ᠰᠢᠭᠤᠶᠢᠲᠤ ᠲᠣᠭᠤᠷᠢᠭ ᠤᠨ ᠵᠢᠪᠬᠤᠯᠠᠩᠲᠤ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠨᠤᠲᠤᠭ ᠪᠡᠯᠴᠢᠭᠡᠷ ᠤᠨ ᠵᠢᠭᠤᠷᠠᠯᠳᠤᠭᠠᠨ ᠢ ᠥᠨᠳᠥᠷ ᠪᠦᠲᠦᠮᠵᠢᠲᠡᠶ ᠪᠠᠷ ᠡᠶᠡᠳᠡᠭᠦᠯᠵᠦ ᠡᠶ᠎ᠡ ᠵᠣᠬᠢᠴᠠᠯ ᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ  ᠪᠢᠴᠢᠭᠯᠡᠪᠡ
ᠨᠡᠶᠢᠲᠡᠯᠡᠭᠰᠡᠨ ᠴᠠᠭ᠄
2025/5/30
        ᠣᠶᠢᠷ᠎ᠠ ᠳᠤ᠂ ᠵᠢᠪᠬᠤᠯᠠᠩᠲᠤ ᠭᠠᠴᠠᠭᠠᠨ ᠤ ᠮᠠᠯᠴᠢᠨ ᠡᠦ ᠣᠪᠣᠭᠲᠤ ᠵᠢᠪᠬᠤᠯᠠᠩᠲᠤ ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠳᠤ᠂ ᠨᠢᠭᠡᠨ ᠵᠠᠰᠠᠮᠠᠯ ᠵᠠᠮ ᠤᠨ ᠢᠨᠵᠧᠨᠧᠷᠢᠩ ᠤᠨ ᠺᠣᠮᠫᠠᠨᠢ ᠶᠢᠨ ᠪᠠᠷᠢᠯᠭ᠎ᠠ ᠶᠢᠨ ᠲᠡᠷᠭᠡ ᠬᠥᠰᠬᠡ ᠬᠠᠳᠤᠯᠠᠩ ᠪᠡᠯᠴᠢᠭᠡᠷ ᠢ ᠣᠯᠠᠨᠲᠠ ᠳᠠᠷᠤᠵᠤ᠂ ᠡᠪᠡᠰᠦ ᠪᠡᠯᠴᠢᠭᠡᠷ ᠤᠨ ᠤᠷᠭᠤᠴᠠ ᠡᠪᠳᠡᠭᠳᠡᠭᠰᠡᠨ ᠢ ᠵᠠᠭᠠᠯᠠᠭᠳᠠᠵᠤ ᠂ 3 ᠲᠦᠮᠡᠨ ᠲᠥᠭᠦᠷᠢᠭ ᠤᠨ ᠲᠥᠯᠥᠪᠦᠷᠢ ᠥᠭᠬᠦ ᠶᠢ ᠱᠠᠭᠠᠷᠳᠠᠪᠠ᠃ ᠲᠣᠮᠢᠯᠠᠭᠰᠠᠨ ᠰᠠᠯᠪᠤᠷᠢ ᠣᠷᠣᠯᠴᠠᠭᠰᠠᠨ ᠤ ᠳᠠᠷᠠᠭ᠎ᠠ᠂ ᠬᠤᠶᠠᠷ ᠲᠠᠯ᠎ᠠ ᠶᠢᠨ ᠲᠥᠯᠥᠪᠦᠷᠢ ᠶᠢᠨ ᠵᠣᠭᠤᠰ ᠤᠨ ᠲᠤᠭ᠎ᠠ ᠶᠢᠨ ᠵᠥᠷᠢᠯᠳᠦᠭᠡᠨ ᠨᠡᠯᠢᠶᠡᠳ ᠶᠡᠭᠡ ᠪᠣᠯᠬᠤᠷ ᠬᠡᠷᠡᠭ ᠢ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠲᠤ ᠰᠢᠯᠵᠢᠭᠦᠯᠦᠨᠰᠢᠢᠳᠪᠦᠷᠢᠯᠡᠭᠦᠯᠪᠡ᠃
