2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠂ ᠮᠠᠨ ᠤ ᠬᠤᠲᠠ ᠶᠢᠨ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠬᠢᠷᠢ ᠬᠡᠮ ᠢ ᠭᠡᠷᠡᠴᠢᠯᠡᠬᠦ ᠦᠶᠡᠯᠡᠯ ᠤᠨ ᠬᠤᠭᠤᠴᠠᠭ᠎ᠠ ᠶᠢ ᠤᠤᠯ ᠤᠨ | 12 ᠰᠠᠷ᠎ᠠ ᠪᠠᠶᠢᠭᠰᠠᠨ ᠠᠴᠠ ᠨᠢ 6 ᠰᠠᠷ᠎ᠠ ᠪᠣᠯᠭᠠᠨ ᠲᠣᠬᠢᠷᠠᠭᠤᠯᠪᠠ ᠃ ᠡᠨᠡ ᠬᠦ ᠠᠷᠭ᠎ᠠ ᠬᠡᠮᠵᠢᠶ᠎ᠡ ᠨᠢ ᠨᠠᠰᠤᠵᠢᠯ ᠤᠨ | ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠵᠤ ᠂ ᠨᠠᠰᠤᠵᠢᠯ ᠤᠨ ᠠᠰᠠᠷᠠᠮᠵᠢ ᠶᠢᠨ ᠮᠥᠩᠭᠦ ᠨᠢᠭᠡᠪᠦᠷᠢ ᠶᠢ ᠴᠥᠮ ᠨᠥᠬᠦᠴᠡᠯ ᠳᠤ ᠨᠡᠶᠢᠴᠡᠬᠦ | ᠠᠵᠢᠯ ᠠᠴᠠ ᠪᠠᠨ ᠠᠮᠠᠷᠠᠭᠰᠠᠳ ᠤᠨ ᠭᠠᠷ ᠲᠤ ᠣᠨᠣᠪᠴᠢᠲᠠᠶ ᠣᠯᠭᠤᠬᠤ ᠶᠢ ᠪᠠᠲᠤᠯᠠᠬᠤ ᠶᠢᠨ ᠲᠥᠯᠥᠭᠡ ᠶᠤᠮ ᠃ | ᠰᠢᠨ᠎ᠡ ᠲᠣᠭᠲᠠᠭᠠᠯ ᠶᠣᠰᠣᠭᠠᠷ ᠂ ᠬᠡᠷᠪᠡ ᠠᠵᠢᠯ ᠠᠴᠠ ᠪᠠᠨ ᠠᠮᠠᠷᠠᠭᠰᠠᠳ 6 ᠰᠠᠷ᠎ᠠ ᠬᠡᠲᠦᠷᠡᠭᠰᠡᠨ ᠪᠠᠶᠢᠲᠠᠯ᠎ᠠ | ᠭᠡᠷᠡᠴᠢᠯᠡᠭᠡ ᠦᠭᠡᠶ ᠪᠣᠯ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠠᠶᠠᠨᠳᠠᠭᠠᠨ ᠵᠣᠭᠰᠣᠭᠠᠵᠤ ᠂ ᠭᠡᠷᠡᠴᠢᠯᠡᠵᠦ | ᠪᠠᠷᠠᠭᠰᠠᠨ ᠤ ᠳᠠᠷᠠᠭ᠎ᠠ ᠂ ᠣᠯᠭᠤᠮᠵᠢ ᠶᠢ ᠰᠡᠷᠭᠦᠭᠡᠨ᠎ᠡ ᠃ ᠠᠵᠢᠯ ᠠᠴᠠ ᠪᠠᠨ ᠠᠮᠠᠷᠠᠭᠰᠠᠳ ᠭᠠᠷ ᠣᠳᠠᠰᠣ ᠳᠡᠭᠡᠷ᠎ᠡ | ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ APP ᠪᠠ ᡁᠢ | ᠹᠦ᠋ ᠪᠣᠣ APP ᠶᠢ ᠪᠠᠭᠤᠯᠭᠠᠨ ᠠᠪᠴᠤ ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ APP ᠳᠤ ᠣᠷᠣᠵᠤ ᠂ ᠬᠢᠷᠢ ᠬᠡᠮ ᠤᠨ ᠭᠡᠷᠡᠴᠢᠯᠡᠯ ᠢ ᠳᠣᠶ᠋ᠢᠵᠦ᠂ ᠬᠤᠪᠢ ᠬᠥᠮᠦᠨ ᠤ | ᠮᠡᠳᠡᠭᠡ ᠵᠠᠩᠭᠢ ᠶᠢ ᠣᠷᠣᠭᠤᠯᠵᠤ ᠂ ᠬᠠᠮᠤᠭ ᠰᠡᠭᠦᠯ ᠳᠤ ᠴᠢᠷᠠᠶ ᠪᠠᠨ ᠰᠢᠷᠪᠢᠪᠡᠯ᠂ ᠳᠠᠷᠣᠢ ᠭᠡᠷᠡᠴᠢᠯᠡᠵᠦ ᠳᠡᠶᠢᠯᠦᠭᠰᠡᠨ | ᠪᠣᠯᠤᠨ᠎ᠠ᠃ | ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠨᠢ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠰᠢᠰᠲ᠋ᠧᠮ ᠤᠨ ᠭᠤᠣᠯ ᠭᠤᠭᠴᠤᠭ᠎ᠠ ᠪᠣᠯᠤᠭᠰᠠᠨ ᠤ ᠬᠤᠪᠢ ᠳᠤ ᠂ ᠳᠠᠪᠬᠤᠷ ᠡᠭᠦᠷᠭᠡ ᠶᠢ | ᠡᠭᠦᠷᠭᠡᠯᠡᠵᠦ ᠪᠠᠶᠢᠨ᠎ᠠ ᠃ ᠨᠢᠭᠡ ᠲᠠᠯ᠎ᠠ ᠪᠠᠷ ᠂ ᠴᠢᠩᠭ᠎ᠠ ᠨᠢᠮᠪᠠᠶ ᠭᠡᠷᠡᠴᠢᠯᠡᠬᠦ ᠪᠠᠷ ᠳᠠᠮᠵᠢᠭᠤᠯᠤᠨ ᠂ ᠨᠠᠰᠤᠵᠢᠯ ᠤᠨ | ᠠᠰᠠᠷᠠᠮᠵᠢ ᠶᠢᠨ ᠰᠠᠭᠤᠷᠢ ᠮᠥᠩᠭᠦ ᠶᠢ ᠣᠷᠣᠯᠠᠨ ᠠᠪᠬᠤ ᠂ ᠮᠡᠬᠡᠯᠡᠨ ᠠᠪᠬᠤ ᠦᠵᠡᠭᠳᠡᠯ ᠢ ᠪᠦᠲᠦᠮᠵᠢᠲᠡᠶ ᠰᠡᠷᠭᠡᠶᠢᠯᠡᠵᠦ ᠂ | ᠰᠠᠭᠤᠷᠢ ᠮᠥᠩᠭᠦ ᠶᠢᠨ ᠠᠮᠤᠷ ᠲᠦᠪᠰᠢᠨ ᠢ ᠰᠠᠬᠢᠨ ᠬᠠᠮᠠᠭᠠᠯᠠᠨ᠎ᠠ ; ᠨᠥᠭᠦᠭᠡ ᠲᠠᠯ᠎ᠠ ᠪᠠᠷ ᠂ ᠨᠥᠬᠦᠴᠡᠯ ᠳᠤ | ᠨᠡᠶᠢᠴᠡᠬᠦ ᠨᠠᠰᠤᠲᠠᠶᠢᠴᠤᠳ ᠨᠢᠭᠡᠪᠦᠷᠢ ᠴᠥᠮ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠴᠠᠭ ᠲᠤᠬᠠᠶ ᠳᠤ ᠨᠢ | ᠲᠤᠭ᠎ᠠ ᠶᠣᠰᠣᠭᠠᠷ ᠤᠯᠬᠤ ᠶᠢ ᠪᠠᠲᠤᠯᠠᠵᠤ ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ ᠃ | ᠭᠡᠷᠡᠴᠢᠯᠡᠯ ᠤᠨ ᠦᠶᠡᠯᠡᠯ ᠤᠨ ᠬᠤᠭᠤᠴᠠᠭ᠎ᠠ ᠶᠢ ᠨᠢᠭᠡ ᠵᠢᠯ ᠨᠢᠭᠡ ᠤᠳᠠᠭ᠎ᠠ ᠠᠴᠠ ᠨᠢᠭᠡ ᠵᠢᠯ ᠬᠤᠶᠠᠷ ᠤᠳᠠᠭ᠎ᠠ | ᠪᠣᠯᠬᠤ ᠪᠠᠷ ᠲᠣᠬᠢᠷᠠᠭᠤᠯᠤᠯᠲᠠ ᠬᠢᠬᠦ ᠠᠯᠪᠠᠨ ᠵᠠᠷ ᠤᠨ ᠨᠡᠶᠢᠲᠡᠯᠡᠬᠦ ᠶᠢ ᠳᠠᠭᠠᠯᠳᠤᠨ ᠂ ᠰᠢᠭᠤᠶᠢᠲᠤ ᠣᠷᠣᠨ ᠤ ᠨᠡᠶᠢᠭᠡᠮ | ᠤᠨ ᠪᠠᠲᠤᠯᠠᠭ᠎ᠠ ᠶᠢᠨ ᠶᠡᠭᠡ ᠲᠢᠩᠬᠢᠮ ᠳᠤ ᠲᠤᠬᠠᠶᠢᠯᠠᠭᠰᠠᠨ ᠠᠵᠢᠯ ᠭᠦᠢᠴᠡᠳᠭᠡᠬᠦ ᠣᠷᠭᠢᠯ ᠢ ᠤᠭᠲᠤᠨ ᠠᠪᠴᠢᠷᠠᠵᠤ ᠂ | ᠡᠳᠦᠷ ᠪᠦᠷᠢ ᠭᠡᠷᠡᠴᠢᠯᠡᠯ ᠬᠢᠵᠦ ᠪᠠᠶᠢᠭ᠎ᠠ ᠠᠵᠢᠯ ᠠᠴᠠ ᠪᠠᠨ ᠠᠮᠠᠷᠠᠭᠰᠠᠳ ᠤᠨ ᠲᠤᠭ᠎ᠠ ᠢᠯᠡᠳᠲᠡ ᠨᠡᠮᠡᠭᠳᠡᠪᠡ ᠃ | ᠡᠨᠡ ᠬᠦ ᠬᠤᠪᠢᠷᠠᠯᠲᠠ ᠶᠢ ᠢᠳᠡᠪᠬᠢᠲᠡᠶ ᠠᠷᠭᠠᠴᠠᠬᠤ ᠶᠢᠨ ᠲᠥᠯᠥᠭᠡ ᠂ ᠰᠢᠭᠤᠶᠢᠲᠤ ᠣᠷᠣᠨ ᠤ ᠨᠡᠶᠢᠭᠡᠮ ᠤᠨ | ᠪᠠᠲᠤᠯᠠᠭ᠎ᠠ ᠶᠢᠨ ᠲᠢᠩᠬᠢᠮ ᠦᠳᠲᠡᠷ ᠲᠦᠷᠭᠡᠨ ᠬᠥᠳᠡᠯᠦᠯᠴᠡᠵᠦ ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ | ᠬᠥᠮᠦᠰ ᠢ ᠰᠠᠯᠭᠠᠨ ᠲᠣᠬᠢᠷᠠᠭᠤᠯᠬᠤ ᠠᠷᠭ᠎ᠠ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠪᠡ ᠃ ᠣᠶᠤᠨᠯᠢᠭ ᠭᠠᠷ ᠤᠲᠠᠰᠤ | ᠥᠬᠡᠶ ᠂ ᠡᠰᠡᠬᠦᠯ᠎ᠡ ᠰᠦᠯᠵᠢᠶᠡᠨ ᠳᠡᠭᠡᠷᠡᠬᠢ ᠭᠡᠷᠡᠴᠢᠯᠡᠯ ᠤᠨ ᠠᠵᠢᠯᠯᠠᠭ᠎ᠠ ᠶᠢ ᠰᠠᠶᠢᠨ ᠮᠡᠳᠡᠬᠦ ᠥᠬᠡᠶ ᠠᠵᠢᠯ ᠠᠴᠠ ᠪᠠᠨ | ᠠᠮᠠᠷᠠᠭᠰᠠᠳ ᠲᠤ ᠶᠡᠭᠡ ᠲᠢᠩᠬᠢᠮ ᠠᠴᠠ ᠲᠤᠬᠠᠶᠢᠯᠠᠭᠰᠠᠨ ᠠᠵᠢᠯ ᠳᠤ ᠪᠠᠨ ᠴᠠᠭᠠᠷᠠᠭᠰᠠᠨ ᠂ ᠦᠢᠯᠡᠴᠢᠯᠡᠭᠡᠨ ᠤ | ᠬᠠᠯᠠᠭᠤᠮᠰᠤᠭ ᠠᠵᠢᠯᠲᠠᠨ ᠢ ᠳᠣᠭᠢᠷᠠᠭᠤᠯᠵᠤ ᠂ ᠲᠡᠳᠡᠨ ᠳᠤ ᠪᠥᠬᠦ ᠶᠠᠪᠤᠴᠠ ᠶᠢᠨ ᠬᠥᠲᠥᠯᠦᠨ ᠵᠢᠯᠣᠭᠤᠳᠬᠤ | ᠦᠢᠯᠡᠴᠢᠯᠡᠭᠡ ᠬᠠᠩᠭᠠᠭᠰᠠᠨ ᠪᠠᠶᠢᠨ᠎ᠠ ᠃ ᠠᠵᠢᠯᠲᠠᠳ ᠨᠢᠭᠡ ᠳᠤ ᠨᠢᠭᠡ ᠶᠢᠨ ᠠᠷᠭ᠎ᠠ ᠮᠠᠶ᠋ᠢᠭ ᠢᠶᠠᠷ ᠭᠠᠷ ᠢᠶᠠᠷ ᠢᠶᠠᠨ | ᠡᠳᠡᠭᠡᠷ ᠠᠵᠢᠯ ᠠᠴᠠ ᠪᠠᠨ ᠠᠮᠠᠷᠠᠭᠰᠠᠳ ᠢ ᠬᠠᠪᠰᠤᠷᠤᠨ ᠭᠡᠷᠡᠴᠢᠯᠡᠭᠡ ᠶᠢᠨ ᠠᠵᠢᠯᠯᠠᠭ᠎ᠠ ᠶᠢ ᠪᠡᠶᠡᠯᠡᠭᠦᠯᠵᠦ ᠂ ᠲᠡᠳᠡᠨ ᠤ | ᠭᠡᠷᠡᠴᠢᠯᠡᠭᠡ ᠪᠠᠨ ᠤᠷᠤᠭᠰᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠪᠠ ᠃ | ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠤᠨ ᠮᠠᠳᠠᠭ ᠲᠠᠢ ᠠᠵᠢᠯ ᠠᠴᠠ ᠪᠠᠨ | ᠠᠮᠠᠷᠠᠭᠰᠠᠳ ᠲᠤ ᠬᠠᠨᠳᠤᠭᠤᠯᠤᠨ ᠂ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠵᠢᠯᠲᠠᠳ ᠨᠠᠷᠢᠨ ᠬᠢᠨᠠᠮᠠᠭᠠᠶ | ᠬᠠᠷᠢᠭᠤᠴᠠᠬᠤ ᠣᠪᠣᠷ ᠢ ᠪᠠᠷᠢᠮᠲᠠᠯᠠᠵᠤ ᠂ ᠲᠡᠳᠡᠨ ᠤ ᠠᠰᠠᠭᠤᠳᠠᠯ ᠨᠢᠭᠡᠪᠦᠷᠢ ᠶᠢ ᠬᠦᠯᠢᠴᠡᠩᠭᠦᠶ ᠪᠠᠷ ᠨᠠᠷᠢᠨ ᠨᠢᠮᠪᠠᠶ | ᠬᠠᠷᠢᠭᠤᠯᠪᠠ ᠃ ᠭᠡᠷᠡᠴᠢᠯᠡᠯ ᠤᠨ ᠶᠠᠪᠤᠴᠠ ᠶᠢᠨ ᠲᠤᠬᠠᠶ ᠯᠠᠪᠯᠠᠯᠭ᠎ᠠ ᠭᠡᠰᠡᠨ ᠦᠭᠡᠢ ᠂ ᠡᠰᠡᠬᠦᠯ᠎ᠡ ᠨᠠᠰᠤᠵᠢᠯ ᠤᠨ | ᠠᠰᠠᠷᠠᠮᠵᠢ ᠶᠢᠨ ᠮᠥᠩᠭᠦ ᠲᠠᠷᠬᠠᠭᠠᠬᠤ ᠲᠥᠷᠥ ᠶᠢᠨ ᠪᠣᠳᠣᠯᠭ᠎ᠠ ᠳᠤ ᠰᠡᠵᠢᠭ ᠲᠠᠢ ᠴᠤ ᠲᠡᠷᠡ ᠂ ᠠᠵᠢᠯᠲᠠᠳ ᠴᠥᠮ | ᠲᠥᠬᠦᠮ ᠣᠶᠢᠯᠠᠭᠠᠮᠵᠢᠲᠠᠶ ᠲᠠᠶᠢᠯᠪᠤᠷᠢᠯᠠᠯᠲᠠ ᠪᠠᠷ ᠳᠠᠮᠵᠢᠭᠤᠯᠤᠨ ᠂ ᠠᠵᠢᠯ ᠠᠴᠠ ᠪᠠᠨ ᠠᠮᠠᠷᠠᠭᠰᠠᠳ ᠤᠨ ᠰᠡᠳᠬᠢᠯ ᠤᠨ | ᠲᠥᠭᠡᠷᠢᠭᠳᠡᠯ ᠢ ᠠᠷᠢᠯᠭᠠᠵᠤ ᠂ ᠲᠡᠳᠡᠨ ᠳᠤ ᠭᠡᠷᠡᠴᠢᠯᠡᠯ ᠤᠨ ᠬᠤᠯᠪᠣᠭᠳᠠᠯ ᠪᠥᠬᠦᠶ ᠤᠴᠢᠷ ᠶᠠᠪᠤᠳᠠᠯ ᠢ ᠲᠣᠳᠣᠷᠬᠠᠶ | ᠣᠶᠢᠯᠠᠭᠠᠭᠤᠯᠤᠨ᠎ᠠ ᠃ | ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠢ ᠭᠡᠷᠡᠴᠢᠯᠡᠬᠦ ᠠᠵᠢᠯ ᠨᠢ ᠂ ᠠᠵᠢᠯ ᠠᠴᠠ ᠪᠠᠨ ᠠᠮᠠᠷᠠᠭᠰᠠᠨ | ᠬᠥᠮᠦᠨ ᠨᠢᠭᠡᠪᠦᠷᠢ ᠶᠢᠨ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭᠳᠠᠵᠤ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠬᠤ ᠴᠢᠬᠤᠯᠠ ᠡᠭᠦᠷᠭᠡ ᠪᠣᠯᠤᠨ᠎ᠠ ᠃ ᠰᠢᠭᠤᠶᠢᠳᠦ ᠲᠣᠭᠤᠷᠢᠭ ᠤᠨ | ᠨᠡᠶᠢᠭᠡᠮ ᠤᠨ ᠪᠠᠲᠤᠯᠠᠭ᠎ᠠ ᠶᠢᠨ ᠶᠡᠭᠡ ᠲᠢᠩᠬᠢᠮ ᠨᠢ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ | ᠬᠠᠩᠭᠠᠬᠤ ᠪᠠᠷ ᠳᠠᠮᠵᠢᠭᠤᠯᠤᠨ ᠂ ᠠᠵᠢᠯ ᠠᠴᠠ ᠪᠠᠨ ᠠᠮᠠᠷᠠᠭᠰᠠᠨ ᠨᠠᠰᠣᠲᠠᠶᠢᠴᠣᠳ ᠲᠤ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠪᠣᠯᠤᠨ ᠨᠡᠢᠭᠡᠮ ᠤᠨ ᠬᠠᠶᠢᠷ᠎ᠠ ᠬᠠᠯᠠᠮᠵᠢ ᠶᠢ ᠦᠨᠡᠨ ᠬᠦ ᠣᠶᠢᠯᠠᠭᠠᠭᠤᠯᠵᠤ᠂ ᠠᠵᠢᠯ ᠠᠴᠠ ᠪᠠᠨ | ᠠᠮᠠᠷᠠᠭᠰᠠᠨ ᠬᠥᠮᠦᠰ ᠤᠨ ᠵᠣᠯ ᠵᠢᠷᠭᠠᠯ ᠤᠨ ᠲᠥᠷᠥᠭᠳᠡᠯ ᠢ ᠨᠡᠮᠡᠭᠳᠡᠭᠦᠯᠪᠡ ᠃ ᠢᠷᠡᠭᠡᠳᠦᠢ ᠶᠢᠨ ᠠᠵᠢᠯ ᠤᠨ ᠳᠤᠮᠳᠠ ᠂ | ᠰᠢᠭᠤᠶᠢᠲᠦ ᠲᠣᠭᠤᠷᠢᠭ ᠤᠨ ᠨᠡᠶᠢᠭᠡᠮ ᠤᠨ ᠪᠠᠲᠤᠯᠠᠭ᠎ᠠ ᠶᠢᠨ ᠶᠡᠭᠡ ᠲᠢᠩᠬᠢᠮ ᠨᠢ ᠦᠢᠯᠡᠴᠢᠯᠡᠭᠡ ᠪᠠᠨ ᠦᠷᠭᠦᠯᠵᠢᠯᠡᠨ | ᠰᠢᠯᠢᠳᠡᠭᠵᠢᠭᠦᠯᠵᠦ ᠂ ᠠᠵᠢᠯ ᠠᠴᠠ ᠪᠠᠨ ᠠᠮᠠᠷᠠᠭᠰᠠᠨ ᠬᠥᠮᠦᠰ ᠲᠤ ᠨᠡᠩ ᠳᠥᠭᠦᠮ ᠲᠦᠳᠡ ᠂ ᠳᠣᠲᠣᠨᠣ | ᠪᠠᠲᠤᠯᠠᠭ᠎ᠠ ᠶᠢᠨ ᠦᠢᠯᠡᠴᠢᠯᠡᠭᠡ ᠬᠠᠩᠭᠠᠬᠤ ᠪᠣᠯᠤᠨ᠎ᠠ ᠃ | |