ᠠᠰᠠᠭᠤᠯᠲᠠ 1᠄ ᠪᠢ xx ᠬᠤᠪᠢ ᠰᠢᠯᠭᠠᠵᠠᠢ ᠂ ᠶᠠᠮᠠᠷ ᠶᠠᠮᠠᠷ ᠶᠡᠭᠡ ᠰᠤᠷᠭᠠᠭᠤᠯᠢ ᠳᠤ ᠨᠡᠷ᠎ᠡ ᠮᠡᠳᠡᠭᠦᠯᠵᠦ | ᠪᠣᠯᠬᠤ ᠪᠣᠢ︖ | ᠬᠠᠷᠢᠭᠤᠯᠲᠠ᠄ ᠰᠢᠯᠭᠠᠭᠰᠠᠳ ᠤᠨ ᠪᠠᠶᠢᠭ᠎ᠠ ᠮᠤᠵᠢ ᠶᠢᠨ ᠢᠶᠠᠨ ᠲᠤᠰ ᠵᠢᠯ ᠤᠨ ᠪᠠᠭᠤᠯᠭᠠᠭᠰᠠᠨ ︽ᠡᠩ ᠤᠨ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠤᠰᠬᠠᠶ ᠮᠡᠷᠭᠡᠵᠢᠯ ᠤᠨ ᠭᠠᠷᠴᠠᠭ︾᠂ ︽ᠪᠦᠬᠦ ᠤᠯᠤᠰ ᠤᠨ | ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠤᠪᠢ ᠶᠢᠨ ᠲᠠᠷᠬᠠᠯᠲᠠ ᠶᠢᠨ ᠲᠤᠭ᠎ᠠ ᠪᠦᠷᠢᠳᠬᠡᠯ︾᠂ | ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠳᠦᠷᠢᠮ ᠵᠡᠷᠭᠡ ᠮᠡᠳᠡᠭᠡ ᠵᠠᠩᠭᠢ ᠶᠢᠨ ᠮᠠᠲ᠋ᠧᠷᠢᠶᠠᠯ ᠲᠠᠢ | ᠤᠶᠠᠯᠳᠤᠭᠤᠯᠤᠨ᠂ ᠳᠡᠭᠡᠳᠦ ᠰᠤᠷᠭᠠᠭᠤᠯᠢ ᠶᠢᠨ ᠰᠣᠩᠭᠤᠯᠲᠠ ᠬᠢᠨ᠎ᠡ᠃ | ᠠᠰᠠᠭᠤᠯᠲᠠ 2᠄ ᠪᠢ xx ᠬᠤᠪᠢ ᠰᠢᠯᠭᠠᠵᠠᠢ ᠁ ᠶᠡᠭᠡ ᠳᠡᠭᠡᠳᠦ ᠰᠤᠷᠭᠠᠭᠤᠯᠢ ᠶᠢᠨ ᠬᠢᠵᠠᠭᠠᠷᠯᠠᠬᠤ | ᠬᠤᠪᠢ ᠶᠢ ᠶᠠᠭᠠᠬᠢᠵᠤ ᠪᠠᠶᠢᠴᠠᠭᠠᠬᠤ ᠪᠤᠢ︖ | ᠬᠠᠷᠢᠭᠤᠯᠲᠠ᠄ ᠥᠩᠭᠡᠷᠡᠭᠰᠡᠨ ᠵᠢᠯ ᠤᠳ ᠲᠤ ᠮᠠᠰᠢ ᠣᠯᠠᠨ ᠰᠢᠯᠭᠠᠭᠤᠯᠤᠭᠴᠢ ᠶᠢᠨ ᠭᠡᠷ ᠤᠨ ᠠᠬᠠᠮᠠᠳ ︽ | ᠪᠢ 580 ᠬᠤᠪᠢ ᠰᠢᠯᠭᠠᠭᠤᠯᠪᠠ᠂ ᠪᠢ xx ᠶᠡᠭᠡ ᠰᠤᠷᠭᠠᠭᠤᠯᠢ ᠶᠢᠨ xx ᠲᠤᠰᠬᠠᠶ ᠮᠡᠷᠭᠡᠵᠢᠯ ᠳᠤ ᠡᠯᠰᠡᠭᠳᠡᠵᠦ | ᠳᠡᠶᠢᠯᠦᠨ᠎ᠡ ᠦᠦ︖︾ ᠵᠡᠷᠭᠡ ᠠᠰᠠᠭᠤᠯᠲᠠ ᠠᠰᠠᠭᠤᠳᠠᠭ ᠂ ᠡᠨᠡ ᠮᠡᠲᠦ ᠶᠢᠨ ᠠᠰᠠᠭᠤᠯᠲᠠ ᠪᠣᠯ ᠪᠠᠭᠰᠢ | ᠲᠣᠳᠣᠷᠬᠠᠢ ᠬᠠᠷᠢᠭᠤᠯᠬᠤ ᠶᠢᠨ ᠠᠷᠭ᠎ᠠ ᠦᠭᠡᠢ ᠶᠤᠮ᠃ ᠰᠢᠯᠭᠠᠭᠤᠯᠤᠭᠴᠢ ᠪᠤᠶᠤ ᠭᠡᠷ ᠤᠨ ᠠᠬᠠᠮᠠᠳ ᠳᠣᠤᠷᠠᠬᠢ | ᠬᠡᠳᠦᠨ ᠠᠷᠭ᠎ᠠ ᠵᠠᠮ ᠢᠶᠠᠷ ᠳᠠᠮᠵᠢᠭᠤᠯᠤᠨ ᠡᠯ᠎ᠡ ᠳᠡᠭᠡᠳᠦ ᠰᠤᠷᠭᠠᠭᠤᠯᠢ ᠪᠤᠶᠤ ᠪᠣᠳᠠᠲᠠᠶ ᠲᠤᠰᠬᠠᠶ ᠮᠡᠷᠭᠡᠵᠢᠯ ᠤᠨ ᠡᠯ᠎ᠡ | ᠮᠤᠵᠢ ᠠᠴᠠ ᠣᠶᠢᠷ᠎ᠠ ᠶᠢᠨ ᠬᠡᠳᠦᠨ ᠵᠢᠯ ᠤᠨ ᠡᠯᠰᠡᠭᠰᠡᠨ ᠬᠤᠪᠢ ᠶᠢᠨ ᠪᠠᠶᠢᠳᠠᠯ ᠢ ᠣᠯᠵᠤ ᠮᠡᠳᠡᠵᠦ ᠪᠣᠯᠤᠨ᠎ᠠ᠄ | ︵1︶ ᠰᠢᠯᠭᠠᠭᠰᠠᠳ ᠤᠨ ᠪᠠᠶᠢᠭ᠎ᠠ ᠮᠤᠵᠢ ᠶᠢᠨ ᠰᠤᠷᠤᠭᠴᠢ ᠡᠯᠰᠡᠬᠦ ᠠᠯᠪᠠᠨ ᠭᠡᠷ ᠤᠨ ᠲᠤᠰ ᠵᠢᠯ ᠤᠨ | ᠪᠠᠭᠤᠯᠭᠠᠭᠰᠠᠨ ︽ᠡᠩ ᠤᠨ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠬᠤᠪᠢ ᠶᠢᠨ ᠲᠠᠷᠬᠠᠯᠲᠠ ᠶᠢᠨ | ᠪᠦᠷᠢᠳᠬᠡᠯ ᠤᠨ ᠮᠠᠲ᠋ᠧᠷᠢᠶᠠᠯ︾ ᠢᠶᠠᠷ ᠳᠠᠮᠵᠢᠨ ᠪᠠᠶᠢᠴᠠᠭᠠᠨ ᠡᠷᠢᠵᠦ ᠪᠣᠯᠤᠨ᠎ᠠ᠃ | ︵2︶ ᠲᠤᠰ ᠮᠤᠵᠢ ᠶᠢᠨ ᠰᠤᠷᠤᠭᠴᠢ ᠡᠯᠰᠡᠬᠦ ᠠᠯᠪᠠᠨ ᠭᠡᠷ ᠤᠨ ᠬᠠᠩᠭᠠᠭᠰᠠᠨ ᠡᠷᠡᠮᠡᠯᠵᠡᠯ ᠲᠠᠭᠯᠠᠬᠤ | ᠬᠠᠪᠰᠤᠷᠤᠭ᠎ᠠ ᠰᠢᠰᠲ᠋ᠧᠮ ᠢ ᠠᠰᠢᠭᠯᠠᠨ ᠪᠠᠶᠢᠴᠠᠭᠠᠵᠤ ᠪᠣᠯᠤᠨ᠎ᠠ ᠃ | ︵3︶ ᠶᠡᠭᠡ ᠳᠡᠭᠡᠳᠦ ᠰᠤᠷᠭᠠᠭᠤᠯᠢ ᠶᠢᠨ ᠠᠯᠪᠠᠨ ᠤ ᠰᠦᠯᠵᠢᠶ᠎ᠡ ᠶᠢᠨ ᠨᠡᠶᠢᠲᠡᠯᠡᠭᠰᠡᠨ ᠥᠩᠭᠡᠷᠡᠭᠰᠡᠨ | ᠵᠢᠯ ᠤᠳ ᠤᠨ ᠬᠤᠪᠢ ᠶᠢᠨ ᠮᠡᠳᠡᠭᠡ ᠵᠠᠩᠭᠢ ᠠᠴᠠ ᠪᠠᠶᠢᠴᠠᠭᠠᠵᠤ ᠪᠣᠯᠤᠨ᠎ᠠ ᠃ | ︵4︶ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠠᠯᠠᠭ᠎ᠠ ᠮᠥᠴᠢᠷ ᠠᠴᠠ ᠰᠢᠭᠤᠳ | ᠠᠰᠠᠭᠤᠨ ᠯᠠᠪᠯᠠᠵᠤ ᠪᠣᠯᠤᠨ᠎ᠠ ᠃ | ᠠᠰᠠᠭᠤᠯᠲᠠ 3 ᠄ ᠤᠷᠢᠳᠴᠢᠯᠠᠨ ᠡᠯᠰᠡᠯᠲᠡ ᠳᠤ ᠵᠦᠪᠰᠢᠶᠡᠷᠡᠭᠳᠡᠭᠰᠡᠨ ᠤ ᠳᠠᠷᠠᠭ᠎ᠠ᠂ ᠪᠠᠰᠠ ᠪᠤᠰᠤᠳ | ᠪᠦᠯᠦᠭ ᠤᠳᠠᠭ᠎ᠠ ᠶᠢᠨ ᠡᠯᠰᠡᠯᠲᠡ ᠳᠤ ᠣᠷᠣᠯᠴᠠᠵᠤ ᠪᠣᠯᠣᠨ᠎ᠠ ᠤᠤ︖ | ᠬᠠᠷᠢᠭᠤᠯᠲᠠ᠄ ᠪᠣᠯᠬᠤ ᠦᠭᠡᠢ᠃ ᠲᠣᠭᠲᠠᠭᠠᠯ ᠶᠣᠰᠣᠭᠠᠷ᠂ ᠰᠢᠯᠭᠠᠭᠤᠯᠤᠭᠴᠢ ᠨᠢᠭᠡᠪᠦᠷᠢ ᠨᠢᠭᠡ ᠯᠡ | ᠤᠳᠠᠭ᠎ᠠ ᠶᠢᠨ ᠡᠯᠰᠡᠯᠲᠡ ᠳᠤ ᠣᠷᠣᠯᠴᠠᠬᠤ ᠪᠥᠭᠡᠳ ᠡᠯᠰᠡᠯᠲᠡ ᠪᠠᠨ ᠰᠣᠯᠢᠵᠤ ᠪᠣᠯᠬᠤ ᠥᠬᠡᠶ᠃ | ᠠᠰᠠᠭᠤᠯᠲᠠ 4 ᠄ ᠬᠡᠷᠪᠡ ᠤᠷᠢᠳᠴᠢᠯᠠᠨᠡᠯᠰᠡᠬᠦ ᠳᠤ ᠵᠦᠪᠰᠢᠶᠡᠷᠡᠭᠳᠡᠭᠰᠡᠨ ᠦᠭᠡᠢ ᠪᠣᠯ ᠨᠢᠭᠡᠳᠦᠭᠡᠷ | ᠪᠦᠯᠦᠭ ᠤᠨ ᠡᠯᠰᠡᠯᠲᠡ ᠶᠢ ᠨᠥᠯᠥᠭᠡᠯᠡᠨ᠎ᠡ ᠦᠦ︖ | ᠬᠠᠷᠢᠭᠤᠯᠲᠠ᠄ ᠨᠦᠯᠦᠭᠡᠯᠡᠬᠦ ᠦᠭᠡᠢ᠃ ᠪᠦᠯᠦᠭ ᠤᠳᠠᠭ᠎ᠠ ᠶᠢᠨ ᠬᠤᠭᠤᠷᠣᠨᠳᠣ ᠬᠠᠷᠢᠴᠠᠭ᠎ᠠ ᠬᠤᠯᠪᠣᠭ᠎ᠠ | ᠦᠭᠡᠶ᠂ ᠳᠡᠭᠡᠷ᠎ᠡ ᠨᠢᠭᠡ ᠪᠦᠯᠦᠭ ᠡᠯᠰᠡᠯᠲᠡ ᠳᠠᠭᠤᠰᠬᠤ ᠦᠭᠡᠶ ᠪᠣᠯ ᠳᠠᠷᠠᠭ᠎ᠠ ᠨᠢᠭᠡ ᠪᠦᠯᠦᠭ ᠤᠨ ᠡᠯᠰᠡᠯᠲᠡ ᠡᠬᠢᠯᠡᠬᠦ | ᠦᠭᠡᠶ᠃ | ᠠᠰᠠᠭᠤᠯᠲᠠ 5᠄ ᠤᠷᠢᠳᠴᠢᠯᠠᠨ ᠡᠯᠰᠡᠯᠲᠡ ᠳᠤ ᠬᠡᠳᠦᠨ ᠡᠷᠡᠮᠡᠯᠵᠡᠯ ᠲᠠᠭᠯᠠᠵᠤ ᠪᠣᠯᠬᠤ ᠪᠤᠢ ︖ | ᠬᠠᠷᠢᠭᠤᠯᠲᠠ ᠄ ᠤᠷᠢᠳᠴᠢᠯᠠᠨ ᠡᠯᠰᠡᠯᠲᠡ ᠳᠤ ᠬᠡᠳᠦᠨ ᠡᠷᠡᠮᠡᠯᠵᠡᠯ ᠲᠠᠭᠯᠠᠵᠤ ᠪᠣᠯᠬᠤ ᠲᠤᠬᠠᠢ᠂ ᠡᠯ᠎ᠡ | ᠮᠣᠵᠢ ᠶᠢᠨ ᠬᠢᠨ ᠠᠳᠠᠯᠢ ᠦᠭᠡᠢ᠃ ᠰᠢᠯᠭᠠᠭᠤᠯᠤᠭᠰᠠᠳ ᠤᠨ ᠪᠠᠶᠢᠭ᠎ᠠ ᠮᠤᠵᠢ ᠨᠢ ᠬᠡᠳᠦᠨ ᠡᠷᠡᠮᠡᠯᠵᠡᠯ ᠲᠠᠭᠯᠠᠵᠤ | ᠪᠣᠯᠬᠤ ᠨᠢ ᠲᠣᠰ ᠮᠤᠵᠢ ᠶᠢᠨ ᠡᠷᠡᠮᠡᠯᠵᠡᠯ ᠤᠨ ᠲᠣᠬᠢᠷᠠᠭᠤᠯᠤᠯᠲᠠ ᠪᠠᠷ ᠲᠣᠭᠲᠠᠭᠠᠭᠳᠠᠨ᠎ᠠ ᠂ ᠪᠣᠳᠠᠲᠠᠶ ᠤᠴᠢᠷ | ᠶᠠᠪᠤᠳᠠᠯ ᠢ ᠰᠢᠭᠤᠳ ᠰᠢᠯᠭᠠᠭᠤᠯᠤᠭᠴᠢ ᠶᠢᠨ ᠪᠠᠶᠢᠭ᠎ᠠ ᠮᠤᠵᠢ ᠶᠢᠨ ᠰᠣᠷᠣᠭᠴᠢ ᠡᠯᠰᠡᠬᠦ ᠪᠤᠶᠤ ᠣᠷᠣᠨ ᠨᠤᠲᠤᠭ ᠤᠨ | ᠰᠤᠷᠤᠭᠴᠢ ᠡᠯᠰᠡᠬᠦ ᠠᠯᠪᠠᠨ ᠬᠡᠷ ᠠᠴᠠ ᠰᠢᠭᠤᠳ ᠠᠰᠠᠭᠤᠭᠠᠷᠠᠢ᠃ | ᠠᠰᠠᠭᠤᠯᠲᠠ 6᠄ ᠵᠡᠷᠭᠡᠴᠡᠭᠡ ᠡᠷᠡᠮᠡᠯᠵᠡᠯ 105% ᠶᠢᠨ ᠲᠠᠩᠰᠠ ᠡᠪᠬᠡᠮᠡᠯ ᠲᠤᠰᠢᠶᠠᠬᠤ ᠳᠤ ᠳᠠᠩᠰᠠ | ᠪᠤᠴᠠᠭᠠᠬᠤ ᠲᠦᠭᠰᠢᠭᠦᠷᠢ ᠤᠷᠤᠰᠢᠨ᠎ᠠ ᠤᠤ︖ | ᠬᠠᠷᠢᠭᠤᠯᠲᠠ ᠄ ᠮᠥᠨ ᠯᠡ ᠳᠠᠩᠰᠠ ᠪᠤᠴᠠᠭᠠᠬᠤ ᠲᠦᠭᠰᠢᠭᠦᠷᠢ ᠣᠷᠤᠰᠢᠨ᠎ᠠ᠂ ᠡᠭᠦᠨ ᠤ ᠭᠤᠣᠯ | ᠰᠢᠯᠲᠠᠭᠠᠨ ᠨᠢ᠄ | ︵1︶ ᠳᠡᠭᠡᠳᠦ ᠰᠤᠷᠭᠠᠭᠤᠯᠢ ᠨᠢ ᠰᠤᠷᠭᠠᠭᠤᠯᠢ ᠶᠢᠨ ᠪᠣᠳᠠᠲᠠᠢ ᠬᠡᠷᠡᠭᠴᠡᠭᠡ ᠪᠠᠨ ᠦᠨᠳᠦᠰᠦᠯᠡᠨ᠂ | ᠰᠤᠷᠤᠭᠴᠢ ᠡᠯᠰᠡᠬᠦ ᠳᠦᠷᠢᠮ ᠳᠤ ᠵᠣᠬᠢᠬᠤ ᠬᠡᠮᠵᠢᠶᠡᠨ ᠤ ᠣᠨᠴᠠᠭᠠᠢ ᠱᠠᠭᠠᠷᠳᠠᠯᠭ᠎ᠠ ᠲᠣᠭᠲᠠᠭᠠᠵᠤ ᠮᠡᠳᠡᠨ᠎ᠡ᠂ ᠳᠡᠭᠡᠳᠦ | ᠰᠤᠷᠭᠠᠭᠤᠯᠢ ᠶᠢᠨ ᠬᠢᠨ ᠰᠤᠷᠤᠭᠴᠢ ᠡᠯᠰᠡᠬᠦ ᠲᠣᠪᠴᠢ ᠳᠦᠷᠢᠮ ᠤᠨ ᠶᠣᠰᠣᠭᠠᠷ ᠰᠤᠷᠤᠭᠴᠢ ᠡᠯᠰᠡᠬᠦ ᠶᠢ ᠬᠢᠨᠠᠨ | ᠬᠠᠷᠭᠤᠭᠤᠯᠵᠤ᠂ ᠱᠠᠭᠠᠷᠳᠠᠯᠭ᠎ᠠ ᠳᠤ ᠨᠡᠶᠢᠴᠡᠬᠦ ᠦᠭᠡᠢ ᠰᠢᠯᠭᠠᠭᠤᠯᠤᠭᠰᠠᠳ ᠤᠨ ᠳᠠᠩᠰᠠ ᠡᠪᠬᠡᠮᠡᠯ ᠢ ᠨᠢ ᠪᠤᠴᠠᠭᠠᠨ᠎ᠠ︔ | | ︵2︶ ᠰᠢᠯᠭᠠᠭᠤᠯᠤᠭᠴᠢ ᠶᠢᠨ ᠶᠡᠷᠦᠩᠬᠡᠶ ᠬᠤᠪᠢ ᠨᠢ ᠶᠡᠭᠡ ᠳᠡᠭᠡᠳᠦ ᠰᠤᠷᠭᠠᠭᠤᠯᠢ ᠶᠢᠨ ᠰᠣᠷᠣᠭᠴᠢ | ᠡᠯᠰᠡᠬᠦ ᠲᠠᠩᠰᠠ ᠡᠪᠬᠡᠮᠡᠯ ᠳᠤ ᠬᠦᠷᠦᠭᠰᠡᠨ ᠪᠣᠯᠪᠠᠴᠤ ᠮᠡᠳᠡᠭᠦᠯᠦᠭᠰᠡᠨ ᠲᠤᠰᠬᠠᠶ ᠮᠡᠷᠭᠡᠵᠢᠯ ᠤᠨ ᠡᠯᠰᠡᠬᠦ ᠬᠤᠪᠢ ᠶᠢᠨ | ᠬᠢᠵᠠᠭᠠᠷ ᠲᠤ ᠬᠦᠷᠦᠭᠰᠡᠨ ᠥᠬᠡᠶ ᠪᠥᠭᠡᠳ ᠪᠠᠰᠠ ᠲᠣᠬᠢᠷᠠᠭᠤᠯᠤᠯᠲᠠ ᠶᠢ ᠳᠠᠭᠠᠬᠤ ᠥᠬᠡᠶ ᠪᠣᠯ ᠂ ᠳᠡᠭᠡᠳᠦ | ᠰᠤᠷᠭᠠᠭᠤᠯᠢ ᠠᠴᠠ ᠲᠠᠩᠰᠠ ᠡᠪᠬᠡᠮᠡᠯ ᠢ ᠨᠢ ᠪᠤᠴᠠᠭᠠᠨ᠎ᠠ ︔ | ︵3︶ ᠪᠡᠶ᠎ᠡ ᠮᠠᠬᠠᠪᠣᠳ ᠤᠨ ᠨᠥᠬᠦᠴᠡᠯ᠂ ᠭᠠᠳᠠᠭᠠᠳᠤ ᠬᠡᠯᠡᠨ ᠤ ᠲᠥᠷᠥᠯ᠂ ᠳᠠᠩ ᠬᠢᠴᠢᠶᠡᠯ ᠤᠨ ᠬᠢᠷᠢ | ᠪᠦᠲᠦᠮᠵᠢ᠂ ᠬᠦᠢᠰᠦ ᠶᠢᠨ ᠢᠯᠭᠠᠯ ᠵᠡᠷᠭᠡ ᠨᠢ ᠮᠡᠳᠡᠭᠦᠯᠦᠭᠰᠡᠨ ᠲᠤᠰᠬᠠᠶ ᠮᠡᠷᠭᠡᠵᠢᠯ ᠤᠨ ᠱᠠᠭᠠᠷᠳᠠᠯᠭ᠎ᠠ ᠳᠤ ᠨᠡᠶᠢᠴᠡᠬᠦ | ᠦᠭᠡᠢ ᠪᠣᠯ ᠳᠡᠭᠡᠳᠦ ᠰᠤᠷᠭᠠᠭᠤᠯᠢ ᠠᠴᠠ ᠲᠠᠩᠰᠠ ᠡᠪᠬᠡᠮᠡᠯ ᠢ ᠨᠢ ᠪᠤᠴᠠᠭᠠᠨ᠎ᠠ ᠃ ᠡᠶᠢᠮᠦ ᠠᠴᠠ ᠡᠷᠡᠮᠡᠯᠵᠡᠯ | ᠲᠠᠭᠯᠠᠬᠤ ᠠᠴᠠ ᠡᠮᠦᠨ᠎ᠡ᠂ ᠰᠢᠯᠭᠠᠭᠤᠯᠤᠭᠴᠢ ᠳᠡᠭᠡᠳᠦ ᠰᠤᠷᠭᠠᠭᠤᠯᠢ ᠶᠢᠨ ᠰᠣᠷᠣᠭᠴᠢ ᠡᠯᠰᠡᠬᠦ ᠲᠦᠷᠢᠮ ᠢ ᠬᠢᠨᠠᠮᠠᠭᠠᠶ | ᠰᠤᠳᠤᠯᠤᠨ ᠤᠩᠰᠢᠭᠠᠷᠠᠢ ᠃ | ᠠᠰᠠᠭᠤᠯᠲᠠ 7 ᠄ ᠮᠢᠨᠦ ᠬᠤᠪᠢ ︵610 ᠬᠤᠪᠢ︶ ᠮᠢᠨᠦ ᠬᠠᠮᠲᠤ ᠰᠤᠷᠤᠯᠭᠠᠲᠠᠨ ︵ 607 ᠬᠤᠪᠢ︶ | ᠠᠴᠠ ᠥᠨᠳᠥᠷ᠂ ᠲᠠᠭᠯᠠᠭᠰᠠᠨ ᠡᠷᠡᠮᠡᠯᠵᠡᠯ ᠨᠢ ᠠᠳᠠᠯᠢ᠂ ᠵᠡᠷᠭᠡᠴᠡᠭᠡ ᠡᠷᠡᠮᠡᠯᠵᠡᠯ ᠢᠶᠠᠨ ᠪᠢ A ᠰᠤᠷᠭᠠᠭᠤᠯᠢ ᠳᠤ | ᠲᠠᠭᠯᠠᠵᠤ ᠂ ᠲᠡᠷᠡ B ᠰᠤᠷᠭᠠᠭᠤᠯᠢ ᠳᠤ ᠲᠠᠭᠯᠠᠪᠠ ᠂ ᠪᠢ A ᠰᠤᠷᠭᠠᠭᠤᠯᠢ ᠠᠴᠠ ᠳᠠᠩᠰᠠ ᠡᠪᠬᠡᠮᠡᠯ ᠪᠤᠴᠠᠭᠠᠭᠳᠠᠵᠤ ᠂ | ᠶᠠᠭᠤᠨ ᠳᠤ ᠮᠢᠨᠦ ᠬᠠᠮᠲᠤ ᠰᠤᠷᠤᠭᠴᠢ ᠨᠠᠳᠠ ᠠᠴᠠ ᠳᠣᠣᠷ᠎ᠠ ᠬᠤᠪᠢ ᠪᠠᠷ B ᠰᠤᠷᠭᠠᠭᠤᠯᠢ ᠳᠤ ᠡᠯᠰᠡᠭᠳᠡᠭᠰᠡᠨ ᠪᠣᠢ᠂ | ᠲᠥᠪ ᠭᠤᠣᠯᠴᠢ ᠦᠦ︖ | ᠬᠠᠷᠢᠭᠤᠯᠲᠠ᠄ ᠲᠠᠨ ᠤ ᠶᠠᠷᠢᠭᠰᠠᠨ ᠢᠶᠠᠷ᠂ ᠡᠨᠡ ᠡᠯᠰᠡᠯᠲᠡ ᠲᠥᠪ ᠭᠤᠣᠯᠴᠢ ᠃ ᠵᠡᠷᠭᠡᠴᠡᠭᠡ | ᠡᠷᠡᠮᠡᠯᠵᠡᠯ ᠤᠨ ᠲᠠᠯ᠎ᠠ ᠪᠠᠷ ︽ᠬᠤᠪᠢ ᠶᠢ ᠲᠡᠷᠢᠭᠦᠨ ᠳᠤ ᠲᠠᠯᠪᠢᠵᠤ᠂ ᠡᠷᠡᠮᠡᠯᠵᠡᠯ ᠢ ᠵᠢᠷᠤᠮᠯᠠᠬᠤ᠂ ᠨᠢᠭᠡᠳᠦᠭᠡᠷ | ᠡᠭᠡᠯᠵᠢ ᠶᠢᠨ ᠳᠠᠩᠰᠠ ᠡᠪᠬᠡᠮᠡᠯ ᠢ ᠲᠤᠰᠢᠶᠠᠬᠤ︾ ᠵᠠᠷᠴᠢᠮ ᠶᠣᠰᠣᠭᠠᠷ ᠳᠠᠩᠰᠠ ᠡᠪᠬᠡᠮᠡᠯ ᠳᠤ ᠣᠷᠤᠭᠤᠯᠤᠨ᠎ᠠ ᠃ ᠴᠢ | ᠬᠡᠳᠦᠶᠢᠪᠡᠷ ᠲᠡᠭᠦᠨ ᠠᠴᠠ ᠬᠤᠪᠢ ᠥᠨᠳᠥᠷ ᠪᠣᠯᠪᠠᠴᠤ᠂ ᠵᠡᠷᠭᠡᠴᠡᠭᠡ ᠡᠷᠡᠮᠡᠯᠵᠡᠯ ᠤᠨ ᠳᠦᠷᠢᠮ ᠶᠣᠰᠣᠭᠠᠷ A | ᠰᠤᠷᠭᠠᠭᠤᠯᠢ ᠳᠠᠩᠰᠠ ᠲᠤᠰᠢᠶᠠᠪᠠ ᠂ ᠭᠡᠪᠡᠴᠦ ᠳᠠᠩᠰᠠ ᠡᠪᠬᠡᠮᠡᠯ ᠪᠤᠴᠠᠭᠠᠭᠳᠠᠪᠠ ᠂ ᠵᠡᠷᠭᠡᠴᠡᠭᠡ ᠡᠷᠡᠮᠡᠯᠵᠡᠯ ᠤᠨ ᠡᠯᠰᠡᠬᠦ | ᠳᠦᠷᠢᠮ ᠨᠢ ᠨᠢᠭᠡᠳᠦᠭᠡᠷ ᠡᠭᠡᠯᠵᠢ ᠶᠢᠨ ᠳᠠᠩᠰᠠ ᠡᠪᠬᠡᠮᠡᠯ ᠢᠶᠠᠷ ᠡᠯᠰᠡᠨ᠎ᠡ ᠂ ᠡᠶᠢᠮᠦ ᠠᠴᠠ ᠳᠠᠩᠰᠠ ᠡᠪᠬᠡᠮᠡᠯ | ᠪᠤᠴᠠᠭᠠᠭᠳᠠᠭᠰᠠᠨ ᠤ ᠳᠠᠷᠠᠭ᠎ᠠ ᠳᠠᠬᠢᠨ ᠪᠤᠰᠤᠳ ᠶᠡᠭᠡ ᠰᠤᠷᠭᠠᠭᠤᠯᠢ ᠳᠤ ᠳᠠᠩᠰᠠ ᠡᠪᠬᠡᠮᠡᠯ ᠲᠤᠰᠢᠶᠠᠵᠤ ᠪᠣᠯᠬᠤ | ᠦᠭᠡᠢ ᠪᠣᠯᠵᠠᠢ᠃ ᠥᠭᠡᠷ᠎ᠡ ᠪᠠᠷ ᠬᠡᠯᠡᠪᠡᠯ᠂ ᠲᠠᠨ ᠤ ᠳᠠᠩᠰᠠ ᠡᠪᠬᠡᠮᠡᠯ ᠢ ᠰᠤᠷᠭᠠᠭᠤᠯᠢ ᠳᠤ ᠲᠤᠰᠢᠶᠠᠬᠤ ᠦᠶ᠎ᠡ ᠳᠤ᠂ | ᠨᠢᠭᠡᠳᠦᠭᠡᠷ ᠡᠭᠡᠯᠵᠢ ᠶᠢᠨ ᠳᠠᠩᠰᠠ ᠡᠪᠬᠡᠮᠡᠯ ᠲᠤᠰᠢᠶᠠᠬᠤ ᠨᠢᠭᠡᠨᠲᠡ ᠳᠠᠭᠤᠰᠴᠠᠢ᠂ ᠵᠥᠪᠬᠡᠨ ᠡᠯᠰᠡᠬᠦ ᠡᠷᠡᠮᠡᠯᠵᠡᠯ ᠪᠤᠶᠤ | ᠳᠠᠷᠠᠭ᠎ᠠ ᠨᠢᠭᠡ ᠡᠭᠡᠯᠵᠢ ᠶᠢᠨ ᠡᠯᠰᠡᠯᠲᠡ ᠳᠤ ᠣᠷᠤᠯᠴᠠᠨ᠎ᠠ᠃ ᠡᠷᠡᠮᠡᠯᠵᠡᠯ ᠲᠠᠭᠯᠠᠬᠤ ᠠᠴᠠ ᠡᠮᠦᠨ᠎ᠡ ᠡᠯᠰᠡᠯᠲᠡ ᠶᠢᠨ | ᠳᠦᠷᠢᠮ ᠢ ᠵᠠᠪᠠᠯ ᠨᠠᠷᠢᠨ ᠬᠢᠨᠠᠮᠠᠭᠠᠶ ᠰᠤᠳᠤᠯᠤᠨ ᠤᠩᠰᠢᠭᠠᠷᠠᠢ ᠃ | ᠠᠰᠠᠭᠤᠯᠲᠠ 8 ᠄ ᠪᠢ ᠨᠢᠭᠡ ᠳᠡᠭᠡᠳᠦ ᠰᠤᠷᠭᠠᠭᠤᠯᠢ ᠳᠤ ᠡᠯᠰᠡᠭᠳᠡᠵᠡᠢ᠂ ᠭᠡᠪᠡᠴᠦ ᠣᠴᠢᠬᠤ ᠰᠠᠨᠠᠭ᠎ᠠ | ᠦᠭᠡᠢ᠂ ᠳᠠᠩᠰᠠ ᠡᠪᠬᠡᠮᠡᠯ ᠢᠶᠠᠨ ᠪᠤᠴᠠᠭᠠᠨ ᠭᠠᠷᠭᠠᠵᠤ ᠳᠠᠷᠠᠭ᠎ᠠ ᠨᠢᠭᠡ ᠡᠭᠡᠯᠵᠢ ᠶᠢᠨ ᠡᠯᠰᠡᠯᠲᠡ ᠳᠤ ᠣᠷᠣᠯᠴᠠᠵᠤ | ᠪᠣᠯᠣᠨ᠎ᠠ ᠤᠤ︖ ᠣᠴᠢᠬᠤ ᠦᠭᠡᠢ ᠪᠣᠯ ᠶᠠᠭᠠᠬᠢᠳᠠᠭ ᠪᠤᠢ ︖ | ᠬᠠᠷᠢᠭᠤᠯᠲᠠ᠄ ︵1︶ ᠪᠣᠯᠬᠤ ᠦᠭᠡᠢ ᠂ ᠲᠣᠭᠲᠠᠭᠠᠯ ᠶᠣᠰᠣᠭᠠᠷ᠂ ᠰᠢᠯᠭᠠᠭᠤᠯᠤᠭᠴᠢ ᠨᠢᠭᠡᠪᠦᠷᠢ ᠨᠢᠭᠡ ᠯᠡ | ᠤᠳᠠᠭ᠎ᠠ ᠶᠢᠨ ᠡᠯᠰᠡᠯᠲᠡ ᠳᠤ ᠣᠷᠣᠯᠴᠠᠬᠤ ᠪᠥᠭᠡᠳ ᠡᠯᠰᠡᠯᠲᠡ ᠪᠠᠨ ᠰᠣᠯᠢᠵᠤ ᠪᠣᠯᠬᠤ ᠥᠬᠡᠶ᠃ ᠲᠠ ᠨᠢᠭᠡᠨᠲᠡ | ᠳᠡᠭᠡᠳᠦ ᠰᠤᠷᠭᠠᠭᠤᠯᠢ ᠳᠤ ᠡᠯᠰᠡᠭᠳᠡᠭᠰᠡᠨ ᠪᠠᠶᠢᠪᠠᠯ ᠂ ᠳᠠᠬᠢᠨ ᠡᠯᠰᠡᠯᠲᠡ ᠳᠤ ᠣᠷᠣᠯᠴᠠᠵᠤ ᠪᠣᠯᠬᠤ ᠦᠭᠡᠢ᠃ ︵2︶ | ᠰᠢᠯᠭᠠᠭᠤᠯᠤᠭᠴᠢ ᠶᠢᠨ ᠲᠠᠭᠯᠠᠨ ᠮᠡᠳᠡᠭᠦᠯᠦᠭᠰᠡᠨ ᠡᠷᠡᠮᠡᠯᠵᠡᠯ ᠪᠣᠯ ᠶᠡᠭᠡ ᠳᠡᠭᠡᠳᠦ ᠰᠤᠷᠭᠠᠭᠤᠯᠢ ᠶᠢ ᠵᠥᠪᠰᠢᠶᠡᠷᠡᠬᠦ | ᠶᠠᠪᠤᠳᠠᠯ ᠮᠥᠨ᠂ ᠥᠪᠡᠷ ᠤᠨ ᠬᠦᠰᠡᠯ ᠰᠠᠨᠠᠭ᠎ᠠ ᠪᠠᠨ ᠦᠨᠳᠦᠰᠦᠯᠡᠨ ᠬᠢᠭᠰᠡᠨ ᠰᠣᠩᠭᠤᠯᠲᠠ ᠮᠥᠨ᠂ ᠪᠠᠰᠠ ᠴᠤ | ᠥᠪᠡᠷ ᠢᠶᠠᠨ ᠠᠮᠠᠯᠠᠭᠰᠠᠨ ᠶᠡᠭᠡ ᠳᠡᠭᠡᠳᠦ ᠰᠤᠷᠭᠠᠭᠤᠯᠢ ᠲᠠᠢ ᠨᠢᠭᠡ ᠵᠦᠢᠯ ᠤᠨ ᠪᠣᠯᠵᠣᠨ ᠲᠣᠭᠲᠠᠭᠰᠠᠨ ᠵᠦᠢᠯ ᠮᠥᠨ᠃ | ᠬᠡᠷᠪᠡ ᠣᠴᠢᠬᠤ ᠦᠭᠡᠢ ᠪᠣᠯ ᠡᠨᠡ ᠳᠡᠭᠡᠳᠦ ᠰᠤᠷᠭᠠᠭᠤᠯᠢ ᠶᠢ ᠲᠠᠭᠯᠠᠬᠤ ᠦᠭᠡᠢ ᠪᠠᠶᠢᠬᠤ ᠶᠣᠰᠤᠲᠠᠢ᠃ ᠥᠨᠳᠥᠷ | ᠳᠤᠮᠳᠠᠳᠤ ᠶᠢᠨ ᠰᠤᠷᠤᠭᠴᠢ ᠪᠣᠯᠤᠭᠰᠠᠨ ᠤ ᠬᠤᠪᠢ ᠳᠤ ᠦᠨᠡᠨᠴᠢ ᠢᠲᠡᠭᠡᠮᠵᠢ ᠶᠢᠨ ᠠᠮᠠᠯᠠᠯᠲᠠ ᠪᠠᠨ ᠵᠢᠷᠤᠮᠯᠠᠬᠤ | ᠬᠡᠷᠡᠭᠲᠡᠢ᠃ ᠣᠳᠣᠬᠠᠨ ᠳᠤ ᠵᠠᠷᠢᠮ ᠮᠤᠵᠢ ᠣᠷᠣᠨ ᠠᠮᠠᠯᠠᠯᠲᠠ ᠪᠠᠨ ᠰᠠᠬᠢᠬᠤ ᠦᠭᠡᠢ᠂ ᠡᠯᠰᠡᠭᠳᠡᠵᠦ ᠨᠡᠷ᠎ᠡ | ᠮᠡᠳᠡᠭᠦᠯᠦᠭᠰᠡᠨ ᠦᠭᠡᠢ ᠰᠢᠯᠭᠠᠭᠤᠯᠤᠭᠴᠢ ᠳᠤ ᠵᠠᠯᠬᠠᠭᠠᠨ ᠰᠢᠢᠳᠬᠡᠬᠦ ᠲᠣᠭᠲᠠᠭᠠᠯ ᠲᠠᠢ᠂ ᠰᠢᠯᠭᠠᠭᠤᠯᠤᠭᠴᠢ ᠶᠢᠨ | ᠪᠠᠶᠢᠭ᠎ᠠ ᠮᠤᠵᠢ ᠳᠤ ᠡᠨᠡ ᠬᠦ ᠲᠣᠭᠲᠠᠭᠠᠯ ᠪᠠᠶᠢᠬᠤ ᠡᠰᠡᠬᠦ ᠳᠤ ᠮᠤᠵᠢ ᠶᠢᠨ ᠰᠤᠷᠤᠭᠴᠢ ᠡᠯᠰᠡᠬᠦ ᠠᠯᠪᠠᠨ ᠭᠡᠷ ᠪᠤᠶᠤ | ᠣᠷᠣᠨ ᠨᠤᠲᠤᠭ ᠤᠨ ᠰᠤᠷᠤᠭᠴᠢ ᠡᠯᠰᠡᠬᠦ ᠠᠯᠪᠠᠨ ᠭᠡᠷ ᠠᠴᠠ ᠰᠢᠭᠤᠳ ᠠᠰᠠᠭᠤᠭᠠᠷᠠᠢ ᠃ | ᠠᠰᠠᠭᠤᠯᠲᠠ 9᠄ ︽ᠵᠥᠪᠬᠡᠨ ᠲᠤᠰᠬᠠᠢ ᠮᠡᠷᠭᠡᠵᠢᠯ ᠤᠨ ᠡᠷᠡᠮᠡᠯᠵᠡᠯ ᠲᠠᠢ ᠰᠢᠯᠭᠠᠭᠤᠯᠤᠭᠴᠢ ᠶᠢ ᠡᠯᠰᠡᠬᠦ︾ | ᠭᠡᠳᠡᠭ ᠨᠢ ᠶᠠᠮᠠᠷ ᠤᠳᠬ᠎ᠠ ᠲᠠᠢ ᠪᠣᠢ︖ | ᠬᠠᠷᠢᠭᠤᠯᠲᠠ᠄ ︽ᠵᠥᠪᠬᠡᠨ ᠲᠤᠰᠬᠠᠶ ᠮᠡᠷᠭᠡᠵᠢᠯ ᠤᠨ ᠡᠷᠡᠮᠡᠯᠵᠡᠯ ᠲᠠᠢ ᠰᠢᠯᠭᠠᠭᠤᠯᠤᠭᠴᠢ ᠶᠢ ᠡᠯᠰᠡᠬᠦ︾ | ᠭᠡᠳᠡᠭ ᠨᠢ ᠰᠤᠷᠭᠠᠭᠤᠯᠢ ᠶᠢᠨ ᠶᠠᠮᠠᠷ ᠨᠢᠭᠡᠨ ᠲᠤᠰᠬᠠᠶ ᠮᠡᠷᠭᠡᠵᠢᠯ ᠨᠢ ᠵᠥᠪᠬᠡᠨ ᠲᠣᠰ ᠲᠤᠰᠬᠠᠶ ᠮᠡᠷᠭᠡᠵᠢᠯ ᠤᠨ | ᠡᠷᠡᠮᠡᠯᠵᠡᠯ ᠲᠠᠭᠯᠠᠭᠰᠠᠨ ᠰᠢᠯᠭᠠᠭᠤᠯᠤᠭᠴᠢ ᠡᠯᠰᠡᠵᠦ᠂ ᠲᠣᠰ ᠲᠤᠰᠬᠠᠶ ᠮᠡᠷᠭᠡᠵᠢᠯ ᠤᠨ ᠡᠷᠡᠮᠡᠯᠵᠡᠯ ᠲᠠᠭᠯᠠᠭᠰᠠᠨ ᠦᠭᠡᠢ | ᠰᠢᠯᠭᠠᠭᠤᠯᠤᠭᠴᠢ ᠶᠢ ᠡᠯᠰᠡᠬᠦ ᠦᠭᠡᠢ ᠃ ᠰᠢᠯᠭᠠᠭᠰᠠᠳ ᠬᠡᠳᠦᠶᠢᠪᠡᠷ ᠲᠣᠬᠢᠷᠠᠭᠤᠯᠤᠯᠲᠠ ᠶᠢ ᠳᠠᠭᠠᠭᠰᠠᠨ ᠴᠤ ᠡᠳᠡᠭᠡᠷ | ᠲᠤᠰᠬᠠᠢ ᠮᠡᠷᠭᠡᠵᠢᠯ ᠳᠤ ᠡᠯᠰᠡᠭᠳᠡᠬᠦ ᠦᠭᠡᠢ᠃ | ᠠᠰᠠᠭᠤᠯᠲᠠ 10 ᠄ ᠵᠡᠷᠭᠡᠴᠡᠭᠡ ᠡᠷᠡᠮᠡᠯᠵᠡᠯ ᠨᠢ ᠲᠤᠰ ᠲᠤᠰ ᠮᠢᠨᠤ ᠲᠠᠭᠯᠠᠭᠰᠠᠨ ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠤᠭᠤᠢᠢᠯᠠᠩ ᠳᠤ ᠲᠤᠰ ᠲᠤᠰ ᠬᠦᠷᠴᠤ᠂ ᠲᠠᠷᠠᠭ᠎ᠠ ᠨᠢ ᠪᠢ ᠨᠢᠭᠡ ᠶᠢ ᠨᠢ | ᠰᠣᠩᠭᠤᠬᠤ ᠭᠡᠰᠡᠨ ᠤᠳᠬ᠎ᠠ ᠦᠦ ︖ | ᠬᠠᠷᠢᠭᠤᠯᠲᠠ ᠄ ᠪᠢᠰᠢ᠃ ᠵᠡᠷᠭᠡᠴᠡᠭᠡ ᠡᠷᠡᠮᠡᠯᠵᠡᠯ ᠤᠨ ᠳᠠᠩᠰᠠ ᠡᠪᠬᠡᠮᠡᠯ ᠲᠤᠰᠢᠶᠠᠬᠤ ᠵᠠᠷᠴᠢᠮ ᠪᠣᠯ ︽ | ᠬᠤᠪᠢ ᠶᠢ ᠲᠡᠷᠢᠭᠦᠨ ᠳᠤ ᠲᠠᠯᠪᠢᠵᠤ᠂ ᠡᠷᠡᠮᠡᠯᠵᠡᠯ ᠢ ᠵᠢᠷᠤᠮᠯᠠᠬᠤ᠂ ᠨᠢᠭᠡᠳᠦᠭᠡᠷ ᠡᠭᠡᠯᠵᠢ ᠶᠢᠨ ᠳᠠᠩᠰᠠ ᠡᠪᠬᠡᠮᠡᠯ ᠢ | ᠲᠤᠰᠢᠶᠠᠬᠤ︾ ᠶᠢ ᠵᠢᠷᠤᠮᠯᠠᠨ᠎ᠠ ᠃ ᠬᠡᠳᠦ᠋ᠢᠪᠡᠷ ᠡᠩ ᠤᠨ ᠲᠥᠷᠥᠯ ᠤᠨ ᠵᠡᠷᠭᠡᠴᠡᠭᠡ ᠡᠷᠡᠮᠡᠯᠵᠡᠯ ᠬᠡᠳᠦᠨ ᠠᠷᠪᠠᠨ | ᠳᠡᠭᠡᠳᠦ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠳᠤᠭᠤᠶᠢᠯᠠᠩ ᠢ ᠲᠠᠭᠯᠠᠵᠤ ᠪᠣᠯᠬᠤ ᠪᠣᠯᠪᠠᠴᠤ ᠤᠳᠠᠭ᠎ᠠ | ᠪᠦᠷᠢ ᠶᠢᠨ ᠰᠢᠯᠭᠠᠭᠤᠯᠤᠭᠴᠢ ᠨᠢᠭᠡ ᠯᠡ ᠤᠳᠠᠭ᠎ᠠ ᠲᠠᠩᠰᠠ ᠡᠪᠬᠡᠮᠡᠯ ᠳᠤ ᠣᠷᠣᠭᠤᠯᠬᠤ ᠲᠣᠬᠢᠶᠠᠯ ᠲᠠᠢ᠂ | ᠲᠤᠬᠠᠶᠢᠯᠠᠪᠠᠯ ᠰᠢᠯᠭᠠᠭᠤᠯᠤᠭᠴᠢ ᠶᠢᠨ ᠲᠠᠩᠰᠠ ᠡᠪᠬᠡᠮᠡᠯ ᠢ ᠪᠢᠴᠢᠵᠦ ᠣᠷᠣᠭᠤᠯᠤᠮᠠᠭᠴᠠ ᠳᠠᠷᠤᠶ ᠪᠤᠰᠤᠳ ᠬᠦᠰᠡᠯ | ᠡᠷᠡᠮᠡᠯᠵᠡᠯ ᠢ ᠦᠵᠡᠬᠦ ᠥᠬᠡᠶ ᠪᠣᠯᠤᠨ᠎ᠠ᠃ | ᠠᠰᠠᠭᠤᠯᠲᠠ 11᠄ ᠬᠡᠷᠪᠡ 30 ᠵᠡᠷᠭᠡᠴᠡᠭᠡ ᠡᠷᠡᠮᠡᠯᠵᠡᠯ ᠤᠨ ᠳᠡᠭᠡᠳᠦ ᠰᠤᠷᠭᠠᠭᠤᠯᠢ ᠶᠢ ᠲᠠᠭᠯᠠᠵᠤ ᠂ | ᠨᠢᠭᠡᠳᠦᠭᠡᠷ ᠰᠤᠷᠭᠠᠭᠤᠯᠢ ᠳᠠᠩᠰᠠ ᠡᠪᠬᠡᠮᠡᠯ ᠢ ᠪᠤᠴᠠᠭᠠᠭᠰᠠᠨ ᠤ ᠳᠠᠷᠠᠭ᠎ᠠ᠂ ᠳᠠᠬᠢᠨ ᠬᠤᠶᠠᠳᠤᠭᠠᠷ ᠰᠤᠷᠭᠠᠭᠤᠯᠢ ᠳᠤ | ᠳᠠᠩᠰᠠ ᠡᠪᠬᠡᠮᠡᠯ ᠲᠤᠰᠢᠶᠠᠵᠤ ᠪᠣᠯᠣᠨ᠎ᠠ ᠤᠤ︖ | ᠬᠠᠷᠢᠭᠤᠯᠲᠠ᠄ ᠪᠣᠯᠬᠤ ᠦᠭᠡᠢ᠃ ᠠᠳᠠᠯᠢ ᠨᠢᠭᠡ ᠡᠭᠡᠯᠵᠢ ᠶᠢᠨ ᠵᠡᠷᠭᠡᠴᠡᠭᠡ ᠡᠷᠡᠮᠡᠯᠵᠡᠯ ᠳᠤ ᠬᠡᠳᠦ᠋ᠢᠪᠡᠷ | ᠣᠯᠠᠨ ᠶᠡᠭᠡ ᠳᠡᠭᠡᠳᠦ ᠰᠤᠷᠭᠠᠭᠤᠯᠢ ᠶᠢᠨ ᠬᠦᠰᠡᠯ ᠡᠷᠡᠮᠡᠯᠵᠡᠯ ᠢᠶᠠᠨ ᠲᠠᠭᠯᠠᠨ ᠮᠡᠳᠡᠭᠦᠯᠵᠦ ᠪᠣᠯᠬᠤ ᠪᠣᠯᠪᠠᠴᠤ | ᠰᠢᠯᠭᠠᠭᠤᠯᠤᠭᠴᠢ ᠶᠢᠨ ᠲᠠᠩᠰᠠ ᠡᠪᠬᠡᠮᠡᠯ ᠢ ᠵᠥᠪᠬᠡᠨ ᠨᠢᠭᠡ ᠯᠡ ᠤᠳᠠᠭ᠎ᠠ ᠣᠷᠣᠭᠤᠯᠵᠤ᠂ ᠰᠢᠯᠭᠠᠭᠤᠯᠤᠭᠴᠢ ᠶᠢ ᠶᠡᠭᠡ | ᠳᠡᠭᠡᠳᠦ ᠰᠤᠷᠭᠠᠭᠤᠯᠢ ᠠᠴᠠ ᠪᠤᠴᠠᠭᠠᠭᠰᠠᠨ ᠤ ᠳᠠᠷᠠᠭ᠎ᠠ᠂ ᠵᠥᠪᠬᠡᠨ ᠡᠯᠰᠡᠬᠦ ᠡᠷᠡᠮᠡᠯᠵᠡᠯ ᠪᠤᠶᠤ ᠳᠠᠷᠠᠭ᠎ᠠ ᠨᠢᠭᠡ | ᠡᠭᠡᠯᠵᠢ ᠶᠢᠨ ᠰᠣᠷᠣᠭᠴᠢ ᠡᠯᠰᠡᠯᠲᠡ ᠳᠤ ᠣᠷᠤᠯᠴᠠᠨ᠎ᠠ ᠃ | ᠠᠰᠠᠭᠤᠯᠲᠠ 12 ᠄ ᠪᠢ ᠪᠣᠯ ᠳᠠᠪᠲᠠᠨ ᠰᠤᠷᠤᠯᠴᠠᠵᠤ ᠪᠠᠶᠢᠭ᠎ᠠ ᠰᠤᠷᠤᠭᠴᠢ ᠂ ᠴᠡᠷᠢᠭ ᠤᠨ | ᠰᠤᠷᠭᠠᠭᠤᠯᠢ ᠳᠤ ᠣᠴᠢᠵᠤ ᠪᠣᠯᠣᠨ᠎ᠠ ᠤᠤ︖ | ᠬᠠᠷᠢᠭᠤᠯᠲᠠ᠄ ᠪᠣᠯᠤᠨ᠎ᠠ᠂ ᠭᠡᠪᠡᠴᠦ ᠣᠨᠴᠠᠭᠠᠢ ᠨᠥᠬᠦᠴᠡᠯ ᠢ ᠬᠠᠩᠭᠠᠬᠤ ᠬᠡᠷᠡᠭᠲᠡᠢ᠃ ᠪᠣᠳᠠᠲᠠᠶ | ᠲᠥᠷᠥ ᠶᠢᠨ ᠪᠣᠳᠣᠯᠭ᠎ᠠ ᠶᠢ ᠲᠤᠰ ᠮᠤᠵᠢ ᠶᠢᠨ ᠴᠡᠷᠢᠭ ᠠᠩᠭᠢ ᠶᠢᠨ ᠳᠡᠭᠡᠳᠦ ᠰᠤᠷᠭᠠᠭᠤᠯᠢ ᠠᠴᠠ ᠡᠩ ᠤᠨ ᠦᠨᠳᠦᠷ | ᠵᠡᠷᠭᠡ ᠶᠢᠨ ᠰᠤᠷᠭᠠᠭᠤᠯᠢ ᠲᠡᠭᠦᠰᠦᠭᠰᠡᠳ ᠡᠯᠰᠡᠬᠦ ᠱᠠᠭᠠᠷᠳᠠᠯᠭ᠎ᠠ ᠶᠣᠰᠣᠭᠠᠷ ᠬᠡᠷᠡᠭᠵᠢᠭᠦᠯᠵᠦ᠂ ᠨᠡᠷ᠎ᠡ ᠮᠡᠳᠡᠭᠦᠯᠬᠦ | ᠨᠥᠬᠦᠴᠡᠯ ᠳᠤ ᠨᠡᠶᠢᠴᠡᠪᠡᠯ ᠳᠠᠷᠤᠶ ᠨᠡᠷ᠎ᠡ ᠮᠡᠳᠡᠭᠦᠯᠵᠦ ᠪᠣᠯᠤᠨ᠎ᠠ᠃ | ᠠᠰᠠᠭᠤᠯᠲᠠ 13᠄ ᠪᠢ ᠶᠠᠭᠤᠨ ᠳᠤ ᠲᠤᠰᠬᠠᠢ ᠵᠦᠢᠯ ᠤᠨ ᠲᠥᠯᠥᠪᠯᠡᠭᠡ ᠳᠤ ᠨᠡᠷ᠎ᠡ ᠮᠡᠳᠡᠭᠦᠯᠵᠦ ᠪᠣᠯᠬᠤ | ᠦᠭᠡᠢ ᠪᠤᠢ︖ | ᠬᠠᠷᠢᠭᠤᠯᠲᠠ᠄ ᠭᠤᠤᠯᠳᠠᠯᠭ᠎ᠠ ᠪᠣᠯᠬᠤ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠲᠤᠰᠬᠠᠶ | ᠵᠦᠢᠯ ᠤᠨ ᠲᠥᠯᠥᠪᠯᠡᠭᠡ ᠳᠤ ᠡᠩ ᠤᠨ ᠪᠠᠶᠢᠳᠠᠯ ᠳᠤ ᠤᠯᠤᠰ ᠤᠨ ᠲᠤᠰᠬᠠᠶ ᠵᠦᠢᠯ ᠤᠨ ᠲᠥᠯᠥᠪᠯᠡᠭᠡ᠂ ᠣᠷᠣᠨ | ᠨᠤᠲᠤᠭ ᠤᠨ ᠲᠤᠰᠬᠠᠶ ᠵᠦᠢᠯ ᠤᠨ ᠲᠥᠯᠥᠪᠯᠡᠭᠡ ᠪᠣᠯᠤᠨ ᠳᠡᠭᠡᠳᠦ ᠰᠤᠷᠭᠠᠭᠤᠯᠢ ᠶᠢᠨ ᠲᠤᠰᠬᠠᠶ ᠵᠦᠢᠯ ᠤᠨ | ᠲᠥᠯᠥᠪᠯᠡᠭᠡ ᠵᠡᠷᠭᠡ ᠲᠥᠯᠥᠪᠯᠡᠭᠡ ᠶᠢᠨ ᠲᠥᠷᠥᠯ ᠬᠡᠯᠪᠡᠷᠢ ᠶᠢ ᠪᠠᠭᠲᠠᠭᠠᠨ᠎ᠠ᠃ ᠤᠯᠤᠰ ᠤᠨ ᠲᠤᠰᠬᠠᠢ ᠵᠦᠢᠯ ᠤᠨ | ᠲᠥᠯᠥᠪᠯᠡᠭᠡ ᠨᠢ ᠶᠠᠳᠠᠭᠤ ᠠᠴᠠ ᠠᠩᠭᠢᠵᠢᠷᠠᠬᠤ ᠭᠠᠵᠠᠷ ᠣᠷᠣᠨ ᠳᠤ ᠬᠠᠨᠳᠤᠭᠤᠯᠤᠨ ᠰᠤᠷᠤᠭᠴᠢ ᠡᠯᠰᠡᠨ᠎ᠡ ᠃ | ᠣᠷᠣᠨ ᠨᠤᠲᠤᠭ ᠤᠨ ᠲᠤᠰᠬᠠᠶ ᠵᠦᠢᠯ ᠤᠨ ᠲᠥᠯᠥᠪᠯᠡᠭᠡ ᠨᠢ ᠡᠯ᠎ᠡ ᠮᠤᠵᠢ ︵ᠣᠷᠣᠨ᠂ ᠬᠤᠲᠠ︶ ᠳᠤ | ᠬᠠᠨᠳᠤᠭᠤᠯᠤᠨ ᠬᠡᠷᠡᠭᠵᠢᠭᠦᠯᠬᠦ ᠣᠷᠣᠨ ᠪᠦᠰᠡ ᠶᠢᠨ ᠬᠥᠳᠡᠭᠡ ᠲᠣᠰᠬᠤᠨ ᠤ ᠰᠤᠷᠤᠭᠴᠢᠳ ᠲᠤ ᠬᠠᠨᠳᠤᠭᠤᠯᠤᠨ᠎ᠠ ᠃ | ᠳᠡᠭᠡᠳᠦ ᠰᠤᠷᠭᠠᠭᠤᠯᠢ ᠶᠢᠨ ᠲᠤᠰᠬᠠᠶ ᠵᠦᠢᠯ ᠤᠨ ᠲᠥᠯᠥᠪᠯᠡᠭᠡ ᠳᠤ ᠭᠤᠤᠯᠳᠠᠭᠤ ᠠᠯᠤᠰ ᠬᠢᠵᠠᠭᠠᠷ᠂ ᠶᠠᠳᠠᠭᠤ ᠠᠴᠠ | ᠠᠩᠭᠢᠵᠢᠷᠠᠬᠤ᠂ ᠦᠨᠳᠦᠰᠦᠲᠡᠨ ᠵᠡᠷᠭᠡ ᠭᠠᠵᠠᠷ ᠣᠷᠣᠨ ᠤ ᠰᠢᠶᠠᠨ ︵ᠰᠢᠶᠠᠨ ᠤ ᠲᠠᠰ ᠤᠨ ᠬᠤᠲᠠ ᠪᠠᠭᠲᠠᠨ᠎ᠠ︶ | ᠠᠴᠠ ᠳᠣᠷᠣᠭᠰᠢᠬᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠳᠤ ᠪᠠᠨ ᠴᠢᠷᠮᠠᠶᠢᠨ ᠰᠤᠷᠤᠯᠴᠠᠬᠤ᠂ ᠬᠢᠷᠢ | ᠪᠦᠲᠦᠮᠵᠢ ᠪᠠᠷ ᠰᠢᠯᠢᠳᠡᠭ ᠬᠥᠳᠡᠭᠡ ᠲᠣᠰᠬᠤᠨ ᠤ ᠰᠤᠷᠤᠭᠴᠢ ᠶᠢ ᠡᠯᠰᠡᠨ᠎ᠡ ᠃ ᠲᠤᠰᠬᠠᠶ ᠵᠦᠢᠯ ᠢᠶᠠᠷ ᠨᠡᠷ᠎ᠡ | ᠮᠡᠳᠡᠭᠦᠯᠬᠦ ᠬᠢᠷᠢ ᠬᠡᠮ ᠳᠤ ᠨᠡᠶᠢᠴᠡᠪᠡᠯ ᠰᠠᠶ᠋ᠢ ᠵᠣᠬᠢᠴᠠᠩᠭᠤᠶ ᠲᠥᠯᠥᠪᠯᠡᠭᠡ ᠳᠤ ᠨᠡᠷ᠎ᠡ ᠮᠡᠳᠡᠭᠦᠯᠵᠦ ᠪᠣᠯᠤᠨ᠎ᠠ᠂ ᠪᠣᠳᠠᠲᠠᠶ | ᠬᠡᠷᠡᠭᠵᠢᠭᠦᠯᠬᠦ ᠣᠷᠣᠨ ᠪᠦᠰᠡ ᠶᠢ ᠡᠯ᠎ᠡ ᠮᠤᠵᠢ ︵ᠣᠷᠣᠨ᠂ ᠬᠤᠲᠠ︶ ᠠᠴᠠ ᠲᠣᠭᠲᠠᠭᠠᠨ᠎ᠠ᠃ ᠲᠤᠰᠬᠠᠢ | ᠲᠥᠯᠤᠪᠯᠡᠭᠡ ᠳᠤ ᠭᠤᠶᠤᠴᠢᠯᠠᠬᠰᠠᠨ ᠰᠢᠯᠭᠠᠭᠤᠯᠤᠬᠴᠢᠳ ᠲᠤᠰ ᠮᠤᠵᠢ ᠶᠢᠨ ᠨᠡᠶᠢᠲᠡᠯᠡᠭᠰᠡᠨ ᠮᠡᠳᠡᠭᠡ ᠵᠠᠩᠭᠢ ᠶᠢ ᠴᠠᠭ | ᠲᠤᠬᠠᠢ ᠳᠤᠨᠢ ᠠᠩᠬᠠᠷᠴᠤ᠂ ᠲᠣᠭᠲᠠᠭᠰᠠᠨ ᠴᠠᠭ ᠤᠨ ᠳᠣᠲᠤᠷ᠎ᠠ ᠬᠢᠷᠢ ᠬᠡᠮ ᠤᠨ ᠬᠢᠨᠠᠨ ᠬᠠᠷᠭᠤᠭᠤᠯᠤᠯᠲᠠ ᠶᠢ | ᠪᠡᠶᠡᠯᠡᠭᠦᠯᠬᠦ ᠶᠢ ᠠᠩᠬᠠᠷᠤᠭᠠᠷᠠᠢ᠃ | ᠠᠰᠠᠭᠤᠯᠲᠠ 14᠄ ᠠᠵᠢᠯ ᠮᠡᠷᠭᠡᠵᠢᠯ ᠤᠨ ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠳᠠᠷ ᠨᠢ ᠵᠢᠩᠬᠢᠨᠢ | ᠠᠩᠬᠢ ᠲᠠᠢ ᠠᠳᠠᠯᠢ ᠤᠤ︖ | ᠬᠠᠷᠢᠭᠤᠯᠲᠠ᠄ ᠠᠵᠢᠯ ᠮᠡᠷᠭᠡᠵᠢᠯ ᠤᠨ ᠵᠢᠩᠬᠢᠨᠢ ᠠᠩᠬᠢ ᠶᠢᠨ ᠳᠡᠭᠡᠳᠦ ᠰᠤᠷᠭᠠᠭᠤᠯᠢ ᠶᠢᠨ ᠨᠡᠷᠡᠶᠢᠳᠦᠯ ᠨᠢ | ᠶᠡᠷᠦ ᠳᠤ ᠪᠠᠨ XXXX ᠠᠵᠢᠯ ᠮᠡᠷᠭᠡᠵᠢᠯ ᠤᠨ ᠶᠡᠭᠡ ᠰᠤᠷᠭᠠᠭᠤᠯᠢ ᠪᠤᠶᠤ ᠠᠵᠢᠯ ᠮᠡᠷᠭᠡᠵᠢᠯ ᠤᠨ ᠶᠡᠭᠡ ᠰᠤᠷᠭᠠᠭᠤᠯᠢ | ᠪᠣᠯᠤᠨ᠎ᠠ᠃ ᠲᠥᠷᠥᠯ ᠬᠡᠯᠪᠡᠷᠢ ᠶᠢᠨ ᠲᠠᠯ᠎ᠠ ᠪᠠᠷ ᠠᠵᠢᠯ ᠮᠡᠷᠭᠡᠵᠢᠯ ᠤᠨ ᠰᠤᠷᠭᠠᠨ ᠬᠥᠮᠦᠵᠢᠯ ᠳᠤ ᠬᠠᠷᠢᠶᠠᠯᠠᠭᠳᠠᠵᠤ᠂ | ᠲᠠᠰ ᠳᠠᠪᠬᠤᠷᠭ᠎ᠠ ᠶᠢᠨ ᠲᠠᠯ᠎ᠠ ᠪᠠᠷ ᠵᠢᠩᠬᠢᠨᠢ ᠠᠩᠭᠢ ᠶᠢᠨ ᠲᠠᠰ ᠳᠠᠪᠬᠤᠷᠭ᠎ᠠ ᠶᠢᠨ ᠰᠤᠷᠭᠠᠨ ᠬᠥᠮᠦᠵᠢᠯ ᠳᠤ | ᠬᠠᠷᠢᠶᠠᠯᠠᠭᠳᠠᠨ᠎ᠠ ᠂ ᠨᠥᠬᠦᠴᠡᠯ ᠳᠤ ᠨᠡᠶᠢᠴᠡᠪᠡᠯ ᠲᠤᠰᠬᠠᠶ ᠮᠡᠷᠭᠡᠵᠢᠯ ᠤᠨ ᠮᠠᠰᠲ᠋ᠧᠷ ᠤᠨ ᠡᠷᠳᠡᠮ ᠤᠨ ᠴᠣᠯᠠ ᠶᠢᠨ | ᠴᠡᠭ ᠢ ᠭᠤᠶᠤᠴᠢᠯᠠᠨ ᠮᠡᠳᠡᠭᠦᠯᠵᠦ ᠪᠣᠯᠤᠨ᠎ᠠ᠂ ᠲᠡᠭᠦᠨ ᠤ ᠬᠥᠮᠦᠵᠢᠭᠦᠯᠬᠦ ᠪᠠᠶᠢᠷᠢ ᠲᠣᠭᠲᠠᠭᠠᠯᠲᠠ ᠨᠢ ᠤᠯᠤᠰ ᠪᠠ | ᠣᠷᠣᠨ ᠪᠦᠰᠡ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠳᠡᠭᠡᠳᠦ ᠲᠠᠰ ᠳᠠᠪᠬᠤᠷᠭ᠎ᠠ ᠶᠢᠨ ᠮᠡᠷᠭᠡᠵᠢᠯ | ᠴᠢᠳᠠᠪᠤᠷᠢ ᠶᠢᠨ ᠴᠢᠳᠠᠪᠤᠷᠢᠲᠠᠨ ᠢ ᠬᠦᠮᠦᠵᠢᠭᠦᠯᠬᠦ ᠶᠠᠪᠤᠳᠠᠯ ᠪᠣᠯᠤᠨ᠎ᠠ ᠃ ᠣᠶᠤᠲᠠᠨ ᠲᠡᠭᠦᠰᠦᠭᠰᠡᠨ ᠤ ᠳᠠᠷᠠᠭ᠎ᠠ | ᠵᠢᠩᠬᠢᠨᠢ ᠠᠩᠬᠢ ᠶᠢᠨ ᠰᠤᠷᠤᠯᠭ᠎ᠠ ᠶᠢᠨ ᠨᠠᠮᠲᠠᠷ ᠪᠠ ᠣᠶᠤᠲᠠᠨ ᠡᠷᠳᠡᠮ ᠤᠨ ᠴᠣᠯᠠ ᠶᠢᠨ ᠦᠨᠡᠮᠯᠡᠯ ᠣᠯᠵᠤ ᠪᠣᠯᠤᠨ᠎ᠠ᠃ | 2022 ᠣᠨ ᠳᠤ ᠨᠡᠶᠢᠲᠡᠯᠡᠭᠰᠡᠨ ︽ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ︾ ᠳᠤ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯ ᠡᠩ ᠤᠨ ᠰᠤᠷᠭᠠᠨ ᠬᠥᠮᠦᠵᠢᠯ ᠲᠠᠢ ᠠᠳᠠᠯᠢᠬᠠᠨ ᠴᠢᠬᠤᠯᠠ ᠪᠠᠶᠢᠷᠢ | ᠰᠠᠭᠤᠷᠢ ᠲᠠᠢ ᠰᠤᠷᠭᠠᠨ ᠬᠥᠮᠦᠵᠢᠯ ᠤᠨ ᠲᠥᠷᠥᠯ ᠵᠦᠢᠯ ᠮᠥᠨ᠂ ᠠᠵᠢᠯ ᠮᠡᠷᠭᠡᠵᠢᠯ ᠤᠨ ᠰᠤᠷᠭᠠᠭᠤᠯᠢ ᠶᠢᠨ | ᠰᠤᠷᠤᠭᠴᠢᠳ ᠰᠤᠷᠭᠠᠭᠤᠯᠢ ᠳᠡᠪᠰᠢᠬᠦ᠂ ᠠᠵᠢᠯ ᠣᠯᠬᠤ᠂ ᠠᠵᠢᠯ ᠮᠡᠷᠭᠡᠵᠢᠯ ᠤᠨ ᠬᠥᠭᠵᠢᠯᠲᠡ ᠵᠡᠷᠭᠡ ᠲᠠᠯ᠎ᠠ ᠪᠠᠷ | ᠠᠳᠠᠯᠢ ᠳᠡᠰ ᠳᠠᠪᠬᠤᠷᠭ᠎ᠠ ᠶᠢᠨ ᠡᠩ ᠤᠨ ᠰᠤᠷᠭᠠᠭᠤᠯᠢ ᠶᠢᠨ ᠰᠤᠷᠤᠭᠴᠢᠳ ᠲᠠᠢ ᠡᠷᠬᠡ ᠲᠡᠭᠰᠢ ᠠᠵᠠ ᠲᠣᠬᠢᠶᠠᠯ | ᠬᠦᠷᠲᠡᠨ᠎ᠡ ᠭᠡᠵᠦ ᠲᠣᠳᠣᠷᠬᠠᠶᠢᠯᠠᠪᠠ᠃ | |