图片11.png
        ᠵᠥᠷᠢᠴᠡᠯ ᠤᠨ ᠲᠥᠪᠯᠡᠷᠡᠯ ᠤᠨ ᠴᠡᠭ ᠢ ᠤᠯᠠᠨ ᠲᠠᠯ᠎ᠠ ᠠᠴᠠ ᠬᠢᠨᠠᠨ ᠪᠠᠶᠢᠴᠠᠭᠠᠪᠠ ᠃ ᠵᠢᠪᠬᠤᠯᠠᠩᠲᠤ ᠰᠤᠮᠤ ᠶᠢᠨ ᠶᠡᠷᠦᠩᠬᠡᠶᠢᠯᠡᠨ ᠵᠠᠰᠠᠬᠤ ᠲᠥᠪ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ ᠲᠡᠷᠡ ᠳᠠᠷᠤᠢ ᠳᠤᠨᠢ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠲᠣᠮᠢᠯᠠᠭᠰᠠᠨ ᠰᠠᠯᠪᠤᠷᠢ ᠶᠢᠨ ᠬᠡᠷᠡᠭ ᠤᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠪᠥᠭᠡᠳ ᠦ᠋ ᠣᠪᠣᠭᠲᠤ ᠶᠢᠨ ᠬᠦᠰᠡᠯ ᠱᠠᠭᠠᠷᠳᠠᠯᠭ᠎ᠠ ᠶᠢ ᠯᠠᠪᠯᠠᠨ ᠠᠰᠠᠭᠤᠪᠠ᠃ ᠦ᠋ ᠣᠪᠣᠭᠲᠤ᠂ ᠬᠠᠳᠤᠯᠠᠩ ᠪᠡᠯᠴᠢᠭᠡᠷ ᠨᠢ ᠴᠢᠬᠤᠯᠠ ᠦᠢᠯᠡᠳᠪᠦᠷᠢᠯᠡᠯ ᠤᠨ ᠬᠡᠷᠡᠭᠰᠡᠯ ᠪᠣᠯᠤᠭᠰᠠᠨ ᠤ ᠬᠤᠪᠢ ᠳᠤ᠂ ᠬᠤᠬᠢᠷᠠᠯ ᠤᠨ ᠳᠠᠷᠠᠭ᠎ᠠ ᠣᠳᠣᠬᠠᠨ ᠤ ᠲᠡᠵᠢᠭᠡᠯ ᠡᠪᠡᠰᠦᠨ ᠤ ᠭᠠᠷᠤᠯᠲᠠ ᠨᠥᠯᠥᠭᠡᠯᠡᠭᠳᠡᠭᠰᠡᠨ ᠢᠶᠠᠷ ᠪᠠᠷᠠᠬᠤ ᠥᠬᠡᠶ᠂ ᠦᠷᠭᠦᠯᠵᠢᠯᠡᠨ ᠰᠡᠷᠭᠦᠭᠡᠬᠦ ᠳᠤ ᠶᠡᠭᠡ ᠬᠡᠮᠵᠢᠶᠡᠨ ᠤ ᠥᠪᠡᠷ ᠤᠨ ᠥᠷᠲᠡᠭ ᠣᠷᠣᠨ᠎ᠠ ᠂ 3 ᠲᠦᠮᠡᠨ ᠲᠥᠭᠦᠷᠢᠭ ᠤᠨ ᠲᠥᠯᠥᠪᠦᠷᠢ  ᠨᠢ ᠵᠦᠢ ᠵᠣᠬᠢᠰᠲᠠᠢ ᠬᠡᠪᠴᠢᠶᠡᠨ ᠳᠤ ᠪᠤᠢ ᠭᠡᠵᠦ  ᠢᠯᠡᠷᠬᠡᠶᠢᠯᠡᠪᠡ ᠃ ᠲᠠᠷᠠᠭ᠎ᠠ ᠨᠢ᠂ ᠠᠵᠢᠯᠲᠠᠳ ᠢᠨᠵᠧᠨᠧᠷᠢᠩ ᠤᠨ ᠺᠣᠮᠫᠠᠨᠢ ᠲᠠᠢ ᠨᠡᠪᠲᠡᠷᠡᠯᠴᠡᠵᠦ᠂ ᠺᠣᠮᠫᠠᠨᠢ ᠶᠢᠨ ᠬᠢᠨ ᠵᠠᠮ ᠵᠠᠰᠠᠬᠤ ᠪᠣᠯ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠣᠯᠤᠨ᠎ᠠ᠂ ᠨᠢᠭᠡᠨᠲᠡ ᠠᠷᠭ᠎ᠠ ᠬᠡᠮᠵᠢᠶ᠎ᠡ ᠠᠪᠴᠤ ᠬᠤᠬᠢᠷᠠᠯ ᠢ ᠪᠠᠭᠠᠰᠬᠠᠪᠠ᠂ 3 ᠲᠦᠮᠡᠨ ᠲᠥᠭᠦᠷᠢᠭ ᠤᠨ ᠲᠥᠯᠥᠪᠦᠷᠢ ᠬᠡᠲᠦ ᠥᠨᠳᠥᠷ ᠭᠡᠵᠦ ᠦᠵᠡᠪᠡ᠃ ᠬᠤᠬᠢᠷᠠᠭᠰᠠᠨ ᠪᠠᠶᠢᠳᠠᠯ ᠢ ᠣᠨᠣᠪᠴᠢᠲᠠᠶ ᠡᠵᠡᠮᠰᠢᠬᠦ ᠶᠢᠨ ᠲᠤᠰᠠᠳᠠ᠂ ᠶᠡᠷᠦᠩᠬᠡᠶᠢᠯᠡᠨ ᠵᠠᠰᠠᠬᠤ ᠲᠥᠪ ᠡᠶᠡᠳᠡᠭᠦᠯᠦᠭᠴᠢ᠂ ᠲᠣᠮᠢᠯᠠᠭᠰᠠᠨ ᠰᠠᠯᠪᠤᠷᠢ ᠵᠢᠴᠢ ᠨᠡᠶᠢᠭᠡᠮ ᠤᠨ ᠵᠠᠰᠠᠯᠲᠠ ᠶᠢᠨ ᠠᠯᠪᠠᠨ ᠭᠡᠷ ᠤᠨ ᠠᠵᠢᠯᠲᠠᠨ᠂ ᠬᠤᠶᠠᠷ ᠲᠠᠯ᠎ᠠ ᠶᠢᠨ ᠲᠤᠬᠠᠶᠢᠲᠠᠶ ᠬᠥᠮᠦᠨ ᠢ ᠵᠣᠬᠢᠶᠠᠨ ᠪᠠᠶᠢᠭᠤᠯᠤᠨ ᠲᠤᠬᠠᠶ ᠶᠢᠨ ᠭᠠᠵᠠᠷ ᠲᠤᠨᠢ ᠬᠠᠳᠤᠯᠠᠩ ᠪᠡᠯᠴᠢᠭᠡᠷ ᠢ ᠬᠠᠶᠢᠨ ᠪᠠᠶᠢᠴᠠᠭᠠᠵᠤ᠂ ᠲᠡᠵᠢᠭᠡᠯ ᠡᠪᠡᠰᠦᠨ ᠤ ᠬᠤᠬᠢᠷᠠᠭᠰᠠᠨ ᠬᠡᠮᠵᠢᠶ᠎ᠡ ᠵᠢᠴᠢ ᠬᠠᠮᠢᠶ᠎ᠠ ᠪᠦᠬᠦᠢ ᠲᠤᠭ᠎ᠠ ᠪᠠᠷᠢᠮᠲᠠ ᠶᠢ ᠨᠠᠷᠢᠨ ᠲᠡᠮᠳᠡᠭᠯᠡᠪᠡ ᠃        ᠵᠦᠢ ᠶᠣᠰᠣ ᠬᠠᠤᠯᠢ ᠪᠠᠷ ᠡᠶᠡᠳᠡᠭᠦᠯᠭᠡ ᠶᠢᠨ ᠬᠠᠮᠲᠤ ᠶᠢᠨ ᠲᠠᠨᠢᠯᠲᠠ ᠶᠢ ᠠᠬᠢᠭᠤᠯᠪᠠ ᠃ ᠲᠤᠬᠠᠶ ᠶᠢᠨ ᠭᠠᠵᠠᠷ ᠲᠤᠨᠢ ᠬᠠᠶᠢᠨ ᠪᠠᠶᠢᠴᠠᠭᠠᠭᠰᠠᠨ ᠤ ᠳᠠᠷᠠᠭ᠎ᠠ᠂ ᠶᠡᠷᠦᠩᠬᠡᠶᠢᠯᠡᠨ ᠵᠠᠰᠠᠬᠤ ᠲᠥᠪ ᠳᠠᠬᠢᠨᠲᠠ ᠵᠣᠬᠢᠶᠠᠨ ᠪᠠᠶᠢᠭᠤᠯᠤᠨ ᠡᠶᠡᠳᠡᠭᠦᠯᠪᠡ᠃ ᠡᠶᠡᠳᠡᠭᠦᠯᠦᠭᠴᠢ ᠬᠤᠶᠠᠷ ᠲᠠᠯ᠎ᠠ ᠶᠢᠨ   ᠬᠢᠨ ᠳᠤ ᠵᠠᠮ ᠵᠠᠰᠠᠬᠤ ᠨᠢ ᠣᠷᠣᠨ ᠪᠦᠰᠡ ᠶᠢᠨ ᠬᠥᠭᠵᠢᠯᠲᠡ ᠳᠤ ᠦᠵᠡᠭᠦᠯᠬᠦ ᠠᠴᠢ ᠬᠤᠯᠪᠣᠭᠳᠠᠯ ᠢ ᠲᠣᠳᠣᠷᠬᠠᠶᠢᠯᠠᠵᠤ᠂ ᠢᠨᠵᠧᠨᠧᠷᠢᠩ ᠤᠨ ᠺᠣᠮᠫᠠᠨᠢ ᠶᠢᠨ ᠪᠠᠷᠢᠯᠭ᠎ᠠ ᠪᠠᠷᠢᠬᠤ ᠳᠤᠮᠳᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠠᠯ᠎ᠠ ᠪᠠᠷ ᠬᠦᠷᠦᠯᠴᠡᠬᠦ ᠦᠭᠡᠢ ᠪᠠᠶᠢᠬᠤ ᠪᠤᠷᠤᠭᠤ ᠶᠢ ᠵᠢᠭᠠᠵᠤ ᠭᠠᠷᠭᠠᠬᠤ ᠶᠢᠨ ᠬᠠᠮᠲᠤ ᠦ᠋ ᠣᠪᠣᠭᠲᠤ ᠶᠢ ᠬᠤᠬᠢᠷᠠᠯ ᠢ ᠦᠨᠡᠯᠡᠨ ᠵᠢᠱᠢᠬᠦ ᠳᠤ ᠪᠣᠲᠠᠲᠠᠢ ᠳᠤ ᠰᠠᠭᠤᠷᠢᠯᠠᠭᠤᠯᠵᠤ᠂ ᠬᠡᠳᠦ ᠥᠨᠳᠥᠷ ᠭᠤᠮᠣᠳᠠᠯ ᠱᠠᠭᠠᠷᠳᠠᠯᠭ᠎ᠠ ᠨᠢ ᠠᠰᠠᠭᠤᠳᠠᠯ ᠢ ᠰᠢᠢᠳᠪᠦᠷᠢᠯᠡᠬᠦ ᠶᠢ ᠨᠥᠯᠥᠭᠡᠯᠡᠵᠦ ᠮᠡᠳᠡᠨ᠎ᠡ ᠭᠡᠵᠦ ᠢᠳᠬᠠᠪᠠ ᠃ ᠣᠯᠠᠨ ᠤᠳᠠᠭ᠎ᠠ ᠨᠡᠪᠲᠡᠷᠡᠯᠴᠡᠨ ᠵᠥᠪᠳᠡᠯᠴᠡᠵᠦ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠪᠠᠶᠢᠨ᠎ᠠ᠄ ᠢᠨᠵᠧᠨᠧᠷᠢᠩ ᠤᠨ ᠺᠣᠮᠫᠠᠨᠢ ᠨᠢᠭᠡ ᠯᠡ ᠤᠳᠠᠭ᠎ᠠ ᠳᠤ 2 ᠲᠦᠮᠡᠨ ᠲᠥᠭᠦᠷᠢᠭ ᠤᠨ ᠲᠥᠯᠥᠪᠦᠷᠢ ᠥᠭᠴᠦ᠂ ᠬᠠᠳᠤᠯᠠᠩ ᠪᠡᠯᠴᠢᠭᠡᠷ ᠤᠨ ᠬᠤᠬᠢᠷᠠᠯ ᠵᠢᠴᠢ ᠬᠤᠶᠢᠰᠢᠳᠠ ᠶᠢᠨ ᠰᠡᠷᠭᠦᠭᠡᠯᠲᠡ ᠶᠢ ᠨᠥᠬᠦᠪᠥᠷᠢᠯᠡᠬᠦ ᠳᠤ ᠬᠡᠷᠡᠭᠯᠡᠨ᠎ᠡ ︔ ᠢᠨᠵᠧᠨᠧᠷᠢᠩ ᠳᠠᠭᠤᠰᠤᠭᠰᠠᠨ ᠤ ᠳᠠᠷᠠᠭ᠎ᠠ᠂ ᠺᠣᠮᠫᠠᠨᠢ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ ᠠᠵᠢᠯ ᠤᠨ ᠡᠪᠳᠡᠭᠳᠡᠭᠰᠡᠨ ᠵᠠᠮ ᠢ ᠰᠡᠯᠪᠢᠨ ᠵᠠᠰᠠᠵᠤ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠢ ᠪᠠᠲᠤᠯᠠᠨ᠎ᠠ᠃
图片12.png
