᠥᠬᠦ ᠠᠷᠠᠳ ᠢᠶᠠᠷ ᠢᠶᠠᠨ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠡᠳ᠋ᠯᠡᠬᠦ ᠠᠵᠠ ᠲᠣᠬᠢᠶᠠᠯ ᠪᠣᠯᠤᠨ᠎ᠠ᠂ ᠰᠢᠭᠤᠶᠢᠲᠤ ᠲᠣᠭᠤᠷᠢᠭ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠪᠠ ᠣᠨᠴᠠᠯᠢᠭᠲᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠵᠢᠷᠤᠵᠤ ᠲᠥᠯᠥᠪᠯᠡᠨ ᠨᠡᠭᠡᠭᠡᠨ ᠬᠦᠭᠵᠢᠭᠦᠯᠦᠭᠰᠡᠨ ᠨᠢ ᠂ ᠥᠷᠭᠡᠨ ᠣᠯᠠᠨ ᠵᠢᠭᠤᠯᠴᠢᠯᠠᠭᠴᠢᠳ ᠲᠤ ᠨᠠᠩ ᠰᠠᠶᠢᠨ ᠵᠣᠭᠠᠴᠠᠨ ᠨᠠᠭᠠᠳᠬᠤ ᠣᠶᠢᠯᠠᠭᠠᠯᠲᠠ ᠠᠪᠴᠢᠷᠠᠪᠠ ︾᠃        ᠲᠤᠬᠠᠶ ᠶᠢᠨ ᠲᠠᠯᠠᠪᠠᠶ ᠳᠤ ᠪᠠᠰᠠ ᠬᠥᠭᠵᠢᠮ ᠤᠨ ᠠᠩᠭᠢ ᠦᠵᠡᠭᠴᠢᠳ ᠲᠤ ᠰᠣᠩᠭᠤᠳᠠᠭ ᠳᠠᠭᠤᠤ ᠬᠠᠩᠭᠢᠨᠠᠭᠤᠯᠵᠤ᠂ ᠲᠠᠶᠢᠰᠠᠨ ᠳᠡᠭᠡᠷᠡᠬᠢ ᠪᠠ ᠲᠠᠶᠢᠰᠠᠨ ᠳᠣᠤᠷᠠᠬᠢ ᠬᠠᠯᠠᠭᠤᠮᠰᠤᠭ ᠢᠶᠠᠷ ᠬᠠᠷᠢᠯᠴᠠᠨ ᠬᠥᠳᠡᠯᠦᠯᠴᠡᠵᠦ᠂ ᠰᠢᠭᠤᠶᠢᠲᠤ ᠲᠣᠭᠤᠷᠢᠭ ᠤᠨ ᠳᠦᠭᠦᠷᠡᠩ ᠠᠮᠢᠵᠢᠷᠠᠯ ᠤᠨ ᠬᠦᠴᠦᠨ ᠪᠠ ᠷᠢᠳᠢ ᠰᠢᠳᠢ ᠶᠢ ᠢᠯᠡᠷᠡᠭᠦᠯᠪᠡ ᠃ ᠬᠠᠷᠢᠯᠴᠠᠨ ᠬᠦᠳᠡᠯᠦᠯᠴᠡᠬᠦ ᠭᠤᠭᠴᠤᠭ᠎ᠠ ᠳᠤ ᠂ ᠲᠤᠬᠠᠶ ᠶᠢᠨ ᠲᠠᠯᠠᠪᠤᠷ ᠲᠤ ᠪᠠᠶᠢᠭ᠎ᠠ ᠵᠢᠭᠤᠯᠴᠢᠯᠠᠭᠴᠢᠳ ᠢᠳᠡᠪᠬᠢᠲᠡᠢ ᠮᠡᠳᠡᠯᠭᠡ ᠶᠢᠨ ᠥᠷᠢᠰᠥᠯᠳᠦᠭᠡᠨ ᠳᠤ ᠣᠷᠤᠯᠴᠠᠪᠠ ᠂ ︽ ᠰᠠᠶ᠋ᠢ ᠶᠢᠨ ᠬᠠᠷᠢᠯᠴᠠᠨ ᠬᠥᠳᠡᠯᠦᠯᠴᠡᠬᠦ ᠪᠠᠷ ᠳᠡᠮᠵᠢᠨ ᠪᠠᠰᠠ ᠴᠥᠭᠡᠨ ᠪᠤᠰᠤ ᠰᠢᠭᠤᠶᠢᠲᠤ ᠶᠢᠨ ᠵᠣᠭᠠᠴᠠᠯ ᠤᠨ ᠭᠠᠵᠠᠷ ᠤᠳ ᠢ ᠣᠶᠢᠯᠠᠭᠠᠪᠠ ᠂  ᠤᠳᠠᠯ ᠦᠭᠡᠢ ᠬᠦᠷᠴᠦ ᠢᠷᠡᠬᠦ ᠭᠡᠵᠦ ᠪᠠᠶᠢᠭ᠎ᠠ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠶᠢᠨ ᠬᠤᠭᠤᠴᠠᠭᠠᠨ ᠳᠤ ᠬᠡᠷ ᠤᠨ ᠬᠥᠮᠦᠰ ᠲᠠᠢ ᠪᠠᠨ ᠬᠠᠮᠲᠤ ᠪᠡᠶᠡᠴᠢᠯᠡᠨ ᠣᠶᠢᠯᠠᠭᠠᠵᠤ ᠪᠣᠯᠤᠨ᠎ᠠ︾ ᠭᠡᠵᠦ ᠰᠠᠶ᠋ᠢᠬᠠᠨ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠣᠯᠤᠭᠰᠠᠨ ᠵᠤᠭᠠᠴᠠᠭᠴᠢ ᠯᠢ ᠱᠦ ᠫᠢᠩ ᠰᠤᠷᠪᠤᠯᠵᠢᠯᠠᠭᠴᠢ ᠳᠤ ᠬᠡᠯᠡᠪᠡ᠃
图片6.png
        ᠵᠢᠭᠤᠯᠴᠢᠯᠠᠭᠰᠠᠳ ᠲᠤ ᠠᠪᠴᠤ ᠬᠡᠯᠡᠪᠡᠯ᠂ ᠵᠢᠭᠤᠯᠴᠢᠯᠠᠯ ᠤᠨ ᠳᠤᠮᠳᠠᠬᠢ ᠦᠵᠡᠵᠦ ᠰᠣᠨᠣᠰᠤᠭᠰᠠᠨ ᠲᠥᠷᠥᠭᠳᠡᠯ ᠪᠣᠯ ᠰᠠᠶ᠋ᠢ ᠬᠠᠮᠤᠭ ᠤᠨ ᠢᠲᠡᠭᠡᠭᠦᠯᠬᠦ ᠬᠦᠴᠦᠨ ᠲᠠᠢ ᠤᠬᠠᠭᠤᠯᠭ᠎ᠠ ᠪᠣᠯᠤᠨ᠎ᠠ᠃ ᠬᠥᠨᠳᠡᠯᠡᠨ ᠲᠣᠭᠤᠷᠢᠭ ᠠᠴᠠ ᠢᠷᠡᠭᠰᠡᠨ ᠬᠤᠪᠢ ᠶᠢᠨ ᠵᠠᠭᠤᠴᠢᠯᠠᠭᠤᠷ ᠤᠨ ᠪᠢᠴᠢᠯ  ᠹᠯᠤᠭ ᠨᠠᠶᠢᠷᠠᠭᠤᠯᠤᠭᠴᠢ ᠳ᠋ᠠᠨ ᠳ᠋ᠠᠨ᠂ ᠪᠡᠳᠭᠡᠷ ᠰᠦᠮ᠎ᠡ ᠶᠢᠨ ᠰᠣᠶᠣᠯ ᠤᠨ ᠷᠢᠳᠢ ᠰᠢᠳᠢ ᠶᠢ ᠪᠡᠶ᠎ᠡ ᠪᠠᠷ ᠢᠶᠠᠨ ᠣᠶᠢᠯᠠᠭᠠᠪᠠ ᠃ ︽ᠡᠮᠦᠨ᠎ᠡ ᠬᠤᠭᠤᠴᠠᠭᠠᠨ ᠳᠤ᠂ ᠰᠢᠨ᠎ᠡ ᠵᠠᠭᠤᠴᠢᠯᠠᠭᠤᠷ ᠤᠨ ᠲᠠᠪᠴᠠᠩ ᠳᠡᠭᠡᠷ᠎ᠡ ᠬᠤᠯᠪᠣᠭᠳᠠᠯ ᠪᠦᠬᠦᠢ ᠪᠡᠳᠭᠡᠷ ᠰᠦᠮ᠎ᠡ ᠶᠢᠨ ᠤᠬᠠᠭᠤᠯᠭ᠎ᠠ ᠶᠢ ᠣᠯᠵᠤ ᠬᠠᠷᠠᠵᠠᠶ᠂ ︿ᠯᠤᠲᠤ ᠶᠡᠭᠡ ᠲᠠᠩᠺᠡ﹀ ᠨᠢ ᠨᠠᠮᠠᠶᠢ ᠶᠡᠬᠡᠳᠡ ᠭᠠᠶᠢᠬᠠᠭᠤᠯᠪᠠ ᠂ ᠥᠨᠥᠳᠦᠷ  ᠪᠡᠶᠡᠴᠢᠯᠡᠨ ᠣᠶᠢᠯᠠᠭᠠᠬᠤ ᠶᠢᠨ ᠬᠠᠮᠲᠤ ᠣᠯᠠᠨ ᠶᠠᠩᠵᠤ ᠪᠠᠷ ᠳᠦᠷᠰᠦ ᠰᠢᠩᠭᠡᠭᠡᠯᠲᠡ  ᠰᠡᠭᠦᠳᠡᠷᠯᠡᠬᠦ ᠪᠠᠷ ᠪᠣᠳᠤᠵᠤ ᠪᠠᠶᠢᠨ᠎ᠠ︾ ᠭᠡᠪᠡ ᠃
        ᠰᠦᠷᠯᠢᠭ ᠰᠠᠶᠢᠬᠠᠨ ᠦᠵᠡᠮᠵᠢ ᠲᠠᠢ ᠴᠢᠩᠱᠠᠨ ᠲᠣᠭᠤᠷᠢᠭ ᠲᠤ ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯᠲᠤ ᠭᠠᠯ ᠲᠠᠬᠢᠯᠭ᠎ᠠ ᠶᠢᠨ ᠠᠵᠢᠯᠯᠠᠭ᠎ᠠ ᠪᠠᠷ ᠲᠥᠯᠥᠭᠡᠯᠡᠭᠦᠯᠦᠭᠰᠡᠨ ᠤᠯᠠᠮᠵᠢᠯᠠᠯᠲᠤ ᠪᠣᠳᠠᠰ ᠤᠨ ᠪᠤᠰᠤ ᠰᠣᠶᠣᠯ ᠤᠨ ᠥᠪ ᠵᠢᠭᠤᠯᠴᠢᠯᠠᠭᠴᠢᠳ ᠲᠤ ᠠᠳᠠᠯᠢ ᠪᠤᠰᠤ ᠭᠠᠵᠠᠷ ᠢ ᠲᠠᠨᠢᠭᠤᠯᠵᠤ᠂ ᠮᠥᠨ ᠴᠦ ᠰᠢᠭᠤᠶᠢᠲᠤ ᠳᠤ  ᠣᠨᠴᠠᠯᠢᠭᠲᠤ ᠳᠦᠷᠢ ᠲᠥᠷᠬᠦ ᠪᠠᠨ ᠳᠠᠮᠵᠢᠭᠤᠯᠬᠤ ᠲᠣᠬᠢᠶᠠᠯ ᠣᠯᠭᠤᠵᠤ᠂ ᠰᠢᠭᠤᠶᠢᠲᠤ ᠭᠠᠵᠠᠷ ᠤᠨ ᠪᠠᠶᠢᠭᠠᠯᠢ ᠶᠢᠨ ᠭᠤᠸ᠎ᠠ ᠰᠠᠶᠢᠬᠠᠨ ᠢ ᠣᠶᠢᠯᠠᠭᠠᠭᠤᠯᠵᠤ ᠂ ᠰᠢᠭᠤᠶᠢᠲᠤ ᠭᠠᠵᠠᠷ ᠤᠨ ᠰᠣᠶᠣᠯ ᠤᠨ ᠭᠤᠸ᠎ᠠ ᠰᠠᠶᠢᠬᠠᠨ ᠢ ᠮᠡᠳᠡᠷᠡᠭᠦᠯᠦᠨ᠎ᠡ ᠃ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠦᠭᠰᠡᠨ ︽ᠰᠢᠶᠠᠨ ᠤ ᠬᠡᠪᠴᠢᠶᠡᠨ ᠤ ᠵᠢᠭᠤᠯᠴᠢᠯᠠᠯ︾ ᠨᠢ ᠵᠢᠭᠤᠯᠴᠢᠯᠠᠭᠴᠢᠳ ᠲᠤ ᠪᠠᠶᠠᠷ ᠪᠠᠶᠠᠰᠤᠯ ᠢ ᠲᠠᠰᠤᠷᠠᠯᠲᠠ ᠥᠬᠡᠶ ᠠᠪᠴᠢᠷᠠᠬᠤ ᠳᠤ ᠁ ᠰᠣᠶᠣᠯ ᠤᠨ ᠠᠭᠤᠰᠤᠯᠴᠠᠯ ᠨᠢ ᠰᠢᠭᠤᠶᠢᠲᠤ ᠲᠣᠭᠤᠷᠢᠭ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ  ᠲᠠᠰᠤᠷᠠᠯᠲᠠ ᠦᠭᠡᠢ ᠰᠢᠨ᠎ᠡ ᠰᠣᠷᠭᠤᠭ ᠠᠮᠢᠵᠢᠷᠠᠯ ᠤᠨ ᠬᠦᠴᠦᠨ ᠢ ᠬᠥᠭᠵᠢᠭᠡᠵᠦ᠂ ᠰᠢᠭᠤᠶᠢᠲᠤ ᠲᠣᠭᠤᠷᠢᠭ ᠢ ᠨᠡᠩ ᠰᠠᠶᠢᠨ ᠣᠶᠢᠯᠠᠭᠠᠬᠤ ᠰᠢᠨ᠎ᠡ ᠴᠣᠩᠬᠤ ᠶᠢ ᠨᠡᠭᠡᠭᠡᠵᠦ᠂ ᠤᠯᠠᠮ ᠠᠴᠠ ᠤᠯᠠᠮ ᠣᠯᠠᠨ ︽ᠵᠢᠭᠤᠯᠴᠢᠳ︾ ᠲᠤ ︽ ᠰᠢᠳᠢᠲᠦ ᠰᠢᠭᠤᠶᠢᠲᠤ ︾ ᠶᠢᠨ ︽ᠰᠠᠶᠢᠨ ᠠᠭᠤᠯᠠ  ᠰᠠᠶᠢᠨ ᠤᠰᠤ ᠰᠠᠶᠢᠨ ᠦᠵᠡᠮᠵᠢ︾ ᠶᠢ ᠦᠨᠡᠨ ᠬᠦ ᠮᠡᠳᠡᠷᠡᠭᠦᠯᠪᠡ ᠃        ᠰᠢᠭᠤᠶᠢᠲᠤ ᠵᠤᠭᠠᠴᠠᠯ ᠨᠢ ᠤᠯᠠᠮ ᠠᠴᠠ ᠤᠯᠠᠮ ︽ᠮᠠᠲ᠋ᠧᠷᠢᠶᠠᠯ ᠲᠠᠢ︾ ᠪᠣᠯᠬᠤ ᠶᠢᠨ ᠬᠠᠮᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠪᠡᠷᠮᠢᠴᠡ ᠰᠢᠨ᠎ᠡ ᠶᠢ ᠡᠭᠦᠳᠬᠦ ᠬᠦᠴᠦᠨ  ᠨᠢ ᠪᠠᠰᠠ ᠵᠢᠭᠤᠯᠴᠢᠯᠠᠯ ᠤᠨ ᠦᠵᠡᠭᠳᠡᠯ ᠢ ᠬᠢᠵᠠᠭᠠᠷ ᠦᠭᠡᠢ ᠪᠣᠯᠭᠠᠨ ᠬᠤᠪᠢᠷᠠᠭᠤᠯᠵᠤ᠂ ᠢᠮᠠᠭᠲᠠ ᠰᠢᠨ᠎ᠡ ᠰᠣᠷᠭᠤᠭ ᠨᠠᠭᠠᠳᠬᠤ ᠠᠷᠭ᠎ᠠ ᠪᠣᠢ ᠪᠣᠯᠭᠠᠨ᠎ᠠ᠃ ᠵᠢᠱᠢᠶᠡᠯᠡᠪᠡᠯ᠂ ︽ᠲᠠᠪᠤᠨ ᠰᠠᠷ᠎ᠠ ᠶᠢᠨ ᠨᠢᠭᠡᠨ︾ ᠤ ᠬᠤᠭᠤᠴᠠᠭᠠᠨ ᠳᠠᠬᠢ ᠰᠥᠨᠢ ᠶᠢᠨ ᠵᠢᠭᠤᠯᠴᠢᠯᠠᠯ ᠤᠨ ᠲᠥᠷᠥᠯ ᠵᠦᠢᠯ᠂ ᠰᠢᠭᠤᠶᠢᠲᠤ ᠲᠣᠭᠤᠷᠢᠭ ᠤᠨ ᠠᠵᠤ ᠠᠬᠤᠢᠯᠠᠯ ᠤᠨ ᠤᠮᠠᠷᠠᠲᠤ ᠬᠢᠯᠢ ᠶᠢᠨ ᠳᠣᠣᠷ᠎ᠠ ᠠᠭᠠᠷ ᠤᠨ ᠨᠢᠰᠦᠯᠲᠡ ᠶᠢᠨ ︵ᠥᠪᠥᠷ ᠮᠣᠩᠭᠤᠯ︶ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠨᠢ ᠪᠤᠭᠤᠲᠤ ᠶᠢᠨ ᠡᠷᠲᠡᠨ ᠤ ᠬᠤᠲᠠ᠂ ᠴᠡᠴᠡᠭ ᠤᠨ ᠪᠦᠵᠢᠭᠲᠦ ᠬᠥᠮᠦᠨ ᠤ ᠶᠢᠷᠲᠢᠨᠴᠦ ᠶᠢᠨ ᠦᠵᠡᠮᠵᠢ ᠶᠢᠨ ᠣᠷᠣᠨ ᠲᠠᠢ ᠬᠠᠮᠲᠤᠷᠠᠨ ᠡᠭᠦᠳᠦᠭᠰᠡᠨ ︽ᠤᠭᠲᠠᠷᠭᠤᠢ ᠶᠢᠨ ᠭᠠᠷᠤᠳᠢ︾ ᠨᠢ ᠵᠢᠯᠣᠭᠤᠴᠢ ᠦᠭᠡᠢ ᠨᠢᠰᠭᠡᠯ ᠢ ᠠᠰᠢᠭᠯᠠᠨ᠂ ᠵᠢᠭᠤᠯᠴᠢᠳ ᠤᠨ ᠰᠢᠨ᠎ᠡ ᠶᠢ ᠡᠭᠦᠳᠬᠦ ᠳᠤ ᠰᠣᠨᠢᠷᠬᠠᠯᠲᠠᠢ ᠮᠥᠷᠲᠡᠭᠡᠨ ᠭᠦᠨ ᠤᠳᠬ᠎ᠠ ᠠᠭᠤᠯᠭ᠎ᠠ ᠲᠠᠢ ᠣᠶᠢᠯᠠᠭᠠᠯᠲᠠ ᠠᠪᠴᠢᠷᠠᠵᠤ᠂ ᠰᠢᠨᠵᠢᠯᠡᠬᠦ  ᠤᠬᠠᠭᠠᠨ ᠲᠧᠭᠨᠢᠭ ᠮᠡᠷᠭᠡᠵᠢᠯ ᠤᠨ ᠭᠤᠸ᠎ᠠ ᠰᠠᠶᠢᠬᠠᠨ ᠢ ᠰᠦᠨᠢ ᠶᠢᠨ ᠦᠵᠡᠮᠵᠢ ᠳᠤ ᠢᠯᠡᠷᠡᠭᠦᠯᠪᠡ ᠃
