︽ᠡᠶᠡᠳᠡᠭᠦᠯᠭᠡ︾ ᠶᠢ ᠪᠦᠬᠦ ᠶᠠᠪᠤᠴᠠ ᠳᠤ ᠤᠷᠳᠤᠳᠬᠠᠵᠤ ︽ᠬᠥᠨᠳᠡᠯᠡᠨ ᠠᠴᠠ ᠲᠠᠰᠤᠯᠬᠤ︾ ᠶᠢ ᠬᠥᠮᠦᠰ ᠤᠨ ᠰᠡᠳᠬᠢᠯ ᠳᠤ ᠬᠠᠳᠠᠩᠰᠢᠭᠤᠯᠪᠠ
ᠨᠡᠶᠢᠲᠡᠯᠡᠭᠰᠡᠨ ᠴᠠᠭ᠄
2025/5/30
        ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠡᠶᠡᠳᠡᠭᠦᠯᠵᠦ ᠬᠥᠨᠳᠡᠯᠡᠨ ᠠᠴᠠ ᠲᠠᠰᠤᠯᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2025 ᠣᠨ ᠤ 5 ᠳ᠋ᠤᠭᠠᠷ ᠰᠠᠷ᠎ᠠ ᠶᠢᠨ 19 ᠤ ᠡᠳᠦᠷ ᠠᠴᠠ 20 ᠤ ᠡᠳᠦᠷ ᠪᠣᠯᠲᠠᠯ᠎ᠠ᠂ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠤᠷᠢᠶ᠎ᠠ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠢᠳᠡᠪᠬᠢᠲᠡᠶ ᠳᠠᠭᠠᠵᠤ᠂ ᠱᠠᠨᠳᠦ᠋ᠩ ᠮᠤᠵᠢ ᠶᠢᠨ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠸᠢᠳᠢᠤ᠋ ᠪᠠᠷ ᠰᠢᠭᠤᠳ ᠨᠡᠪᠲᠡᠷᠡᠭᠦᠯᠬᠦ ᠪᠣᠯᠪᠠᠰᠤᠷᠠᠯ ᠳᠤ ᠣᠷᠣᠯᠴᠠᠪᠠ᠃ ᠲᠣᠰ ᠤᠳᠠᠭᠠᠨ ᠤ ᠪᠣᠯᠪᠠᠰᠤᠷᠠᠯ ᠨᠢ ᠣᠳᠣᠬᠠᠨ ᠤ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠬᠦᠷᠢᠶᠡᠨ ᠳᠠᠬᠢ ᠡᠮᠦᠨ᠎ᠡ ᠵᠠᠬ᠎ᠠ ᠶᠢᠨ ᠠᠰᠠᠭᠤᠳᠠᠯ ᠪᠠ ᠬᠦᠴᠢᠷ ᠥᠷᠢᠰᠥᠯᠳᠦᠭᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠠᠵᠢᠯᠲᠠᠳ ᠲᠤ ᠨᠢᠭᠡ ᠤᠳᠠᠭᠠᠨ ᠤ ᠪᠥᠬᠦ ᠲᠠᠯ᠎ᠠ ᠶᠢᠨ ᠪᠥᠭᠡᠳ ᠭᠦᠨᠵᠡᠭᠡᠶ ᠰᠤᠷᠤᠯᠴᠠᠵᠤ ᠳᠡᠭᠡᠭᠰᠢᠯᠡᠭᠦᠯᠬᠦ ᠠᠵᠠ ᠲᠣᠬᠢᠶᠠᠯ ᠣᠯᠭᠤᠭᠰᠠᠨ ᠪᠠᠶᠢᠨ᠎ᠠ᠃        ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠳᠡᠯᠮᠦᠷᠢ ᠶᠢᠨ ᠬᠠᠷᠢᠴᠠᠭ᠎ᠠ ᠶᠢ ᠮᠠᠭᠠᠳᠯᠠᠨ ᠲᠣᠭᠲᠠᠭᠠᠬᠤ ᠰᠤᠷᠤᠯᠴᠠᠯᠭ᠎ᠠ ᠳᠤ᠂ ᠪᠣᠯᠪᠠᠰᠤᠷᠠᠯ ᠨᠢ ᠶᠡᠭᠡ ᠬᠡᠮᠵᠢᠶᠡᠨ ᠤ ᠪᠣᠳᠠᠲᠠᠶ ᠬᠡᠷᠡᠭ ᠤᠨ ᠵᠢᠱᠢᠶ᠎ᠡ ᠶᠢᠨ ᠵᠠᠳᠠᠯᠤᠯᠲᠠ ᠪᠠᠷ ᠳᠠᠮᠵᠢᠭᠤᠯᠤᠨ᠂ ᠢᠨᠲ᠋ᠧᠷ ᠰᠦᠯᠵᠢᠶᠡᠨ ᠤ ᠲᠠᠪᠴᠠᠩ ᠤᠨ ᠠᠵᠤ ᠠᠬᠤᠶᠢᠯᠠᠯ ᠬᠢᠭᠡᠳ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠤᠨ ᠬᠤᠭᠤᠷᠣᠨᠳᠣᠬᠢ ᠨᠠᠷᠢᠨ ᠪᠤᠳᠤᠯᠢᠶᠠᠨᠲᠠᠶ ᠬᠥᠳᠡᠯᠮᠦᠷᠢ ᠶᠢᠨ ᠠᠵᠢᠯᠴᠢᠨ ᠬᠡᠷᠡᠭᠯᠡᠬᠦ ᠵᠠᠭᠪᠤᠷ ᠢ ᠭᠦᠨᠵᠡᠭᠡᠶ ᠵᠠᠳᠠᠯᠪᠠ᠃ ᠬᠥᠳᠡᠯᠮᠦᠷᠢ ᠶᠢᠨ ᠬᠠᠷᠢᠴᠠᠭ᠎ᠠ ᠶᠢ ᠮᠠᠭᠠᠳᠯᠠᠨ ᠲᠣᠭᠲᠠᠭᠠᠬᠤ ᠳᠤ ᠪᠣᠳᠠᠲᠤ ᠬᠡᠷᠡᠭ ᠢ ᠲᠡᠷᠢᠭᠦᠨ ᠳᠤ ᠲᠠᠯᠪᠢᠬᠤ ᠵᠠᠷᠴᠢᠮ ᠢ ᠵᠢᠷᠤᠮᠯᠠᠵᠤ᠂ ︽ᠬᠠᠷᠢᠶᠠᠲᠤ ᠴᠢᠨᠠᠷ + ᠬᠦᠴᠦᠨ ᠵᠦᠢᠯ ᠤᠨ ᠬᠡᠯᠪᠡᠷᠢ︾ ᠶᠢᠨ ᠰᠡᠳᠬᠢᠮᠵᠢ ᠶᠢ ᠬᠡᠷᠡᠭᠯᠡᠵᠦ᠂ ︽ᠬᠥᠮᠦᠨ ᠴᠢᠨᠠᠷ + ᠠᠵᠤ  ᠠᠬᠤᠢ ᠶᠢᠨ ᠬᠠᠷᠢᠶᠠᠲᠤ ᠴᠢᠨᠠᠷ + ᠵᠣᠬᠢᠶᠠᠨ ᠪᠠᠶᠢᠭᠤᠯᠤᠯᠲᠠ ᠶᠢᠨ ᠬᠠᠷᠢᠶᠠᠲᠤ ᠴᠢᠨᠠᠷ ︾ ᠵᠡᠷᠭᠡ  ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠵᠢᠱᠢᠶᠡᠯᠡᠪᠡᠯ ᠬᠥᠳᠡᠯᠮᠦᠷᠢ ᠶᠢᠨ ᠬᠠᠮᠢᠶᠠᠷᠤᠯᠲᠠ ᠶᠢᠨ ᠲᠦᠷᠢᠮ᠂ ᠬᠥᠯᠥᠰᠥ ᠣᠯᠭᠤᠮᠵᠢ ᠥᠭᠬᠦ ᠬᠡᠯᠪᠡᠷᠢ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠵᠡᠷᠭᠡ  ᠨᠢ ᠬᠤᠶᠠᠷ ᠲᠠᠯ᠎ᠠ ᠶᠢᠨ ᠪᠣᠲᠠᠲᠠᠢ ᠳᠡᠭᠡᠷᠡᠬᠢ ᠬᠠᠮᠢᠶᠠᠷᠤᠯᠲᠠ ᠪᠠ ᠬᠠᠮᠢᠶᠠᠷᠤᠯᠲᠠ ᠶᠢᠨ ᠬᠠᠷᠢᠴᠠᠭ᠎ᠠ ᠪᠠᠶᠢᠬᠤ ᠡᠰᠡᠬᠦ ᠶᠢ ᠣᠨᠣᠪᠴᠢᠲᠠᠶ ᠮᠠᠭᠠᠳᠯᠠᠬᠤ ᠶᠢ ᠲᠣᠳᠤᠷᠬᠠᠢ  ᠵᠢᠭᠠᠵᠤ ᠭᠠᠷᠭᠠᠪᠠ ᠃        ᠬᠠᠷᠢᠮᠠᠬᠠᠢ ᠴᠢᠨᠠᠷᠲᠠᠢ ᠠᠵᠢᠯ ᠠᠴᠠ ᠪᠠᠨ ᠪᠠᠭᠤᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ ᠲᠣᠬᠢᠶᠠᠯᠳᠤᠵᠤ ᠮᠡᠳᠡᠬᠦ ᠠᠰᠠᠭᠤᠳᠠᠯ ᠤᠨ ᠡᠮᠦᠨ᠎ᠡ᠂ ᠪᠣᠯᠪᠠᠰᠤᠷᠠᠯ ᠨᠢ ᠪᠠᠰᠠ ᠪᠦᠬᠦ ᠲᠠᠯ᠎ᠠ ᠪᠠᠷ ᠡᠮᠬᠢᠯᠡᠪᠡ᠃ ᠡᠭᠦᠨ ᠳᠤ ᠬᠠᠤᠯᠢ ᠪᠠᠷ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤ ᠵᠢᠯ ᠪᠣᠯ ᠨᠢᠭᠡᠨ ᠬᠤᠪᠢᠰᠤᠭᠴᠢ ᠬᠡᠮᠵᠢᠭᠳᠡᠬᠦᠨ᠂ ᠬᠤᠯᠪᠣᠭᠳᠠᠬᠤ ᠬᠠᠷᠢᠴᠠᠭᠤᠯᠭ᠎ᠠ ᠶᠢᠨ ᠬᠦᠰᠦᠨᠦᠭᠲᠦ ᠲᠠᠢ ᠬᠠᠷᠢᠴᠠᠭᠤᠯᠤᠨ ᠲᠣᠭᠲᠠᠭᠠᠬᠤ ᠴᠢᠬᠤᠯᠠᠲᠠᠶ︔ ᠬᠠᠷᠢᠮᠠᠬᠠᠶ ᠠᠵᠢᠯ ᠠᠴᠠ ᠪᠠᠨ ᠠᠮᠠᠷᠠᠬᠤ ᠶᠢ ᠠᠵᠢᠯᠲᠠᠨ ᠠᠵᠢᠯᠴᠢᠨ ᠰᠠᠨᠠᠭᠠᠴᠢᠯᠠᠭ᠎ᠠ ᠠᠴᠠ ᠪᠠᠨ ᠳᠤᠷᠠᠳᠴᠤ᠂ ᠭᠤᠷᠪᠠᠨ ᠰᠠᠷ᠎ᠠ ᠤᠷᠢᠳᠴᠢᠯᠠᠨ ᠬᠥᠮᠦᠨ ᠬᠡᠷᠡᠭᠯᠡᠬᠦ ᠨᠢᠭᠡᠴᠢ ᠳᠤ ᠮᠡᠳᠡᠭᠳᠡᠬᠦ ᠶᠢᠨ ᠬᠠᠮᠲᠤ ᠰᠦᠢᠳᠬᠡᠯ ᠲᠤᠰᠢᠶᠠᠬᠤ ᠣᠨ ᠤ ᠬᠢᠵᠠᠭᠠᠷ᠂ ᠤᠷᠢᠳᠴᠢᠯᠠᠭᠤᠯᠤᠭᠰᠠᠨ ᠵᠢᠯ ᠬᠤᠭᠤᠴᠠᠭ᠎ᠠ ᠪᠠ ᠨᠠᠰᠤ ᠵᠢᠯ ᠤᠨ ᠳᠣᠤᠷᠠᠳᠤ ᠬᠢᠵᠠᠭᠠᠷ ᠵᠡᠷᠭᠡ ᠨᠥᠬᠦᠴᠡᠯ ᠢ ᠬᠠᠩᠭᠠᠭᠰᠠᠨ ᠪᠠᠶᠢᠬᠤ ᠬᠡᠷᠡᠭᠲᠡᠢ ︔ ᠬᠠᠷᠢᠮᠠᠬᠠᠶ ᠴᠢᠨᠠᠷᠲᠠᠶ ᠬᠤᠶᠢᠰᠢᠯᠠᠭᠤᠯᠬᠤ ᠴᠢᠬᠤᠯᠠᠲᠠᠶ ᠪᠣᠯ ᠬᠥᠮᠦᠨ ᠬᠡᠷᠡᠭᠯᠡᠬᠦ ᠨᠢᠭᠡᠴᠢ ᠪᠣᠯᠤᠨ ᠠᠵᠢᠯᠲᠠᠨ ᠠᠵᠢᠯᠴᠢᠨ ᠵᠥᠪᠳᠡᠯᠴᠡᠭᠡᠳ ᠰᠠᠨᠠᠯ ᠨᠢᠭᠡᠲᠡᠶ ᠪᠠᠶᠢᠵᠤ᠂ ᠬᠤᠶᠢᠰᠢᠯᠠᠭᠤᠯᠬᠤ ᠴᠠᠭ ᠢ ᠪᠢᠴᠢᠭ ᠢᠶᠠᠷ ᠲᠣᠭᠲᠠᠭᠠᠨ᠎ᠠ᠂ ᠬᠤᠶᠢᠰᠢᠯᠠᠭᠤᠯᠤᠭᠰᠠᠨ ᠤ ᠳᠠᠷᠠᠭ᠎ᠠ ᠵᠥᠪᠳᠡᠯᠴᠡᠬᠦ ᠪᠠᠷ ᠳᠡᠮᠵᠢᠨ ᠤᠷᠢᠳᠴᠢᠯᠠᠨ ᠠᠵᠢᠯ ᠠᠴᠠ ᠪᠠᠨ ᠪᠠᠭᠤᠵᠤ ᠠᠮᠠᠷᠠᠵᠤ ᠪᠣᠯᠬᠤ ᠪᠣᠯᠪᠠᠴᠤ ᠳᠠᠬᠢᠨᠲᠠ ᠬᠤᠶᠢᠰᠢᠯᠠᠭᠤᠯᠵᠤ ᠪᠣᠯᠬᠤ ᠥᠬᠡᠶ ᠵᠡᠷᠭᠡ ᠶᠢ ᠲᠣᠳᠤᠷᠬᠠᠶᠢᠯᠠᠪᠠ ᠃        ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠰᠢᠭᠤᠶᠢᠲᠤ ᠲᠣᠭᠤᠷᠢᠭ ᠤᠨ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠠᠵᠢᠯᠲᠠᠳ ᠡᠯᠪᠡᠭ ᠬᠤᠷᠢᠶᠠᠯᠲᠠ ᠣᠯᠵᠤ᠂ ᠲᠤᠬᠠᠶᠢᠯᠠᠭᠰᠠᠨ ᠠᠵᠢᠯ ᠤᠨ ᠬᠠᠷᠠᠭ᠎ᠠ ᠪᠠᠨ ᠥᠷᠭᠡᠳᠬᠡᠭᠰᠡᠨ ᠢᠶᠠᠷ ᠪᠠᠷᠠᠬᠤ ᠥᠬᠡᠶ ᠪᠠᠰᠠ ᠨᠠᠷᠢᠨ ᠪᠤᠳᠤᠯᠢᠶᠠᠨᠲᠠᠶ ᠬᠥᠳᠡᠯᠮᠦᠷᠢ ᠶᠢᠨ ᠮᠠᠷᠭᠤᠯᠳᠤᠭᠠᠨ ᠢ ᠰᠢᠢᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠵᠡᠶ᠃ ᠢᠷᠡᠭᠡᠳᠦᠢ ᠳᠤ ᠬᠥᠨᠳᠡᠯᠡᠨ ᠠᠴᠠ ᠲᠠᠰᠤᠯᠬᠤ ᠬᠦᠷᠢᠶᠡᠯᠡᠩ ᠤᠨ ᠬᠢᠨ ᠰᠣᠷᠣᠭᠰᠠᠨ ᠮᠡᠳᠡᠯᠭᠡ ᠪᠠᠨ ᠪᠣᠳᠠᠲᠠᠢ ᠠᠵᠢᠯ ᠤᠨ ᠳᠤᠮᠳᠠ ᠪᠠᠨ ᠭᠦᠢᠴᠡᠳ ᠬᠡᠷᠡᠭᠯᠡᠵᠦ᠂ ᠬᠥᠳᠡᠯᠮᠦᠷᠢ ᠶᠢᠨ ᠬᠥᠨᠳᠡᠯᠡᠨ ᠠᠴᠠ ᠲᠠᠰᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠢᠭᠤᠶᠢᠲᠤ ᠲᠣᠭᠤᠷᠢᠭ ᠤᠨ ᠬᠥᠳᠡᠯᠮᠦᠷᠢ ᠶᠢᠨ ᠬᠠᠷᠢᠴᠠᠭ᠎ᠠ ᠶᠢᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠬᠤ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ ᠃ 
 
ᠢᠷᠡᠯᠲᠡ᠄ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号