        ᠵᠢᠭᠤᠷᠠᠯᠳᠤᠭᠠᠨ ᠢ ᠡᠶᠡᠳᠡᠭᠦᠯᠦᠭᠰᠡᠨ ᠨᠢ ᠵᠠᠰᠠᠯᠲᠠ ᠶᠢᠨ ᠦᠷ᠎ᠡ ᠪᠦᠲᠦᠮᠵᠢ ᠶᠢ ᠢᠯᠡᠷᠡᠭᠦᠯᠪᠡ ᠃ ᠲᠣᠰ ᠤᠳᠠᠭᠠᠨ ᠤ ᠵᠢᠭᠤᠷᠠᠯᠳᠤᠭᠠᠨ ᠢ ᠡᠶᠡᠳᠡᠭᠦᠯᠦᠭᠰᠡᠨ ᠨᠢ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠮᠥᠷᠲᠡᠭᠡᠨ ᠵᠠᠰᠠᠮᠠᠯ ᠵᠠᠮ ᠤᠨ ᠢᠨᠵᠧᠨᠧᠷᠢᠩ ᠤᠨ ᠠᠬᠢᠴᠠ ᠶᠢ ᠴᠤ ᠪᠠᠲᠤᠯᠠᠭᠰᠠᠨ ᠪᠠᠶᠢᠨ᠎ᠠ᠃ ᠡᠦ ᠣᠪᠣᠭᠲᠤ ᠡᠶᠡᠳᠡᠭᠦᠯᠭᠡ ᠶᠢᠨ ᠦᠷ᠎ᠡ ᠳ᠋ᠦᠩ ᠳᠤ ᠬᠠᠨᠤᠮᠵᠢᠲᠠᠢ ᠪᠠᠶᠢᠵᠤ᠂ ᠢᠨᠵᠧᠨᠧᠷᠢᠩ ᠤᠨ ᠺᠣᠮᠫᠠᠨᠢ ᠬᠡᠯᠡᠯᠴᠡᠭᠡᠷ ᠢ ᠢᠳᠡᠪᠬᠢᠲᠡᠢ ᠬᠦᠢᠴᠡᠳᠭᠡᠪᠡ ᠃ ᠶᠡᠷᠦᠩᠬᠡᠶᠢᠯᠡᠨ ᠵᠠᠰᠠᠬᠤ ᠲᠥᠪ᠂ ᠢᠷᠡᠭᠡᠳᠦᠢ ᠳᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠵᠥᠷᠢᠴᠡᠯ ᠢ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠢᠢᠳᠪᠦᠷᠢᠯᠡᠵᠦ᠂ ᠤᠯᠠᠨ ᠡᠰᠢᠲᠦ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠰᠤᠮᠤᠨ ᠤ ᠡᠶ᠎ᠡ ᠵᠣᠬᠢᠴᠠᠩᠭᠤᠢ ᠬᠥᠭᠵᠢᠯᠲᠡ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠳᠤ ᠪᠠᠲᠤ ᠰᠠᠭᠤᠷᠢ ᠲᠠᠯᠪᠢᠵᠤ ᠥᠭᠭᠦᠨ᠎ᠡ ᠭᠡᠵᠦ ᠢᠯᠡᠳᠬᠡᠪᠡ᠃ 
 
ᠢᠷᠡᠯᠲᠡ᠄ ᠰᠢᠭᠤᠶᠢᠲᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号