        ᠰᠢᠭᠤᠶᠢᠲᠤ ᠲᠣᠭᠤᠷᠢᠭ ᠦᠷᠭᠦᠯᠵᠢᠯᠡᠨ ᠰᠢᠨ᠎ᠡ ᠶᠢ ᠡᠭᠦᠳᠴᠦ᠂ ᠰᠢᠶᠠᠩ ᠤᠨ ᠬᠡᠪᠴᠢᠶᠡᠨ ᠤ ᠵᠢᠭᠤᠯᠴᠢᠯᠠᠯ  ᠨᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠰᠤᠯᠴᠠᠯ ᠠᠴᠠ ᠪᠣᠯᠵᠤ ᠨᠡᠩ ᠣᠨᠴᠠᠯᠢᠭ ᠲᠠᠢ ᠪᠣᠯᠬᠤ ᠶᠢ ᠪᠠᠲᠤᠯᠠᠬᠤ ᠶᠢᠨ ᠬᠠᠮᠲᠤ᠂ ᠪᠦᠬᠦ ᠲᠣᠭᠤᠷᠢᠭ ᠤᠨ ᠰᠣᠶᠣᠯ ᠵᠢᠭᠤᠯᠴᠢᠯᠠᠯ ᠤᠨ ᠦᠢᠯᠡᠰ ᠢ ᠠᠵᠤ ᠠᠬᠤᠢ ᠶᠢ ᠬᠥᠭᠵᠢᠭᠦᠯᠬᠦ ᠶᠢᠨ ᠴᠢᠬᠤᠯᠠ ᠭᠠᠷᠳᠠᠴᠠ ᠪᠣᠯᠭᠠᠵᠤ᠂ ︽ᠪᠦᠬᠦ ᠣᠷᠣᠨ ᠪᠦᠰᠡ ᠶᠢᠨ ᠬᠥᠭᠵᠢᠯᠲᠡ︾ ᠶᠢᠪᠠᠷᠢᠮᠲᠠᠯᠠᠵᠤ᠂ ᠰᠢᠭᠤᠶᠢᠲᠤ ᠲᠣᠭᠤᠷᠢᠭ ᠤᠨ  ᠵᠢᠭᠤᠯᠴᠢᠯᠠᠯ ᠤᠨ ᠥᠪᠡᠷᠮᠢᠴᠡ ᠲᠠᠲᠠᠬᠤ ᠬᠦᠴᠦᠨ ᠢ ᠭᠦᠢᠴᠡᠳ ᠪᠠᠳᠠᠷᠠᠭᠤᠯᠵᠤ᠂ ᠣᠷᠣᠨ ᠪᠦᠰᠡ ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠵᠦ ᠂ ᠨᠡᠩ ᠣᠯᠠᠨ ︽ ᠬᠦᠮᠦᠨ ᠤ ᠬᠦᠷᠢᠶᠡᠯᠡᠯ ︾ ᠢ ᠲᠠᠲᠠᠬᠤ ᠪᠥᠭᠡᠳ ᠪᠠᠰᠠ ᠨᠡᠩ ᠣᠯᠠᠨ ︽ᠣᠯᠵᠠ ︾ ᠠᠪᠴᠢᠷᠠᠭᠰᠠᠨ ᠪᠠᠶᠢᠨ᠎ᠠ ᠃        ᠣᠶᠢᠯᠠᠭᠠᠭᠰᠠᠨ ᠢᠶᠠᠷ᠂ ︽5.19 · ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠠᠵᠢᠯᠯᠠᠭ᠎ᠠ ᠶᠢᠨ ᠬᠤᠭᠤᠴᠠᠭᠠᠨ ᠳᠤ᠂ ᠭᠤᠶᠢᠳᠠ ᠰᠠᠶᠢᠬᠠᠨ ᠬᠤᠪᠢᠶᠠᠷᠢ ᠬᠤᠷᠠᠯ ᠤᠨ ᠲᠠᠯᠠᠪᠠᠶ ᠶᠢᠨ ᠠᠵᠢᠯᠯᠠᠭ᠎ᠠ ᠠᠴᠠ ᠭᠠᠳᠠᠨ᠎ᠠ᠂ ᠰᠢᠭᠤᠶᠢᠲᠤ ᠲᠣᠭᠤᠷᠢᠭ ᠤᠨ ᠬᠢᠨ ᠪᠠᠰᠠ ᠥᠷᠭᠡᠨ ᠣᠯᠠᠨ ᠵᠢᠭᠤᠯᠴᠢᠯᠠᠭᠴᠢᠳ ᠲᠤ ᠨᠢᠭᠡ ᠡᠳᠦᠷ ᠤᠨ ᠵᠢᠭᠤᠯᠴᠢᠯᠠᠯ᠂ ᠣᠯᠠᠨ ᠡᠳᠦᠷ ᠤᠨ ᠵᠢᠭᠤᠯᠴᠢᠯᠠᠯ ᠤᠨ ᠺᠠᠷᠲᠯᠠᠬᠤ ᠵᠠᠮ ᠱᠤᠭᠤᠮ ᠵᠢᠴᠢ ᠬᠡᠤᠬᠡᠳ ᠤᠨ ᠰᠣᠨᠢᠷᠬᠠᠯᠲᠤ ᠪᠠᠶᠢᠭᠠᠯᠢ ᠶᠢᠨ ︽ᠳ᠋ᠤᠫᠠᠮᠢᠨ ︾ ᠴᠡᠩᠭᠡᠯ ᠤᠨ ᠬᠦᠷᠢᠶᠡᠯᠡᠩ᠂ ᠲᠤᠰᠬᠠᠶ ︽ᠵᠢᠵᠢᠭ ᠲᠠᠷᠢᠶᠠᠯᠠᠩ ᠤᠨ ᠲᠠᠯᠠᠪᠠᠶ︾ ᠶᠢ ᠲᠠᠨᠢᠵᠤ ᠠᠪᠬᠤ ︽ᠲᠠᠷᠢᠶᠠᠯᠠᠩ ᠤᠨ ᠲᠠᠯᠠᠪᠠᠶ ᠶᠢᠨ ᠡᠵᠡᠨ︾ ᠤ ᠰᠢᠨ᠎ᠡ ᠬᠠᠪᠤ ᠴᠡᠩᠭᠡᠯ᠂ ︽ᠾᠦᠢ GO ᠰᠢᠭᠤᠶᠢᠲᠤ︾ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠵᠡᠷᠭᠡ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ 19 ᠡᠳᠦᠷ ᠦᠷᠭᠦᠯᠵᠢᠯᠡᠵᠦ᠂ ᠵᠢᠭᠤᠯᠴᠢᠯᠠᠭᠴᠢᠳ ᠢ ᠤᠷᠢᠵᠤ  ᠪᠠᠶᠢᠭᠠᠯᠢ ᠶᠢᠨ ᠥᠩᠭᠡ ᠦᠵᠡᠮᠵᠢ᠂ ᠰᠣᠶᠣᠯ ᠢᠷᠭᠡᠨᠰᠢᠯ ᠤᠨ ᠵᠠᠩ ᠴᠢᠨᠠᠷ ᠪᠠ ᠣᠯᠠᠨ ᠡᠰᠢᠲᠦ ᠷᠢᠳᠢ ᠰᠢᠳᠢ ᠶᠢ ᠭᠦᠨᠵᠡᠭᠡᠶ ᠣᠶᠢᠯᠠᠭᠠᠭᠤᠯᠪᠠ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号